| | ᠰᠤᠷᠪᠤᠯᠵᠢᠯᠠᠭᠰᠠᠨ ᠴᠠᠭ᠄ 2015 ᠣᠨ ᠤ10 ᠳ᠋ᠤᠭᠠᠷ ᠰᠠᠷ᠎ᠠ ᠶᠢᠨ 30 ᠤ ᠡᠳᠦᠷ ᠤᠨ 10 ᠴᠠᠭ | ᠰᠣᠷᠪᠤᠯᠵᠢᠯᠠᠭᠰᠠᠨ ᠵᠣᠴᠢᠨ᠄ ᠦᠪᠡᠷᠲᠡᠭᠡᠨ ᠵᠠᠰᠠᠬᠤ ᠤᠷᠤᠨ ᠤ ᠬᠦᠭᠵᠢᠭᠦᠯᠦᠯᠲᠡ ᠦᠭᠡᠷᠴᠢᠯᠡᠯᠲᠡ ᠶᠢᠨ ᠵᠦᠪᠯᠡᠯ ᠤᠨ ᠳᠡᠳ᠋ ᠡᠷᠬᠢᠯᠡᠭᠴᠢ ᠸᠧᠢ ᠰᠢᠶᠣᠣ ᠮᠢᠩ | ᠰᠣᠷᠪᠤᠯᠵᠢᠯᠠᠭᠰᠠᠨ ᠲᠣᠪᠴᠢ ᠲᠠᠨᠢᠯᠴᠠᠭᠤᠯᠭ᠎ᠠ ᠄ | 10 ᠳ᠋ᠤᠭᠠᠷ ᠰᠠᠷ᠎ᠠ ᠶᠢᠨ 27 ᠤ ᠡᠳᠦᠷ᠂ ︽ᠲᠠᠯ᠎ᠠ ᠨᠤᠲᠤᠭ᠂ ᠲᠣᠷᠭᠠᠨ ᠵᠠᠮ ᠢᠶᠠᠷ ᠬᠠᠮᠲᠤ ᠠᠶᠠᠯᠠᠨ᠂ ᠬᠤᠯᠪᠤᠭᠠᠯᠠᠵᠤ ᠬᠠᠮᠲᠤᠷᠠᠨ ᠬᠦᠭᠵᠢᠭᠦᠯᠬᠦ ᠬᠤᠩᠭᠢᠯ︾ | ᠢᠶᠠᠷ ᠭᠤᠣᠯ ᠰᠡᠳᠦᠪ ᠪᠣᠯᠭᠠᠵᠤ᠂ 5 ᠡᠳᠦᠷ ᠶᠠᠪᠤᠭᠳᠠᠭᠰᠠᠨ ᠳᠤᠮᠳᠠᠳᠤ ᠮᠣᠩᠭᠤᠯ ᠬᠤᠶᠠᠷ ᠤᠯᠤᠰ ᠤᠨ ᠠᠩᠬᠠᠳᠠᠭᠴᠢ ᠤᠳᠠᠭ᠎ᠠ ᠶᠢᠨ ᠳᠡᠯᠭᠡᠨ ᠦᠵᠡᠭᠦᠯᠦᠯᠭᠡ ᠶᠢᠨ | ᠴᠤᠭᠯᠠᠭᠠᠨ ᠮᠠᠨ ᠤ ᠤᠷᠤᠨ ᠳᠤ ᠠᠮᠵᠢᠯᠲᠠ ᠲᠠᠢ ᠦᠨᠳᠦᠷᠯᠡᠪᠡ᠃ ᠡᠨᠡ ᠪᠣᠯ ᠳᠤᠮᠳᠠᠳᠤ ᠮᠣᠩᠭᠤᠯ ᠬᠤᠶᠠᠷ ᠤᠯᠤᠰ ᠤᠨ ᠬᠡᠪᠴᠢᠶ᠎ᠡ ᠪᠠᠷ ᠬᠠᠮᠤᠭ ᠶᠡᠭᠡ᠂ ᠬᠡᠪ | ᠪᠠᠷᠢᠮᠵᠢᠶ᠎ᠠ ᠪᠠᠷ ᠬᠠᠮᠤᠭ ᠤᠨ ᠥᠨᠳᠥᠷ᠂ ᠦᠷ᠎ᠡ ᠪᠦᠲᠦᠮᠵᠢ ᠪᠠᠷ ᠬᠠᠮᠤᠭ ᠤᠨ ᠪᠠᠶᠠᠯᠢᠭ ᠰᠣᠯᠢᠯᠴᠠᠭ᠎ᠠ ᠬᠠᠮᠲᠤᠷᠠᠯᠴᠠᠭ᠎ᠠ ᠶᠢᠨ ᠲᠡᠤᠬᠡᠨ ᠳᠤ ᠦᠭᠡᠢ ᠠᠵᠢᠯᠯᠠᠭ᠎ᠠ ᠮᠦᠨ᠂ | ᠨᠡᠩ ᠴᠦ ᠮᠠᠨ ᠤ ᠤᠯᠤᠰ ᠤᠨ ᠤᠮᠠᠷᠠᠰᠢ ᠨᠡᠬᠡᠬᠡᠯᠲᠡ ᠶᠢ ᠲᠦᠯᠬᠢᠨ ᠠᠬᠢᠭᠤᠯᠵᠤ᠂ ︽ᠨᠢᠭᠡ ᠪᠦᠰᠡ ᠨᠢᠭᠡ ᠵᠠᠮ︾ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠬᠤ | ᠠᠶᠠᠨ ᠵᠠᠮ ᠳᠤᠮᠳᠠ ᠰᠢᠨ᠎ᠡ ᠳᠣᠬᠢᠶᠠᠯ ᠢ ᠪᠣᠢ ᠪᠣᠯᠭᠠᠵᠤ᠂ ᠰᠢᠨ᠎ᠡ ᠢᠷᠡᠭᠡᠳᠦᠢ ᠶᠢ ᠲᠣᠳᠤᠷᠠᠭᠤᠯᠤᠭᠰᠠᠨ ᠤᠷᠢᠳ ᠭᠠᠷᠤᠭ᠎ᠠ ᠦᠭᠡᠢ ᠦᠪᠡᠳᠡᠭᠰᠢ ᠶᠡᠭᠡ ᠬᠤᠷᠠᠯ ᠪᠣᠯᠤᠨ᠎ᠠ | ᠃ ᠲᠤᠰ ᠤᠳᠠᠭ᠎ᠠ ᠶᠢᠨ ᠳᠡᠯᠭᠡᠨ ᠦᠵᠡᠭᠦᠯᠦᠯᠭᠡ ᠶᠢᠨ ᠴᠤᠭᠯᠠᠭᠠᠨ ᠤ ᠬᠤᠭᠤᠴᠠᠭᠠᠨ ᠳᠤ᠂ ᠪᠡᠯᠡ ᠣᠷᠣᠭᠤᠯᠤᠯᠲᠠ ᠶᠢᠨ ᠠᠷᠠᠯᠵᠢᠶ᠎ᠠ ᠶᠢᠨ ᠵᠦᠪᠳᠡᠯᠴᠡᠭᠡᠷ᠂ ᠬᠤᠷᠠᠯ ᠤᠨ | ᠶᠠᠷᠢᠶᠠᠨ ᠤ ᠲᠠᠪᠴᠠᠩ᠂ ᠳᠡᠯᠭᠡᠨ ᠦᠵᠡᠭᠦᠯᠦᠯᠭᠡ᠂ ᠰᠤᠶᠤᠯ ᠤᠨ ᠰᠣᠯᠢᠯᠴᠠᠭ᠎ᠠ ᠵᠡᠷᠭᠡ ᠳᠥᠷᠪᠡᠨ ᠶᠡᠭᠡ ᠬᠡᠰᠡᠭ ᠤᠨ ᠨᠡᠶᠢᠲᠡ 32 ᠵᠦᠢᠯ ᠤᠨ ᠪᠣᠳᠠᠲᠤ ᠠᠵᠢᠯᠯᠠᠭ᠎ᠠ | ᠶᠠᠪᠤᠭᠳᠠᠭᠤᠯᠵᠤ᠂ ᠡᠯ᠎ᠡ ᠲᠦᠷᠦᠯ ᠤᠨ ᠬᠠᠮᠲᠤᠷᠠᠯᠴᠠᠭ᠎ᠠ ᠶᠢᠨ ᠵᠥᠪᠯᠡᠯᠴᠡᠭᠡᠷ 166 ᠵᠦᠢᠯ ᠳᠤ ᠭᠠᠷ ᠤᠨ ᠦᠰᠦᠭ ᠵᠢᠷᠤᠵᠤ᠂ ᠵᠥᠪᠯᠡᠯᠴᠡᠭᠡᠷ ᠤᠨ ᠪᠡᠯᠡ | ᠤᠷᠤᠭᠤᠯᠤᠯᠲᠠ ᠨᠢ 1485.9 ᠳ᠋ᠦᠩᠰᠢᠭᠤᠷ ᠲᠦᠭᠦᠷᠢᠭ ᠲᠤ ᠬᠦᠷᠪᠡ᠃ | | ᠬᠦᠲᠦᠯᠦᠭᠴᠢ᠄ | ᠰᠦᠯᠵᠢᠶᠡᠨ ᠠᠨᠳᠠ ᠨᠡᠷ ᠰᠠᠶᠢᠨ ᠪᠠᠶᠢᠵᠠᠭᠠᠨᠠᠤ︕ ᠲᠠ ᠪᠦᠬᠦᠨ ᠲᠤᠰ ᠬᠤᠭᠤᠴᠠᠭᠠᠨ ᠤ ︽ᠳᠤᠮᠳᠠᠳᠤ ᠤᠯᠤᠰ ᠥᠪᠥᠷ ᠮᠣᠩᠭᠤᠯ︾ ᠰᠦᠯᠵᠢᠶᠡᠨ ᠳᠡᠭᠡᠷᠡᠬᠢ | ᠰᠤᠷᠪᠤᠯᠵᠢᠯᠠᠭ᠎ᠠ ᠶᠢ ᠬᠦᠯᠢᠶᠡᠨ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠳᠤᠮᠳᠠᠳᠤ ᠮᠣᠩᠭᠤᠯ ᠬᠤᠶᠠᠷ ᠤᠯᠤᠰ ᠤᠨ ᠠᠩᠬᠠᠳᠠᠭᠴᠢ ᠤᠳᠠᠭ᠎ᠠ ᠶᠢᠨ ᠳᠡᠯᠭᠡᠨ | ᠦᠵᠡᠭᠦᠯᠦᠯᠭᠡ ᠶᠢᠨ ᠴᠤᠭᠯᠠᠭᠠᠨ 10 ᠳ᠋ᠤᠭᠠᠷ ᠰᠠᠷ᠎ᠠ ᠶᠢᠨ 27 ᠤ ᠡᠳᠦᠷ ᠠᠮᠵᠢᠯᠲᠠ ᠲᠠᠢ ᠦᠨᠳᠦᠷᠯᠡᠪᠡ᠃ ᠡᠯ᠎ᠡ ᠲᠦᠷᠦᠯ ᠤᠨ ᠬᠠᠮᠲᠤᠷᠠᠯᠴᠠᠭ᠎ᠠ ᠶᠢᠨ ᠵᠥᠪᠯᠡᠯᠴᠡᠭᠡᠷ | ᠨᠡᠶᠢᠲᠡ 166 ᠵᠦᠢᠯ ᠳᠤ ᠭᠠᠷ ᠤᠨ ᠦᠰᠦᠭ ᠵᠢᠷᠤᠵᠤ᠂ ᠬᠠᠮᠲᠤᠷᠠᠯᠴᠠᠭ᠎ᠠ ᠶᠢᠨ ᠲᠦᠷᠦᠯ ᠵᠦᠢᠯ ᠤᠨ ᠵᠦᠪᠯᠡᠯᠴᠡᠭᠡᠷ ᠤᠨ ᠪᠡᠯᠡ ᠤᠷᠤᠭᠤᠯᠤᠯᠲᠠ ᠨᠢ1485.9 | ᠳ᠋ᠦᠩᠰᠢᠭᠤᠷ ᠲᠦᠭᠦᠷᠢᠭ ᠲᠤ ᠬᠦᠷᠪᠡ᠃ ᠦᠨᠦᠳᠦᠷ ᠪᠢᠳᠡ ᠠᠵᠠ ᠲᠠᠢ ᠪᠠᠷ ᠲᠤᠰ ᠤᠳᠠᠭᠠᠨ ᠤ ᠳᠡᠯᠭᠡᠨ ᠦᠵᠡᠭᠦᠯᠦᠯᠭᠡ ᠶᠢᠨ ᠴᠤᠭᠯᠠᠭᠠᠨ ᠤ ︽ᠪᠡᠯᠡ | ᠣᠷᠣᠭᠤᠯᠤᠯᠲᠠ ᠶᠢᠨ ᠠᠷᠠᠯᠵᠢᠶ᠎ᠠ ᠶᠢᠨ ᠵᠦᠪᠳᠡᠯᠴᠡᠭᠡᠷ︾ ᠬᠡᠰᠡᠭ ᠤᠨ ᠬᠤᠯᠪᠤᠭᠳᠠᠯ ᠪᠦᠬᠦᠢ ᠬᠠᠷᠢᠭᠤᠴᠠᠯᠭᠠᠲᠠᠨ᠂ ᠪᠡᠯᠡ ᠣᠷᠣᠭᠤᠯᠤᠯᠲᠠ ᠶᠢᠨ ᠠᠷᠠᠯᠵᠢᠶ᠎ᠠ ᠶᠢᠨ | ᠵᠦᠪᠳᠡᠯᠴᠡᠭᠡᠷ ᠬᠡᠯᠲᠡᠰ ᠤᠨ ᠳᠡᠳ᠋ ᠳᠠᠷᠤᠭ᠎ᠠ᠂ ᠦᠪᠡᠷᠲᠡᠭᠡᠨ ᠵᠠᠰᠠᠬᠤ ᠤᠷᠤᠨ ᠤ ᠬᠦᠭᠵᠢᠭᠦᠯᠦᠯᠲᠡ ᠦᠭᠡᠷᠴᠢᠯᠡᠯᠲᠡ ᠶᠢᠨ ᠵᠦᠪᠯᠡᠯ ᠤᠨ ᠳᠡᠳ᠋ ᠡᠷᠬᠢᠯᠡᠭᠴᠢ ᠸᠧᠢ ᠰᠢᠶᠣᠣ | ᠮᠢᠩ ᠢ ᠤᠷᠢᠨ᠂ ︽ᠪᠡᠯᠡ ᠣᠷᠣᠭᠤᠯᠤᠯᠲᠠ ᠶᠢᠨ ᠠᠷᠠᠯᠵᠢᠶ᠎ᠠ ᠶᠢᠨ ᠵᠦᠪᠳᠡᠯᠴᠡᠭᠡᠷ︾ ᠤᠨ ᠬᠡᠰᠡᠭ ᠪᠠ ︽ᠳᠤᠮᠳᠠᠳᠤ ᠮᠣᠩᠭᠤᠯ ᠬᠤᠶᠠᠷ ᠤᠯᠤᠰ ᠤᠨ ᠪᠡᠯᠡ | ᠤᠷᠤᠭᠤᠯᠤᠯᠲᠠ ᠶᠢᠨ ᠣᠷᠴᠢᠨ ᠲᠣᠭᠤᠷᠢᠨ ᠪᠣᠯᠤᠨ ᠭᠤᠣᠯᠳᠠᠯᠭᠠᠲᠤ ᠲᠦᠷᠦᠯ ᠵᠦᠢᠯ ᠢ ᠲᠠᠨᠢᠯᠴᠠᠭᠤᠯᠬᠤ ᠬᠤᠷᠠᠯ︾ ᠤᠨ ᠪᠠᠶᠢᠳᠠᠯ ᠢ ᠰᠦᠯᠵᠢᠶᠡᠨ ᠤ ᠠᠨᠳᠠ ᠨᠠᠷ ᠲᠠᠢ | ᠵᠣᠭᠤᠭᠳᠠᠭᠤᠯᠬᠤ ᠪᠠᠷ ᠪᠣᠯᠪᠠ᠃ ᠸᠧᠢ ᠡᠷᠬᠢᠯᠡᠭᠴᠢ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕ | ᠸᠧᠢ ᠰᠢᠶᠣᠣ ᠮᠢᠩ᠄ | ᠬᠦᠲᠦᠯᠦᠭᠴᠢ ᠰᠠᠶᠢᠨ ᠤᠤ︖ ︽ᠪᠡᠯᠡ ᠣᠷᠣᠭᠤᠯᠤᠯᠲᠠ ᠶᠢᠨ ᠠᠷᠠᠯᠵᠢᠶ᠎ᠠ ᠶᠢᠨ ᠵᠦᠪᠳᠡᠯᠴᠡᠭᠡᠷ︾ ᠤᠨ ᠬᠡᠰᠡᠭ ᠪᠣᠯ ᠳᠤᠮᠳᠠᠳᠤ ᠮᠤᠩᠭᠤᠯ ᠬᠤᠶᠠᠷ ᠤᠯᠤᠰ ᠤᠨ | ᠠᠩᠬᠠᠳᠠᠭᠴᠢ ᠬᠤᠭᠤᠴᠠᠭ᠎ᠠ ᠶᠢᠨ ᠳᠡᠯᠭᠡᠨ ᠦᠵᠡᠭᠦᠯᠦᠯᠭᠡ ᠶᠢᠨ ᠴᠤᠭᠯᠠᠭᠠᠨ ᠤ ᠳᠥᠷᠪᠡᠨ ᠶᠡᠭᠡ ᠬᠡᠰᠡᠭ ᠤᠨ ᠨᠢᠭᠡ ᠨᠢ ᠮᠦᠨ᠂ ᠦᠪᠡᠷᠲᠡᠭᠡᠨ ᠵᠠᠰᠠᠬᠤ ᠤᠷᠤᠨ ᠤ | ᠬᠦᠭᠵᠢᠭᠦᠯᠦᠯᠲᠡ ᠦᠭᠡᠷᠴᠢᠯᠡᠯᠲᠡ ᠶᠢᠨ ᠵᠦᠪᠯᠡᠯ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠪᠠ᠃ ᠲᠤᠰ ᠬᠡᠰᠡᠭ ᠲᠤ ᠨᠡᠶᠢᠲᠡ 9 ᠬᠤᠪᠢᠶᠠᠷᠢ | ᠵᠦᠢᠯ ᠤᠨ ᠠᠵᠢᠯᠯᠠᠭ᠎ᠠ ᠪᠠᠶᠢᠵᠤ᠂ ᠦᠪᠡᠷᠲᠡᠭᠡᠨ ᠵᠠᠰᠠᠬᠤ ᠤᠷᠤᠨ ᠤ ᠬᠦᠭᠵᠢᠭᠦᠯᠦᠯᠲᠡ ᠦᠭᠡᠷᠴᠢᠯᠡᠯᠲᠡ ᠶᠢᠨ ᠵᠦᠪᠯᠡᠯ ᠨᠢ ᠮᠣᠩᠭᠤᠯ ᠤᠯᠤᠰ ᠤᠨ ᠵᠠᠰᠠᠭ ᠤᠨ | ᠭᠠᠵᠠᠷ ᠤᠨ ᠪᠡᠯᠡ ᠤᠷᠤᠭᠤᠯᠤᠯᠲᠠ ᠶᠢᠨ ᠲᠣᠪᠴᠢᠶ᠎ᠠ ᠲᠠᠢ ᠲᠡᠭᠦᠨ ᠤ ᠳᠣᠲᠤᠷᠠᠬᠢ ︽ᠳᠤᠮᠳᠠᠳᠤ ᠮᠣᠩᠭᠤᠯ ᠬᠤᠶᠠᠷ ᠤᠯᠤᠰ ᠤᠨ ᠪᠡᠯᠡ ᠤᠷᠤᠭᠤᠯᠤᠯᠲᠠ ᠶᠢᠨ ᠣᠷᠴᠢᠨ | ᠲᠣᠭᠤᠷᠢᠨ ᠪᠣᠯᠤᠨ ᠭᠤᠣᠯᠳᠠᠯᠭᠠᠲᠤ ᠲᠦᠷᠦᠯ ᠵᠦᠢᠯ ᠢ ᠲᠠᠨᠢᠯᠴᠠᠭᠤᠯᠬᠤ ᠬᠤᠷᠠᠯ︾ ᠤᠨ ᠠᠵᠢᠯᠯᠠᠭᠠᠨ ᠢ ᠳᠠᠭᠠᠭᠠᠨ ᠡᠷᠬᠢᠯᠡᠪᠡ᠃ | ᠬᠦᠲᠦᠯᠦᠭᠴᠢ᠄ | ᠸᠧᠢ ᠡᠷᠬᠢᠯᠡᠭᠴᠢ ᠡ᠂ ᠪᠣᠰᠤᠳ 8 ᠬᠤᠪᠢᠶᠠᠷᠢ ᠵᠦᠢᠯ ᠤᠨ ᠠᠵᠢᠯᠯᠠᠭ᠎ᠠ ᠨᠢ ᠶᠠᠭᠤ ᠶᠠᠭᠤ ᠪᠠᠶᠢᠬᠤ ᠪᠣᠢ︖ | ᠸᠧᠢ ᠰᠢᠶᠣᠣ ᠮᠢᠩ᠄ | ᠪᠣᠰᠤᠳ 8 ᠬᠤᠪᠢᠶᠠᠷᠢ ᠵᠦᠢᠯ ᠨᠢ ᠭᠡᠪᠡᠯ ᠲᠤᠰ ᠲᠤᠰ ᠰᠢᠨ᠎ᠡ ᠡᠨᠧᠷᠭᠢ ᠶᠢᠨ ᠰᠤᠷᠪᠤᠯᠵᠢ ᠶᠢ ᠨᠡᠭᠡᠭᠡᠨ ᠬᠦᠭᠵᠢᠭᠦᠯᠬᠦ ᠵᠦᠪᠳᠡᠯᠴᠡᠭᠡᠷ᠂ ᠠᠭᠤᠷᠬᠠᠢ ᠶᠢᠨ | ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠦᠭᠵᠢᠭᠦᠯᠬᠦ ᠵᠦᠪᠳᠡᠯᠴᠡᠭᠡᠷ᠂ ᠵᠢᠭᠤᠯᠴᠢᠯᠠᠯ ᠤᠨ ᠬᠠᠮᠲᠤᠷᠠᠯᠴᠠᠭ᠎ᠠ ᠶᠢᠨ ᠵᠦᠪᠳᠡᠯᠴᠡᠭᠡᠷ᠂ ᠳᠤᠮᠳᠠᠳᠤ ᠮᠣᠩᠭᠤᠯ ᠬᠤᠶᠠᠷ | ᠤᠯᠤᠰ ᠤᠨ ᠳᠤᠮᠳᠠ ᠪᠠᠭ᠎ᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢᠨ ᠵᠦᠪᠳᠡᠯᠴᠡᠭᠡᠷ᠂ ᠦᠪᠦᠷ ᠮᠣᠩᠭᠤᠯ — ᠰᠢᠶᠠᠩᠭᠠᠩ ᠤᠨ ᠠᠵᠤ ᠠᠬᠤᠢ ᠠᠷᠠᠯᠵᠢᠶ᠎ᠠ ᠶᠢᠨ | ᠵᠦᠪᠳᠡᠯᠴᠡᠭᠡᠷ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠦᠪᠳᠡᠯᠴᠡᠭᠡᠷ᠂ ᠳᠤᠮᠳᠠᠳᠤ ᠮᠣᠩᠭᠤᠯ ᠬᠤᠶᠠᠷ ᠤᠯᠤᠰ ᠤᠨ ᠰᠢᠨᠵᠢᠯᠡᠬᠦ | ᠮᠡᠷᠭᠡᠵᠢᠯ ᠤᠨ ᠠᠵᠤ ᠠᠬᠤᠶᠢᠯᠠᠯ ᠤᠨ ᠮᠡᠷᠭᠡᠵᠢᠯ ᠢ ᠰᠢᠯᠵᠢᠭᠦᠯᠬᠦ ᠬᠢᠭᠡᠳ ᠬᠠᠮᠲᠤᠷᠠᠯᠴᠠᠭ᠎ᠠ ᠶᠢᠨ ᠵᠦᠪᠳᠡᠯᠴᠡᠭᠡᠷ᠂ ᠳᠤᠮᠳᠠᠳᠤ ᠮᠣᠩᠭᠤᠯ ᠬᠤᠶᠠᠷ ᠤᠯᠤᠰ ᠤᠨ ᠮᠢᠬᠠᠨ ᠤ | ᠦᠢᠯᠡᠰ ᠤᠨ ᠬᠠᠮᠲᠤᠷᠠᠯᠴᠠᠭ᠎ᠠ ᠶᠢᠨ ᠵᠦᠪᠳᠡᠯᠴᠡᠭᠡᠷ ᠪᠣᠯᠤᠨ᠎ᠠ᠃ | ᠬᠦᠲᠦᠯᠦᠭᠴᠢ᠄ | ᠲᠠ ᠣᠳᠣ ︽ᠳᠤᠮᠳᠠᠳᠤ ᠮᠣᠩᠭᠤᠯ ᠬᠤᠶᠠᠷ ᠤᠯᠤᠰ ᠤᠨ ᠪᠡᠯᠡ ᠤᠷᠤᠭᠤᠯᠤᠯᠲᠠ ᠶᠢᠨ ᠣᠷᠴᠢᠨ ᠲᠣᠭᠤᠷᠢᠨ ᠪᠣᠯᠤᠨ ᠭᠤᠣᠯᠳᠠᠯᠭᠠᠲᠤ ᠲᠦᠷᠦᠯ ᠵᠦᠢᠯ ᠢ | ᠲᠠᠨᠢᠯᠴᠠᠭᠤᠯᠬᠤ ᠬᠤᠷᠠᠯ︾ ᠤᠨ ᠪᠠᠶᠢᠳᠠᠯ ᠢ ᠭᠤᠣᠯᠳᠠᠯᠭ᠎ᠠ ᠲᠠᠢ ᠲᠠᠨᠢᠯᠴᠠᠭᠤᠯᠤᠭᠠᠳ ᠦᠭᠭᠦᠨᠡᠦ︖ | ᠸᠧᠢ ᠰᠢᠶᠣᠣ ᠮᠢᠩ᠄ | ︽ᠳᠤᠮᠳᠠᠳᠤ ᠮᠣᠩᠭᠤᠯ ᠬᠤᠶᠠᠷ ᠤᠯᠤᠰ ᠤᠨ ᠪᠡᠯᠡ ᠤᠷᠤᠭᠤᠯᠤᠯᠲᠠ ᠶᠢᠨ ᠣᠷᠴᠢᠨ ᠲᠣᠭᠤᠷᠢᠨ ᠪᠣᠯᠤᠨ ᠭᠤᠣᠯᠳᠠᠯᠭᠠᠲᠤ ᠲᠦᠷᠦᠯ ᠵᠦᠢᠯ ᠢ ᠲᠠᠨᠢᠯᠴᠠᠭᠤᠯᠬᠤ | ᠬᠤᠷᠠᠯ︾ ᠨᠢ ᠬᠤᠷᠠᠯ ᠳᠤ ᠣᠷᠣᠯᠴᠠᠭᠰᠠᠨ ᠳᠤᠮᠳᠠᠳᠤ ᠭᠠᠳᠠᠭᠠᠳᠤ ᠶᠢᠨ ᠵᠣᠴᠢᠨ ᠬᠤᠳᠠᠯᠳᠤᠭᠠᠴᠢᠨ ᠪᠠ ᠠᠵᠤ ᠠᠬᠤᠶᠢᠯᠠᠯᠲᠠᠨ ᠳᠤ ᠦᠪᠦᠷ ᠮᠣᠩᠭᠤᠯ ᠪᠣᠯᠤᠨ ᠮᠣᠩᠭᠤᠯ | ᠤᠯᠤᠰ ᠤᠨ ᠪᠡᠯᠡ ᠣᠷᠣᠭᠤᠯᠤᠯᠲᠠ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠤᠬᠠᠭᠤᠯᠵᠤ᠂ ᠦᠪᠦᠷ ᠮᠣᠩᠭᠤᠯ ᠪᠣᠯᠤᠨ ᠮᠣᠩᠭᠤᠯ ᠤᠯᠤᠰ ᠤᠨ ᠭᠤᠣᠯᠳᠠᠯᠭᠠᠲᠤ | ᠪᠡᠯᠡ ᠤᠷᠤᠭᠤᠯᠤᠯᠲᠠ ᠶᠢᠨ ᠲᠦᠷᠦᠯ ᠵᠦᠢᠯ ᠢ ᠲᠠᠨᠢᠯᠴᠠᠭᠤᠯᠵᠤ᠂ ᠳᠤᠮᠳᠠᠳᠤ ᠭᠠᠳᠠᠭᠠᠳᠤ ᠶᠢᠨ ᠠᠵᠤ ᠠᠬᠤᠶᠢᠯᠠᠯ ᠤᠳ ᠢ ᠲᠠᠲᠠᠵᠤ ᠦᠪᠦᠷ ᠮᠣᠩᠭᠤᠯ ᠪᠣᠯᠤᠨ ᠮᠣᠩᠭᠤᠯ | ᠤᠯᠤᠰ ᠲᠤ ᠪᠡᠯᠡ ᠤᠷᠤᠭᠤᠯᠤᠨ ᠦᠢᠯᠡᠰ ᠬᠦᠭᠵᠢᠭᠦᠯᠬᠦ ᠪᠠᠷ ᠵᠣᠷᠢᠯᠭ᠎ᠠ ᠪᠣᠯᠭᠠᠭᠰᠠᠨ ᠶᠤᠮ᠃ ᠲᠠᠨᠢᠯᠴᠠᠭᠤᠯᠬᠤ ᠬᠤᠷᠠᠯ ᠢ ᠦᠪᠡᠷᠲᠡᠭᠡᠨ ᠵᠠᠰᠠᠬᠤ ᠤᠷᠤᠨ ᠤ | ᠠᠷᠠᠳ ᠤᠨ ᠵᠠᠰᠠᠭ ᠤᠨ ᠤᠷᠳᠤᠨ ᠬᠢᠭᠡᠳ ᠮᠣᠩᠭᠤᠯ ᠤᠯᠤᠰ ᠤᠨ ᠵᠠᠰᠠᠭ ᠤᠨ ᠭᠠᠵᠠᠷ ᠤᠨ ᠪᠡᠯᠡ ᠤᠷᠤᠭᠤᠯᠤᠯᠲᠠ ᠶᠢᠨ ᠲᠣᠪᠴᠢᠶ᠎ᠠ ᠭᠤᠣᠯᠯᠠᠨ ᠡᠷᠭᠢᠯᠡᠵᠦ᠂ | ᠦᠪᠡᠷᠲᠡᠭᠡᠨ ᠵᠠᠰᠠᠬᠤ ᠤᠷᠤᠨ ᠤ ᠬᠦᠭᠵᠢᠭᠦᠯᠦᠯᠲᠡ ᠦᠭᠡᠷᠴᠢᠯᠡᠯᠲᠡ ᠶᠢᠨ ᠵᠦᠪᠯᠡᠯ ᠬᠢᠭᠡᠳ ᠮᠣᠩᠭᠤᠯ ᠤᠯᠤᠰ ᠤᠨ ᠵᠠᠰᠠᠭ ᠤᠨ ᠭᠠᠵᠠᠷ ᠤᠨ ᠪᠡᠯᠡ ᠤᠷᠤᠭᠤᠯᠤᠯᠲᠠ ᠶᠢᠨ | ᠲᠣᠪᠴᠢᠶ᠎ᠠ ᠪᠣᠳᠠᠲᠠᠢ ᠳᠠᠭᠠᠭᠠᠨ ᠡᠷᠬᠢᠯᠡᠪᠡ᠃ | ᠬᠦᠲᠦᠯᠦᠭᠴᠢ᠄ | ︽ᠳᠤᠮᠳᠠᠳᠤ ᠮᠣᠩᠭᠤᠯ ᠬᠤᠶᠠᠷ ᠤᠯᠤᠰ ᠤᠨ ᠪᠡᠯᠡ ᠤᠷᠤᠭᠤᠯᠤᠯᠲᠠ ᠶᠢᠨ ᠣᠷᠴᠢᠨ ᠲᠣᠭᠤᠷᠢᠨ ᠬᠢᠭᠡᠳ ᠭᠤᠣᠯᠳᠠᠯᠭᠠᠲᠤ ᠲᠦᠷᠦᠯ ᠵᠦᠢᠯ ᠤᠨ | ᠲᠠᠨᠢᠯᠴᠠᠭᠤᠯᠬᠤ ᠬᠤᠷᠠᠯ︾ ᠨᠢ ᠶᠠᠮᠠᠷ ᠶᠠᠮᠠᠷ ᠭᠤᠣᠯ ᠠᠭᠤᠯᠭ᠎ᠠ ᠲᠠᠢ ᠪᠣᠢ︖ | ᠸᠧᠢ ᠰᠢᠶᠣᠣ ᠮᠢᠩ᠄ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠲᠡᠷᠢᠭᠦᠯᠡᠭᠴᠢ ᠹᠦ᠋ ᠲᠠᠢ ᠽᠧᠩ ᠪᠣᠯᠤᠨ ᠮᠣᠩᠭᠤᠯ | ᠤᠯᠤᠰ ᠤᠨ ᠤᠯᠤᠰ ᠤᠨ ᠶᠡᠭᠡ ᠬᠤᠷᠠᠯ ᠤᠨ ᠭᠡᠰᠢᠭᠦᠨ ᠰᠠᠩ᠂ ᠪᠢᠮᠪᠠᠴᠣᠭᠲᠤ ᠲᠤᠰ ᠲᠤᠰ ᠦᠭᠡ ᠬᠡᠯᠡᠪᠡ᠂ ᠦᠪᠡᠷᠲᠡᠭᠡᠨ ᠵᠠᠰᠠᠬᠤ ᠤᠷᠤᠨ ᠤ ᠬᠦᠭᠵᠢᠭᠦᠯᠦᠯᠲᠡ | ᠦᠭᠡᠷᠴᠢᠯᠡᠯᠲᠡ ᠶᠢᠨ ᠵᠦᠪᠯᠡᠯ ᠤᠨ ᠡᠷᠬᠢᠯᠡᠭᠴᠢ ᠪᠣᠥ ᠮᠭᠳᠠ᠂ ᠮᠣᠩᠭᠤᠯ ᠤᠯᠤᠰ ᠤᠨ ᠵᠠᠰᠠᠭ ᠤᠨ ᠭᠠᠵᠠᠷ ᠤᠨ ᠪᠡᠯᠡ ᠤᠷᠤᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ | ᠰᠡ᠊᠂ ᠵᠢᠪᠬᠤᠯᠠᠩᠪᠠᠭᠠᠲᠤᠷ ᠲᠤᠰ ᠲᠤᠰ ᠦᠪᠡᠷᠰᠡᠳ ᠤᠨ ᠪᠡᠯᠡ ᠤᠷᠤᠭᠤᠯᠤᠯᠲᠠ ᠶᠢᠨ ᠣᠷᠴᠢᠨ ᠲᠣᠭᠤᠷᠢᠨ ᠢᠶᠠᠨ ᠲᠠᠨᠢᠯᠴᠠᠭᠤᠯᠪᠠ᠃ ᠹᠦ᠋ ᠲᠡᠷᠢᠭᠦᠯᠡᠭᠴᠢ | ᠶᠠᠷᠢᠶᠠᠨ ᠳᠠᠭᠠᠨ ᠴᠢᠬᠤᠯᠴᠢᠯᠠᠭᠰᠠᠨ ᠨᠢ᠂ ᠳᠤᠮᠳᠠᠳᠤ ᠤᠯᠤᠰ ᠬᠢᠭᠡᠳ ᠮᠣᠩᠭᠤᠯ ᠤᠯᠤᠰ ᠠᠭᠤᠯᠠ ᠤᠰᠤ ᠵᠠᠯᠭᠠᠯᠳᠤᠨ᠂ ᠬᠦᠮᠦᠨ ᠰᠤᠶᠤᠯ ᠢᠨᠠᠭᠰᠢᠭᠠᠳ᠂ ᠠᠵᠤ | ᠠᠬᠤᠢ ᠠᠷᠠᠯᠵᠢᠶ᠎ᠠ ᠶᠢᠨ ᠶᠠᠪᠤᠯᠴᠠᠭ᠎ᠠ ᠰᠠᠭᠤᠷᠢ ᠰᠠᠶᠢᠲᠠᠢ᠂ ᠠᠭᠤᠳᠠᠮ ᠰᠠᠷᠠᠭᠤᠯ ᠢᠷᠡᠭᠡᠳᠦᠢ ᠲᠠᠢ ᠪᠠᠶᠢᠨ᠎ᠠ᠂ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠴᠢᠬᠤᠯᠠ | ᠶᠡᠭᠡ ᠬᠦᠭᠵᠢᠯᠲᠡ ᠶᠢᠨ ᠪᠠᠶᠢᠯᠳᠤᠬᠤ ᠪᠣᠳᠤᠯᠭ᠎ᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠬᠦᠷᠢᠶ᠎ᠡ ᠪᠠᠨ | ᠬᠦᠴᠦ ᠲᠠᠯᠪᠢᠨ ᠥᠷᠭᠡᠳᠬᠡᠵᠦ᠂ ᠳᠠᠪᠠᠭᠤᠯᠢᠭ ᠲᠠᠯ᠎ᠠ ᠪᠠᠨ ᠬᠠᠷᠢᠯᠴᠠᠨ ᠨᠦᠬᠦᠪᠦᠷᠢᠯᠡᠨ ᠬᠠᠷᠢᠯᠴᠠᠨ ᠠᠰᠢᠭᠯᠠᠵᠤ ᠬᠠᠮᠲᠤ ᠪᠠᠷ ᠠᠰᠢᠭ ᠬᠦᠷᠲᠡᠬᠦ ᠶᠢ ᠪᠠᠷᠢᠮᠳᠠᠯᠠᠵᠤ᠂ | 2020 ᠣᠨ ᠪᠣᠯᠬᠤ ᠳᠤ ᠬᠤᠶᠠᠷ ᠲᠠᠯ᠎ᠠ ᠶᠢᠨ ᠠᠷᠠᠯᠵᠢᠶᠠᠨ ᠤ ᠲᠤᠭ᠎ᠠ ᠶᠢ 100 ᠳ᠋ᠦᠩᠰᠢᠭᠤᠷ ᠳ᠋ᠣᠯᠯᠠᠷ ᠳᠤ ᠬᠦᠷᠦᠭᠦᠯᠬᠦ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠶᠢ | ᠬᠦᠰᠡᠵᠦ ᠪᠠᠶᠢᠨ᠎ᠠ ᠭᠡᠵᠡᠢ᠃ ᠡᠷᠬᠢᠯᠡᠭᠴᠢ ᠪᠣᠥ ᠮᠭᠳᠠ ᠦᠪᠦᠷ ᠮᠣᠩᠭᠤᠯ ᠤᠨ ︽ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠬᠢᠯ︾ ᠤᠨ ᠪᠦᠲᠦᠭᠡᠨ | ᠪᠠᠶᠢᠭᠤᠯᠤᠯᠲᠠ ᠳᠤᠮᠳᠠᠬᠢ ᠤᠷᠤᠨ ᠪᠠᠶᠢᠷᠢ ᠶᠢᠨ ᠳᠠᠪᠠᠭᠤᠯᠢᠭ ᠪᠠ ᠠᠵᠤ ᠦᠢᠯᠡᠰ ᠤᠨ ᠰᠠᠭᠤᠷᠢ ᠶᠢ ᠲᠠᠨᠢᠯᠴᠠᠭᠤᠯᠵᠤ᠂ ᠦᠪᠡᠷᠲᠡᠭᠡᠨ ᠵᠠᠰᠠᠬᠤ ᠤᠷᠤᠨ ᠤ ︽ᠲᠠᠪᠤᠨ | ᠶᠡᠭᠡ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢᠨ ᠬᠠᠮᠲᠤᠷᠠᠯᠴᠠᠭᠠᠨ ᠤ ᠴᠢᠭᠯᠡᠯ ᠪᠣᠯᠤᠨ ᠭᠤᠣᠯᠳᠠᠯᠭᠠᠲᠤ ᠲᠥᠷᠥᠯ ᠵᠦᠢᠯ ᠢ ᠲᠠᠨᠢᠯᠴᠠᠭᠤᠯᠪᠠ᠃ ᠮᠣᠩᠭᠤᠯ | ᠤᠯᠤᠰ᠂ ᠤᠷᠤᠰ᠂ ᠨᠣᠷᠸᠠᠶ ᠪᠣᠯᠤᠨ ᠤᠯᠤᠰ ᠤᠨ ᠳᠣᠲᠤᠭᠠᠳᠤᠬᠢ ᠳᠤᠮᠳᠠᠳᠤ ᠭᠠᠳᠠᠭᠠᠳᠤ ᠶᠢᠨ 220 ᠰᠢᠬᠠᠮ ᠵᠣᠴᠢᠨ ᠬᠤᠷᠠᠯ ᠳᠤ ᠣᠷᠤᠯᠴᠠᠪᠠ᠃ | ᠬᠦᠲᠦᠯᠦᠭᠴᠢ᠄ | ︽ᠳᠤᠮᠳᠠᠳᠤ ᠮᠣᠩᠭᠤᠯ ᠬᠤᠶᠠᠷ ᠤᠯᠤᠰ ᠤᠨ ᠪᠡᠯᠡ ᠤᠷᠤᠭᠤᠯᠤᠯᠲᠠ ᠶᠢᠨ ᠣᠷᠴᠢᠨ ᠲᠣᠭᠤᠷᠢᠨ ᠬᠢᠭᠡᠳ ᠭᠤᠣᠯᠳᠠᠯᠭᠠᠲᠤ ᠲᠥᠷᠥᠯ ᠵᠦᠢᠯ ᠢ ᠲᠠᠨᠢᠯᠴᠠᠭᠤᠯᠬᠤ | ᠬᠤᠷᠠᠯ︾ ᠨᠢ ᠶᠠᠮᠠᠷ ᠶᠠᠮᠠᠷ ᠵᠦᠪᠳᠡᠯᠴᠡᠭᠡᠷ ᠲᠤ ᠭᠠᠷ ᠤᠨ ᠦᠰᠦᠭ ᠵᠢᠷᠤᠭᠰᠠᠨ ᠪᠣᠢ︖ | ᠸᠧᠢ ᠰᠢᠶᠣᠣ ᠮᠢᠩ᠄ | ᠲᠠᠨᠢᠯᠴᠠᠭᠤᠯᠬᠤ ᠬᠤᠷᠠᠯ ᠤᠨ ᠪᠡᠯᠡ ᠤᠷᠤᠭᠤᠯᠤᠯᠲᠠ ᠶᠢᠨ ᠲᠦᠷᠦᠯ ᠵᠦᠢᠯ ᠤᠨ ᠵᠦᠪᠳᠡᠯᠴᠡᠭᠡᠷ ᠡᠯᠪᠡᠭ ᠪᠠᠶᠠᠯᠢᠭ ᠦᠷ᠎ᠡ ᠪᠦᠲᠦᠮᠵᠢ ᠣᠯᠪᠠ᠃ ᠡᠨᠧᠷᠭᠢ ᠶᠢᠨ | ᠰᠤᠷᠪᠤᠯᠵᠢ᠂ ᠬᠢᠮᠢ ᠶᠢᠨ ᠠᠵᠤ ᠦᠢᠯᠡᠳᠪᠦᠷᠢ᠂ ᠲᠣᠨᠤᠭ ᠲᠦᠬᠦᠭᠡᠷᠦᠮᠵᠢ᠂ ᠪᠠᠷᠢᠯᠭ᠎ᠠ ᠶᠢᠨ ᠮᠠᠲ᠋ᠧᠷᠢᠶᠠᠯ᠂ ᠠᠭᠤᠷᠬᠠᠶ ᠮᠠᠯᠲᠠᠬᠤ ᠦᠢᠯᠡᠰ᠂ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠡᠳ᠋ᠰᠢᠭᠦᠯᠭᠡ᠂ ᠡᠭᠦᠯᠡᠨ ᠪᠣᠳᠣᠯᠳᠠ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ᠂ ᠵᠢᠭᠤᠯᠴᠢᠯᠠᠯ᠂ ᠰᠠᠭᠤᠷᠢ ᠪᠡᠯᠡᠳᠭᠡᠮᠵᠢ | ᠵᠡᠷᠭᠡ ᠬᠦᠷᠢᠶᠡᠨ ᠤ ᠵᠣᠴᠢᠳ ᠬᠤᠳᠠᠯᠳᠤᠭᠠᠴᠢᠳ ᠨᠢᠭᠡ ᠳᠣᠣᠷ᠎ᠠ ᠴᠤᠭᠯᠠᠷᠠᠵᠤ᠂ ᠬᠤᠷᠠᠯ ᠳᠤ ᠪᠡᠯᠡ ᠤᠷᠤᠭᠤᠯᠤᠯᠲᠠ ᠶᠢᠨ ᠲᠦᠷᠦᠯ ᠵᠦᠢᠯ ᠪᠠ ᠲᠤᠬᠠᠶᠢᠯᠠᠭᠰᠠᠨ | ᠠᠵᠢᠯ ᠤᠨ ᠬᠠᠮᠲᠤᠷᠠᠯᠴᠠᠭ᠎ᠠ ᠶᠢᠨ ᠵᠦᠪᠯᠡᠯᠴᠡᠭᠡᠷ ᠢ ᠨᠡᠶᠢᠲᠡ 46 ᠵᠦᠢᠯ ᠲᠣᠭᠲᠠᠵᠤ᠂ ᠭᠡᠷ᠎ᠡ ᠲᠣᠭᠲᠠᠭᠰᠠᠨ ᠶᠡᠷᠦᠩᠬᠡᠢ ᠵᠣᠭᠤᠰ ᠤᠨ ᠲᠤᠭ᠎ᠠ ᠨᠢ 570 ᠤᠷᠴᠢᠮ | ᠳ᠋ᠦᠩᠰᠢᠭᠤᠷ ᠲᠦᠭᠦᠷᠢᠭ ᠲᠤ ᠬᠦᠷᠪᠡ᠃ | ᠬᠥᠲᠦᠯᠦᠭᠴᠢ᠄ | ᠵᠠ ᠰᠠᠶᠢᠨ ᠪᠣᠯᠤᠯ᠎ᠠ᠂ ᠸᠧᠢ ᠡᠷᠬᠢᠯᠡᠭᠴᠢ ᠶᠢᠨ ᠲᠠᠶᠢᠯᠪᠦᠷᠢᠯᠠᠭᠰᠠᠨ ᠳᠤ ᠲᠠᠯᠠᠷᠬᠠᠵᠤ ᠪᠠᠶᠢᠨ᠎ᠠ᠂ ᠲᠠᠨ ᠤ ᠲᠠᠨᠢᠯᠴᠠᠭᠤᠯᠭ᠎ᠠ ᠪᠠᠷ ᠳᠠᠮᠵᠢᠵᠤ ᠪᠢᠳᠡ ᠳᠤᠮᠳᠠᠳᠤ | ᠮᠣᠩᠭᠤᠯ ᠬᠤᠶᠠᠷ ᠤᠯᠤᠰ ᠤᠨ ᠠᠩᠬᠠᠳᠠᠭᠴᠢ ᠤᠳᠠᠭ᠎ᠠ ᠶᠢᠨ ᠳᠡᠯᠭᠡᠨ ᠦᠵᠡᠭᠦᠯᠦᠯᠭᠡ ᠶᠢᠨ ᠴᠤᠭᠯᠠᠭᠠᠨ ᠨᠢ ᠪᠡᠯᠡ ᠤᠷᠤᠭᠤᠯᠤᠯᠲᠠ ᠠᠷᠠᠯᠵᠢᠶ᠎ᠠ ᠶᠢᠨ ᠵᠦᠪᠳᠡᠯᠴᠡᠭᠡᠷ ᠤᠨ | ᠠᠯᠢ ᠤᠯᠠᠨ ᠠᠵᠢᠯᠯᠠᠭᠠᠨ ᠢ ᠠᠮᠵᠢᠯᠲᠠ ᠲᠠᠢ ᠡᠷᠬᠢᠯᠡᠭᠡᠳ᠂ ᠳᠤᠮᠳᠠᠳᠤ ᠮᠣᠩᠭᠤᠯ ᠬᠤᠶᠠᠷ ᠤᠯᠤᠰ ᠤᠨ ᠬᠦᠭᠵᠢᠯᠲᠡ ᠶᠢᠨ ᠠᠮᠵᠢᠯᠲᠠ ᠪᠦᠲᠦᠮᠵᠢ ᠶᠢ ᠳᠡᠯᠭᠡᠨ | ᠦᠵᠡᠭᠦᠯᠬᠦ ᠳᠤ ᠰᠢᠨ᠎ᠡ ᠲᠠᠪᠴᠠᠩ ᠢ ᠪᠠᠶᠢᠭᠤᠯᠤᠨ ᠦᠭᠴᠦ᠂ ᠬᠤᠶᠠᠷ ᠤᠯᠤᠰ ᠤᠨ ᠪᠡᠯᠡ ᠤᠷᠤᠭᠤᠯᠤᠯᠲᠠ ᠶᠢᠨ ᠠᠷᠠᠯᠵᠢᠶ᠎ᠠ ᠶᠢᠨ ᠬᠦᠷᠢᠶᠡᠨ ᠤ ᠭᠦᠨᠵᠡᠭᠡᠢ | ᠬᠠᠮᠲᠤᠷᠠᠯᠴᠠᠭ᠎ᠠ ᠶᠢ ᠲᠦᠯᠬᠢᠨ ᠠᠬᠢᠭᠤᠯᠤᠭᠰᠠᠨ ᠢ ᠣᠯᠵᠤ ᠬᠠᠷᠠᠯ᠎ᠠ᠂ ᠪᠢᠳᠡ ᠨᠠᠷ ᠴᠦ ᠳᠤᠮᠳᠠᠳᠤ ᠮᠣᠩᠭᠤᠯ ᠬᠤᠶᠠᠷ ᠤᠯᠤᠰ ᠬᠤᠶᠢᠰᠢᠳᠠ ᠨᠡᠩ ᠠᠷᠪᠢᠨ ᠰᠣᠯᠢᠯᠴᠠᠭ᠎ᠠ | ᠬᠠᠮᠲᠤᠷᠠᠯᠴᠠᠭ᠎ᠠ ᠲᠠᠢ ᠪᠠᠶᠢᠬᠤ ᠶᠢ ᠬᠦᠰᠡᠵᠦ ᠪᠠᠶᠢᠨ᠎ᠠ᠃ ᠸᠧᠢ ᠡᠷᠬᠢᠯᠡᠭᠴᠢ ᠳᠤ ᠳᠠᠬᠢᠨᠲᠠ ᠲᠠᠯᠠᠷᠬᠠᠯ᠎ᠠ᠂ ᠮᠦᠨᠴᠦ ᠰᠦᠯᠵᠢᠶᠡᠨ ᠠᠨᠳᠠ ᠨᠠᠷ ᠤᠨ ᠢᠳᠡᠪᠬᠢᠲᠡᠢ | ᠤᠷᠤᠯᠴᠠᠭᠰᠠᠨ ᠳᠤ ᠲᠠᠯᠠᠷᠬᠠᠵᠤ ᠪᠠᠶᠢᠨ᠎ᠠ᠂ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠦᠨᠳᠦᠷᠯᠡᠪᠡ᠂ ᠳᠠᠷᠠᠭᠠᠴᠢ ᠶᠢᠨ ᠫᠷᠦᠭᠷᠡᠮ ᠳᠤ ᠪᠠᠶᠠᠷᠲᠠᠢ | ᠵᠤᠯᠭᠠᠶ᠎ᠠ︕ |