ᠠᠯᠠᠱᠠ ᠠᠶᠢᠮᠠᠭ ᠤᠨ ᠡᠵᠡᠨ᠎ᠡ ᠬᠤᠰᠢᠭᠤ ᠶᠢᠨ ᠡᠵᠡᠨ᠎ᠡ ᠬᠠᠮᠢ ᠶᠢᠨ ᠲᠡᠮᠦᠷ ᠵᠠᠮ ᠤᠨ ᠪᠦᠬᠦ ᠱᠤᠭᠤᠮ ᠨᠠᠪᠲᠡᠷᠡᠪᠡ
ᠨᠡᠶᠢᠲᠡᠯᠡᠭᠰᠡᠨ ᠴᠠᠭ᠄
2015/11/9
     ᠣᠶᠢᠷ᠎ᠠ ᠳᠤ᠂ ᠪᠠᠷᠠᠭᠤᠨ ᠬᠤᠶᠢᠲᠤ ᠣᠷᠣᠨ᠂ ᠤᠮᠠᠷᠠᠲᠤ ᠣᠷᠣᠨ ᠢ  ᠬᠥᠨᠳᠡᠯᠡᠨ ᠨᠡᠪᠲᠡᠷᠡᠭᠦᠯᠦᠭᠰᠡᠨ᠂ ᠥᠪᠥᠷ ᠮᠣᠩᠭᠤᠯ᠂ ᠰᠢᠨᠵᠢᠶᠠᠩ᠂ ᠭᠠᠨᠰᠦ ᠮᠤᠵᠢ ᠭᠤᠷᠪᠠᠨ ᠮᠤᠵᠢ ᠣᠷᠣᠨ ᠢ ᠬᠤᠯᠪᠤᠭᠰᠠᠨ ᠪᠠᠰᠠ ᠨᠢᠭᠡᠨ ᠠᠽᠢᠶ᠎ᠠ ᠧᠦ᠋ᠷᠣᠫᠠ ᠶᠢᠨ ᠲᠡᠭᠡᠭᠡᠪᠦᠷᠢ ᠶᠢᠨ ᠰᠢᠨ᠎ᠡ ᠨᠡᠪᠳᠡᠷᠡᠯ ᠵᠠᠮ — — ᠡᠵᠡᠨ᠎ᠡ ᠬᠤᠰᠢᠭᠤᠨ ᠠᠴᠠ ᠬᠠᠮᠢ ᠬᠦᠷᠬᠦ ᠲᠡᠮᠦᠷ ᠵᠠᠮ ᠤᠨ ᠪᠦᠬᠦ ᠱᠤᠭᠤᠮ ᠨᠠᠪᠲᠡᠷᠡᠵᠦ᠂  ᠵᠤᠭᠰᠤᠩᠭᠤᠢ ᠪᠠᠶᠢᠳᠠᠯᠲᠤ ᠰᠢᠯᠭᠠᠨ ᠠᠪᠬᠤ ᠱᠠᠳᠤ ᠦᠶ᠎ᠡ ᠳᠤ ᠤᠷᠤᠭᠰᠢᠲᠠᠶ ᠰᠢᠯᠵᠢᠨ ᠣᠷᠣᠪᠠ᠃ ᠲᠤᠰ ᠲᠡᠮᠦᠷ ᠵᠠᠮ ᠢ 2015 ᠤᠨ ᠤ 12 ᠳ᠋ᠦ᠋ᠭᠡᠷ ᠰᠠᠷ᠎ᠠ ᠶᠢᠨ 28᠎ ᠤ ᠡᠳᠦᠷ ᠠᠰᠢᠭᠯᠠᠯᠲᠠ ᠳᠤ ᠤᠷᠤᠭᠤᠯᠬᠤ ᠪᠠᠷ ᠲᠥᠯᠥᠪᠯᠡᠵᠦ ᠪᠠᠶᠢᠨ᠎ᠠ᠃      ᠡᠵᠡᠨ᠎ᠡ ᠬᠠᠮᠢ ᠲᠡᠮᠦᠷ ᠵᠠᠮ ᠪᠣᠯ ᠮᠠᠨ ᠤ ᠤᠯᠤᠰ ᠤᠨ ︽ ᠳᠤᠮᠳᠠ ᠤᠷᠲᠤ ᠬᠤᠭᠤᠴᠠᠭᠠᠨ ᠤ ᠲᠡᠮᠦᠷ ᠵᠠᠮ ᠤᠨ ᠲᠣᠣᠷ ᠤᠨ ᠲᠥᠯᠥᠪᠵᠢᠭᠦᠯᠭᠡ︾᠎ ᠶᠢᠨ ᠯᠢᠩᠾᠧ ᠠᠴᠠ ᠬᠠᠮᠢ ᠬᠦᠷᠬᠦ ᠱᠤᠭᠤᠮ ᠤᠨ ᠪᠠᠷᠠᠭᠤᠨ ᠬᠡᠰᠡᠭ ᠪᠤᠯᠤᠨ᠎ᠠ ᠂ ᠪᠦᠬᠦ ᠣᠷᠳᠣ ᠨᠢ 629.9 ᠺᠢᠯᠣᠮᠧᠲᠷ ︵ᠡᠭᠦᠨ ᠳᠤ ᠡᠵᠡᠨ᠎ᠡ ᠬᠤᠰᠢᠭᠤᠨ ᠳᠤ 290.5 ᠺᠢᠯᠣᠮᠧᠲᠷ ᠪᠠᠶᠢᠵᠤ᠂ ᠶᠡᠷᠦᠩᠬᠡᠶ ᠪᠡᠯᠡ ᠣᠷᠣᠭᠤᠯᠤᠯᠲᠠ ᠨᠢ 38.9 ᠳ᠋ᠦᠩᠰᠢᠭᠤᠷ ᠲᠥᠭᠦᠷᠢᠭ ᠪᠤᠯᠪᠠ᠃ ᠭᠠᠨᠰᠦ ᠮᠤᠵᠢ ᠶᠢᠨ ᠰᠦᠪᠸᠢ ᠰᠢᠶᠠᠨ ᠳᠤ127.1 ᠺᠢᠯᠣᠮᠧᠲᠷ᠂ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠬᠠᠮᠢ ᠤᠷᠤᠨ ᠎ ᠳᠤ 212.3 ᠺᠢᠯᠣᠮᠧᠲᠷ ᠪᠠᠶᠢᠨ᠎ᠠ︶ ᠪᠠᠶᠢᠵᠤ᠂ ᠪᠥᠲᠦᠭᠡᠨ ᠪᠠᠶᠢᠭᠤᠯᠬᠤ ᠪᠠᠷᠢᠮᠵᠢᠶ᠎ᠠ ᠨᠢ ᠤᠯᠤᠰ ᠤᠨ ᠲᠡᠮᠤᠷ ᠵᠠᠮ ᠤᠨ Ⅱ ᠳ᠋ᠤᠭᠠᠷ ᠳᠡᠰ᠂ ᠶᠡᠷᠦᠩᠬᠡᠶ ᠪᠡᠯᠡ ᠣᠷᠣᠭᠤᠯᠤᠯᠲᠠ ᠨᠢ 82.4 ᠳ᠋ᠦᠩᠰᠢᠭᠤᠷ ᠲᠥᠭᠦᠷᠢᠭ᠂ ᠪᠦᠳᠦᠭᠡᠠ ᠪᠠᠶᠢᠭᠤᠯᠬᠤ ᠠᠵᠢᠯ ᠤᠨ ᠬᠤᠭᠤᠴᠠᠭ᠎ᠠ ᠨᠢ ᠨᠢᠭᠡ ᠵᠢᠯ ᠬᠠᠭᠠᠰ ᠪᠤᠯᠤᠨ᠎ᠠ᠃ ᠡᠵᠡᠨ᠎ᠡ ᠬᠠᠮᠢ ᠶᠢᠨ ᠲᠡᠮᠦᠷ ᠵᠠᠮ ᠤᠨ ᠱᠤᠭᠤᠮ ᠨᠢ ᠯᠢᠩᠴᠧ ᠱᠤᠭᠤᠮ ᠤᠨ ᠡᠵᠡᠨ᠎ᠠ ᠬᠤᠰᠢᠭᠤᠨ ᠤ ᠭᠠᠯᠲᠤ ᠲᠡᠷᠭᠡᠨ ᠦᠷᠲᠡᠭᠡᠨ ᠠᠴᠠ ᠡᠬᠢᠯᠡᠵᠦ᠂ ᠯᠢᠩᠴᠧ ᠱᠤᠭᠤᠮ ᠤᠨ 11.30 ᠺᠢᠯᠣᠮᠧᠲᠷ ᠢ ᠠᠰᠢᠭᠯᠠᠵᠤ ᠦᠯᠡᠳᠡᠭᠡᠭᠰᠡᠨ ᠲᠡᠷᠭᠡᠨ ᠦᠷᠲᠡᠭᠡ ᠴᠤᠸᠠᠨ ᠳ᠋ᠢ ᠲᠦᠸᠧ ᠳᠤ ᠬᠦᠷᠲᠡᠯ᠎ᠡ ︵K629+200︶ ᠪᠠᠶᠢᠵᠦ᠂ ᠴᠤᠸᠠᠨ ᠳ᠋ᠢ ᠲᠦᠸᠧ ᠦᠷᠲᠡᠭᠡ ᠳᠤ ᠵᠠᠮ ᠨᠡᠶᠢᠯᠡᠭᠰᠡᠨ ᠤ ᠳᠠᠷᠠᠭ᠎ᠠ ︵ᠯᠢᠩᠴᠧ ᠠᠰ ᠱᠤᠭᠤᠮ ᠢᠶᠠᠷ  ᠨᠠᠪᠲᠡᠷᠡᠨ᠎ᠡ︶᠂ ᠵᠢᠶᠠᠴᠧ ᠲᠡᠮᠦᠷ ᠵᠠᠮ ᠢ ᠰᠤᠨᠳᠠᠯᠠᠨ᠂ ᠪᠠᠷᠠᠭᠤᠨ ᠬᠤᠶᠢᠲᠤ ᠵᠦᠭ ᠠᠶᠠᠯᠠᠵᠤ᠂ ᠡᠵᠡᠨ᠎ᠡ ᠬᠤᠰᠢᠭᠤᠨ ᠤ ᠰᠠᠶᠢᠬᠠᠨ ᠲᠣᠣᠷᠠᠶ ᠰᠤᠮᠤ ᠪᠤᠯᠤᠨ ᠬᠠᠷ᠎ᠠ ᠪᠦᠷᠭᠦᠳ ᠤᠨ ᠠᠭᠤᠯᠠ ᠪᠠᠯᠭᠠᠰᠤ ᠪᠠᠷ ᠦᠩᠭᠡᠷᠡᠵᠦ᠂ ᠪᠠᠷᠠᠭᠤᠨ ᠦᠵᠦᠭᠦᠷ ᠨᠢ ᠰᠦᠪᠸᠢ ᠰᠢᠶᠠᠩ ᠲᠠᠢ ᠵᠠᠮ ᠨᠡᠶᠢᠯᠡᠨ᠎ᠡ᠃      ᠡᠵᠡᠨ᠎ᠡ ᠬᠠᠮᠢ ᠲᠡᠮᠦᠷ ᠵᠠᠮ ︵ᠥᠪᠥᠷ ᠮᠣᠩᠭᠤᠯ ᠤᠨ ᠬᠡᠰᠡᠭ︶᠎ ᠨᠢ ᠮᠠᠨ ᠤ ᠠᠶᠢᠮᠠᠭ ᠤᠨ ᠬᠢᠯᠢ ᠶᠢᠨ ᠳᠣᠲᠣᠷᠠᠬᠢ ᠭᠤᠣᠯᠳᠠᠯᠭ᠎ᠠ ᠲᠠᠢ ᠲᠡᠮᠥᠷ ᠵᠠᠮ ᠤᠨ ᠲᠥᠷᠥᠯ ᠵᠦᠢᠯ ᠪᠤᠯᠤᠭᠰᠠᠨ ᠤ ᠬᠤᠪᠢ ᠳᠤ᠂ ᠡᠵᠡᠨ᠎ᠡ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠭᠠᠵᠠᠷ ᠰᠢᠷᠣᠶ  ᠲᠠᠲᠠᠪᠤᠷᠢᠯᠠᠬᠤ ᠨᠤᠷᠠᠭᠠᠵᠤ ᠨᠡᠭᠦᠯᠭᠡᠬᠦ᠂ ᠰᠤᠷᠲᠠᠯ ᠤᠬᠠᠭᠤᠯᠭ᠎ᠠ ᠶᠢᠨ ᠠᠵᠢᠯ ᠢ ᠬᠠᠮᠵᠢᠯᠴᠠᠨ ᠰᠠᠶᠢᠲᠤᠷ ᠬᠢᠬᠦ ᠶᠠᠪᠤᠳᠠᠯ ᠢᠶᠠᠷ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠴᠢᠬᠤᠯᠠ ᠠᠳᠬᠤᠴᠠ ᠪᠠᠨ ᠪᠣᠯᠭᠠᠵᠤ᠂ ᠲᠣᠭᠲᠠᠮᠠᠯ ᠬᠤᠭᠤᠴᠠᠭ᠎ᠠ ᠲᠠᠢ ᠪᠠ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠡᠮᠦᠷ ᠵᠠᠮ ᠤᠨ ᠵᠣᠬᠢᠴᠠᠭᠤᠯᠬᠤ ᠬᠤᠷᠠᠯ ᠬᠢᠵᠦ᠂ ᠪᠦᠳᠦᠭᠡᠨ ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ ᠵᠣᠬᠢᠴᠠᠭᠤᠯᠤᠨ ᠰᠢᠢᠳᠪᠦᠷᠢᠯᠡᠬᠦ᠂ ᠲᠡᠮᠦᠷ ᠵᠠᠮ ᠤᠨ ᠪᠥᠳᠥᠭᠡᠨ ᠪᠠᠶᠢᠭᠤᠯᠤᠯᠲᠠ ᠶᠢᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠪᠠ᠃ ᠡᠵᠡᠨ᠎ᠡ ᠬᠠᠮᠢ ᠲᠡᠮᠦᠷ ᠵᠠᠮ ᠤᠨ ᠪᠦᠬᠦ ᠱᠤᠭᠤᠮ ᠢᠶᠠᠷ ᠲᠡᠷᠭᠡ ᠨᠠᠪᠲᠡᠷᠡᠬᠦ ᠨᠢ ᠡᠵᠡᠨ᠎ᠡ ᠬᠤᠰᠢᠭᠤ ᠶᠢᠨ ︽ᠠᠶᠠᠯᠠᠬᠤ ᠳᠤ ᠬᠦᠴᠢᠷ︾ ᠠᠰᠠᠭᠤᠳᠠᠯ ᠢ ᠰᠢᠢᠳᠪᠦᠷᠢᠯᠡᠬᠦ᠂ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ᠂ ᠠᠷᠠᠳ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠨᠠᠮᠡᠭᠳᠡᠭᠦᠯᠬᠦ ᠵᠢᠴᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠴᠥᠮ ᠮᠠᠰᠢ ᠴᠢᠬᠤᠯᠠ ᠪᠣᠳᠠᠲᠤ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号