2015 ᠣᠨ ᠤ 12 ᠳ᠋ᠤᠭᠠᠷ ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂ ᠪᠦᠬᠦ ᠣᠷᠣᠨ ᠤ | ᠶᠠᠳᠠᠭᠤ ᠶᠢ ᠲᠡᠳᠬᠦᠬᠦ ᠠᠯᠪᠠᠨ ᠭᠡᠷ ᠤᠨ ᠡᠷᠬᠢᠯᠡᠭᠴᠢᠳ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠤᠨ | ᠭᠤᠣᠯ ᠡᠭᠦᠷᠭᠡ ᠪᠣᠯ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠶᠠᠳᠠᠭᠤ ᠶᠢ | ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠪᠠᠶᠢᠷᠢᠯᠠᠭᠤᠯᠤᠯᠲᠠ ᠬᠢᠵᠦ᠂ ᠪᠥᠬᠦ ᠣᠷᠣᠨ ᠤ ᠶᠠᠳᠠᠭᠤ ᠶᠢ ᠲᠡᠳᠬᠦᠬᠦ ᠰᠢᠰᠲ᠋ᠧᠮ ᠤᠨ ᠬᠢᠨ ᠢ | ᠴᠢᠨᠠᠭᠰᠢᠳᠠ ᠳᠠᠶᠢᠴᠢᠯᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠣᠳᠠᠲᠠᠶ ᠬᠢᠵᠦ ᠬᠠᠲᠠᠭᠤᠵᠢᠯᠲᠠᠶ | ᠠᠵᠢᠯᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ | ᠬᠢᠬᠦ ᠶᠠᠪᠤᠳᠠᠯ ᠪᠣᠯᠣᠨ᠎ᠠ᠃ | ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠠᠯᠪᠠᠨ ᠬᠡᠷ ᠤᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠬᠠᠨ ᠵᠢᠶᠠᠨ ᠭᠠᠩ ᠬᠤᠷᠠᠯ ᠡᠷᠭᠢᠯᠡᠭᠰᠡᠨ ᠪᠥᠭᠡᠳ ᠶᠠᠷᠢᠶ᠎ᠠ | ᠲᠠᠯᠪᠢᠵᠠᠶ᠃ ᠳᠡᠳ᠋ ᠡᠷᠬᠢᠯᠡᠭᠴᠢ ᠵᠤᠤ ᠶᠦᠩ ᠬᠤᠸᠠ᠂ ᠳᠡᠳ᠋ ᠲᠣᠭᠤᠷᠢᠨ ᠪᠠᠶᠢᠴᠠᠭᠠᠭᠴᠢ ᠸᠠᠩ ᠷᠠᠨ ᠬᠤᠷᠠᠯ ᠳᠤ | ᠣᠷᠣᠯᠴᠠᠪᠠ᠃ | ᠯᠢᠦ ᠵᠦᠩ ᠴᠧᠩ ᠡᠷᠬᠢᠯᠡᠭᠴᠢ ᠶᠢᠨ ᠨᠠᠶᠢᠳᠠᠯᠭ᠎ᠠ ᠪᠠᠷ᠂ ᠳᠡᠳ᠋ ᠡᠷᠬᠢᠯᠡᠭᠴᠢ ᠬᠠᠨ ᠵᠢᠶᠠᠨ ᠭᠠᠩ ᠲᠤᠯᠤᠭᠠᠨ | ᠲᠠᠯ᠎ᠠ ᠶᠢᠨ ᠠᠵᠢᠯ ᠢ ᠴᠢᠬᠤᠯᠠᠴᠢᠯᠠᠭᠰᠠᠨ ᠪᠠᠶᠢᠨ᠎ᠠ᠃ ᠨᠢᠭᠡ ᠳᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠬᠤᠷᠠᠯᠳᠤᠭᠠᠨ ᠤ ᠵᠣᠷᠢᠭ | ᠰᠠᠨᠠᠭ᠎ᠠ ᠶᠢ ᠬᠢᠨᠠᠮᠠᠭᠠᠶ ᠤᠯᠠᠮᠵᠢᠯᠠᠨ ᠰᠤᠷᠤᠯᠴᠠᠬᠤ ᠬᠡᠷᠡᠭᠲᠡᠢ᠃ ᠠᠶᠢᠮᠠᠭ ᠬᠤᠳᠠ᠂ ᠬᠤᠰᠢᠭᠤ ᠰᠢᠶᠠᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠳᠠᠪᠬᠤᠷᠭ᠎ᠠ ᠳᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠤᠱᠯᠠᠭᠤᠯᠬᠤ | ᠳᠤ ᠦᠢᠯᠡᠴᠢᠯᠡᠬᠦ ᠠᠵᠢᠯ ᠢ ᠰᠠᠶᠢᠲᠤᠷ ᠬᠢᠬᠦ ᠶᠢᠨ ᠬᠠᠮᠲᠤ ᠶᠠᠳᠠᠭᠤ ᠶᠢ ᠲᠡᠳᠬᠦᠬᠦ ᠰᠢᠰᠲ᠋ᠧᠮ ᠤᠨ ᠪᠦᠬᠦ ᠺᠠᠳ᠋ᠷ | ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠬᠤᠶᠠᠷ ᠱᠠᠲᠤᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ | ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠭᠤᠯᠵᠤ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠤ ᠬᠠᠷᠠᠯᠲᠠ ᠶᠢᠨ ᠡᠭᠦᠷᠭᠡ᠂ ᠠᠷᠭᠠᠴᠠᠬᠤ ᠠᠷᠭ᠎ᠠ ᠬᠡᠮᠵᠢᠶ᠎ᠡ ᠶᠢ | ᠣᠶᠢᠯᠠᠭᠠᠭᠤᠯᠵᠤ᠂ ᠦᠨᠡᠨ ᠬᠦ ᠭᠦᠨᠵᠡᠭᠡᠶ ᠰᠤᠷᠤᠯᠴᠠᠨ ᠰᠤᠳᠤᠯᠵᠤ᠂ ᠵᠣᠷᠢᠭ ᠰᠠᠨᠠᠭᠠᠨ ᠤ ᠮᠥᠨ ᠴᠢᠨᠠᠷ ᠢ ᠨᠢ | ᠡᠵᠡᠮᠰᠢᠭᠦᠯᠬᠦ ᠬᠡᠷᠡᠭᠲᠡᠢ᠃ ᠲᠤᠬᠠᠶ ᠶᠢᠨ ᠭᠠᠵᠠᠷ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠢ ᠢᠳᠡᠪᠬᠢᠲᠡᠶ | ᠰᠠᠨᠠᠭᠠᠴᠢᠯᠠᠭ᠎ᠠ ᠠᠴᠠ ᠪᠠᠨ ᠬᠠᠮᠵᠢᠨ ᠠᠶᠢᠮᠠᠭ ᠬᠤᠳᠠ ᠶᠢᠨ ᠶᠠᠳᠠᠭᠤ ᠶᠢ ᠲᠡᠳᠬᠦᠬᠦ ᠠᠵᠢᠯ ᠤᠨ ᠬᠤᠷᠠᠯᠳᠤᠭᠠᠨ ᠤ | ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ᠃ ᠬᠤᠶᠠᠷ ᠲᠤ ᠲᠠᠩᠰᠠ ᠺᠠᠷᠲ ᠪᠠᠶᠢᠭᠤᠯᠬᠤ | ᠠᠵᠢᠯ ᠤᠨ ︽ᠮᠥᠷ ᠢᠶᠠᠨ ᠬᠠᠷᠠᠬᠤ︾ ᠠᠵᠢᠯ ᠢ ᠰᠠᠶᠢᠲᠤᠷ ᠬᠢᠬᠦ ᠬᠡᠷᠡᠭᠲᠡᠢ᠃ ︽ ᠬᠡᠨ ᠢ ᠳᠡᠳᠬᠦᠬᠦ︾ | ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠡᠯ᠎ᠡ ᠵᠦᠢᠯ ᠤᠨ ᠠᠵᠢᠯ | ᠳᠤᠮᠳᠠ ᠲᠠᠩᠰᠠ ᠺᠠᠷᠲ ᠪᠠᠶᠢᠭᠤᠯᠬᠤ ᠨᠢ ᠤᠷᠢᠲᠠᠯ ᠪᠣᠯᠣᠨ ᠰᠠᠭᠤᠷᠢ ᠪᠣᠯᠬᠤ ᠶᠢ ᠲᠣᠲᠤᠷᠬᠠᠶᠢᠯᠠᠬᠤ ᠬᠡᠷᠡᠭᠲᠡᠢ᠃ | ᠭᠤᠷᠪᠠ ᠳᠤ ︽13 · 5︾ ᠶᠢᠨ ᠶᠠᠳᠠᠭᠤ ᠶᠢ ᠲᠡᠳᠬᠦᠬᠦ ᠲᠥᠯᠥᠪᠵᠢᠭᠦᠯᠭᠡ ᠶᠢ ᠲᠡᠭᠦᠯᠳᠡᠷᠵᠢᠭᠦᠯᠬᠦ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ︽2017 ᠣᠨ ᠪᠣᠯᠬᠤ ᠳᠤ᠂ ᠲᠤᠶᠢᠯ ᠤᠨ ᠶᠠᠳᠠᠭᠤ | ᠬᠦᠴᠢᠷᠳᠡᠯᠲᠡᠶ ᠦᠵᠡᠭᠳᠡᠯ ᠢ ᠦᠨᠳᠦᠰᠦᠨ ᠳᠡᠭᠡᠨ ᠠᠷᠢᠯᠭᠠᠵᠤ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ | ᠶᠠᠳᠠᠭᠤ ᠬᠦᠴᠢᠷᠳᠡᠯᠲᠡᠶ ᠬᠤᠰᠢᠭᠤ ᠰᠢᠶᠠᠨ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ 2020 ᠣᠨ | ᠪᠣᠯᠬᠤ ᠳᠤ᠂ ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢ ᠲᠣᠭᠲᠠᠭᠤᠨ ᠢᠶᠠᠷ | ᠶᠠᠳᠠᠭᠤ ᠠᠴᠠ ᠠᠩᠭᠢᠵᠢᠷᠠᠭᠤᠯᠵᠤ᠂ ᠤᠯᠤᠰ ᠤᠨ ᠭᠤᠣᠯᠳᠠᠯᠭ᠎ᠠ ᠲᠠᠢ ᠶᠠᠳᠠᠭᠤ ᠬᠦᠴᠢᠷᠳᠡᠯᠲᠡᠶ ᠬᠤᠰᠢᠭᠤ ᠰᠢᠶᠠᠨ | ᠪᠦᠬᠦᠨ ᠢ ᠶᠠᠳᠠᠭᠤ ᠠᠴᠠ ᠠᠩᠭᠢᠵᠢᠷᠠᠭᠤᠯᠬᠤ︾ ᠬᠠᠷᠠᠯᠲᠠ ᠶᠢᠨ ᠱᠠᠭᠠᠷᠳᠠᠯᠭ᠎ᠠ ᠪᠠᠷ᠂ ᠣᠨ ᠤ ᠶᠠᠳᠠᠭᠤ ᠠᠴᠠ | ᠠᠩᠭᠢᠵᠢᠷᠠᠭᠤᠯᠬᠤ ᠲᠥᠯᠥᠪᠯᠡᠭᠡ ᠶᠢ ᠵᠦᠢ ᠵᠣᠬᠢᠰᠲᠠᠢ ᠲᠣᠭᠲᠠᠭᠠᠵᠤ᠂ ᠠᠶᠢᠮᠠᠭ ᠬᠤᠳᠠ ᠬᠤᠰᠢᠭᠤ ᠰᠢᠶᠠᠨ ᠨᠢ | ᠬᠤᠪᠢ ᠬᠥᠮᠥᠨ᠂ ᠭᠠᠴᠠᠭ᠎ᠠ ᠲᠣᠰᠬᠤᠨ ᠬᠦᠷᠲᠡᠯ᠎ᠡ ᠨᠠᠶᠢᠳᠠᠪᠤᠷᠢᠵᠢᠭᠤᠯᠬᠤ ᠬᠡᠷᠡᠭᠲᠡᠢ᠃ ᠳᠦᠷᠪᠡ ᠳᠤ ᠲᠤᠰ ᠭᠠᠵᠠᠷ | ᠣᠷᠣᠨ ᠤ ᠪᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ | ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠬᠢᠨᠠᠮᠠᠭᠠᠶ ᠰᠤᠳᠤᠯᠤᠨ ᠲᠣᠭᠲᠠᠭᠠᠬᠤ ᠬᠡᠷᠡᠭᠲᠡᠢ᠃ ᠡᠯ᠎ᠡ ᠱᠠᠲᠤᠨ ᠤ ᠶᠠᠳᠠᠭᠤ ᠶᠢ | ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠢ ᠲᠣᠬᠢᠷᠠᠭᠤᠯᠤᠨ ᠬᠠᠷᠭᠤᠭᠤᠯᠵᠤ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠳᠦᠯᠬᠢᠨ ᠠᠬᠢᠭᠤᠯᠬᠤ ᠲᠤᠰᠬᠠᠢ ᠳᠤᠭᠤᠶᠢᠯᠠᠩ | ᠪᠠᠶᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ | ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠥᠪᠡᠷᠲᠡᠭᠡᠨ ᠵᠠᠰᠠᠬᠤ ᠣᠷᠣᠨ ᠤ ︽ᠰᠠᠨᠠᠯ︾ ᠤᠨ ᠶᠣᠰᠣᠭᠠᠷ᠂ ᠲᠤᠰ ᠱᠠᠲᠤᠨ ᠤ | ᠬᠡᠷᠡᠭᠵᠢᠭᠦᠯᠬᠦ ᠲᠥᠰᠦᠯ ᠪᠤᠶᠤ ᠰᠠᠨᠠᠯ ᠢ ᠱᠠᠯᠠᠪᠳᠠᠨ ᠨᠡᠶᠢᠲᠡᠯᠡᠬᠦ ᠬᠡᠷᠡᠭᠲᠡᠢ᠃ ᠲᠠᠪᠤ ᠳᠤ ︽1+N︾ ᠳᠦᠬᠦᠷ | ᠲᠦᠷᠦ ᠶᠢᠨ ᠪᠤᠳᠤᠯᠭ᠎ᠠ ᠶᠢ ᠨᠡᠶᠢᠲᠡᠯᠡᠬᠦ ᠬᠡᠷᠡᠭᠲᠡᠢ᠃ ︽1︾ ᠭᠡᠳᠡᠭ ᠨᠢ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠲᠣᠭᠲᠠᠭᠠᠯ ᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠲᠣᠬᠠᠢ ᠥᠪᠡᠷᠲᠡᠭᠡᠨ ᠵᠠᠰᠠᠬᠤ ᠣᠷᠣᠨ ᠤ ᠰᠠᠨᠠᠯ ᠢ ᠵᠢᠭᠠᠵᠤ ᠪᠤᠢ᠂ ︽N︾ ᠭᠡᠳᠡᠭ ᠨᠢ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠤᠰᠬᠠᠶ ᠲᠦᠷᠦ ᠶᠢᠨ ᠪᠤᠳᠤᠯᠭ᠎ᠠ ᠶᠢᠨ ᠲᠥᠰᠦᠯ ᠢ ᠵᠢᠭᠠᠵᠤ ᠪᠠᠶᠢᠨ᠎ᠠ᠂ | ᠵᠢᠱᠢᠶᠡᠯᠡᠪᠡᠯ ᠤᠰᠤᠨ ᠠᠰᠢᠭᠯᠠᠯᠲᠠ᠂ ᠡᠷᠡᠭᠦᠯ ᠬᠠᠮᠠᠭᠠᠯᠠᠯ᠂ ᠵᠠᠮ ᠬᠠᠷᠢᠯᠴᠠᠭ᠎ᠠ᠂ ᠰᠤᠷᠭᠠᠨ ᠬᠥᠮᠦᠵᠢᠯ ᠵᠡᠷᠭᠡ | ᠪᠣᠯᠤᠨ᠎ᠠ᠃ ᠵᠢᠷᠭᠤᠭ᠎ᠠ ᠳᠤ ᠭᠠᠵᠠᠷ ᠰᠣᠯᠢᠨ ᠠᠷᠠᠳ ᠢ ᠨᠡᠭᠦᠯᠭᠡᠨ ᠶᠠᠳᠠᠭᠤ ᠶᠢ ᠳᠡᠳᠬᠦᠬᠦ ᠲᠥᠯᠥᠪᠵᠢᠭᠦᠯᠭᠡ᠂ | ᠲᠥᠰᠦᠯ ᠢ ᠰᠤᠳᠤᠯᠬᠤ ᠬᠡᠷᠡᠭᠲᠡᠢ᠃ ᠳᠣᠣᠷᠠᠳᠤ ᠱᠠᠲᠤ ᠠᠴᠠ ᠳᠡᠭᠡᠳᠦ ᠱᠠᠲᠤ ᠵᠦᠭ ᠲᠣᠭᠲᠠᠭᠠᠵᠤ᠂ ᠬᠡᠷᠡᠭᠵᠢᠭᠦᠯᠵᠦ | ᠪᠣᠯᠬᠤᠶᠢᠴᠠ ᠴᠢᠨᠠᠷ ᠲᠠᠢ ᠪᠠᠶᠢᠯᠭᠠᠬᠤ ᠬᠡᠷᠡᠭᠲᠡᠢ᠃ ᠲᠤᠯᠤᠭ᠎ᠠ ᠳᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ | ᠲᠣᠮᠤ ᠳ᠋ᠠᠶᠢᠲ᠋ᠠ ᠶᠢᠨ ᠲᠠᠪᠴᠠᠩ᠂ ᠭᠠᠴᠠᠭ᠎ᠠ ᠲᠣᠰᠬᠤᠨ ᠳᠤ ᠰᠠᠭᠤᠭ᠎ᠠ ᠺᠠᠳ᠋ᠷᠴᠤᠳ ᠤᠨ ᠠᠵᠢᠯ ᠤᠨ ᠲᠠᠪᠴᠠᠩ᠂ | ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠬᠤ | ᠬᠡᠷᠡᠭᠲᠡᠶ᠃ ᠲᠠᠩᠰᠠ ᠺᠠᠷᠲ ᠪᠠᠶᠢᠭᠤᠯᠬᠤ᠂ ᠭᠠᠴᠠᠭ᠎ᠠ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠪᠡᠯᠡ | ᠲᠣᠬᠢᠷᠠᠭᠤᠯᠭ᠎ᠠ ᠬᠢᠬᠦ ᠭᠤᠷᠪᠠᠨ ᠲᠦᠷᠦᠯ ᠤᠨ ᠲᠣᠮᠣ ᠳ᠋ᠠᠶᠢᠲ᠋ᠠ ᠶᠢ ᠰᠠᠶᠢᠲᠤᠷ ᠪᠠᠶᠢᠭᠤᠯᠵᠤ᠂ ᠰᠠᠶᠢᠲᠤᠷ ᠬᠡᠷᠡᠭᠯᠡᠬᠦ | ᠬᠡᠷᠡᠭᠲᠡᠶ᠃ ᠪᠡᠯᠡ ᠲᠣᠬᠢᠷᠠᠭᠤᠯᠭ᠎ᠠ ᠬᠢᠬᠦ ᠲᠠᠪᠴᠠᠩ ᠦᠭᠡᠢ ᠠᠶᠢᠮᠠᠭ ᠬᠤᠳᠠ᠂ ᠬᠤᠰᠢᠭᠤ ᠰᠢᠶᠠᠨ ᠪᠣᠯ ᠱᠠᠯᠠᠪᠳᠠᠨ | ᠪᠠᠶᠢᠭᠤᠯᠬᠤ ᠬᠡᠷᠡᠭᠲᠡᠢ᠃ ᠥᠨᠥᠭᠡᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠠᠯᠪᠠᠨ ᠬᠡᠷ ᠬᠢᠭᠡᠳ | ᠲᠠᠷᠢᠶᠠᠯᠠᠩ ᠤᠨ ᠬᠦᠭᠵᠢᠯᠲᠡ ᠶᠢᠨ ᠪᠠᠩᠬᠢ 300 ᠳ᠋ᠦᠩᠰᠢᠭᠤᠷ ᠲᠥᠭᠦᠷᠢᠭ ᠤᠨ ᠶᠠᠳᠠᠭᠤ ᠶᠢ ᠲᠡᠳᠬᠦᠬᠦ | ᠵᠢᠭᠡᠯᠡᠯᠭᠡ ᠶᠢᠨ ᠵᠥᠪᠯᠡᠯᠴᠡᠭᠡᠷ ᠲᠣᠭᠲᠠᠪᠠ᠂ ᠡᠯ᠎ᠡ ᠠᠶᠢᠮᠠᠭ ᠬᠤᠳᠠ ᠨᠤᠭᠤᠳ ᠬᠦᠯᠢᠶᠡᠬᠦ ᠦᠭᠡᠢ ᠨᠠᠶᠢᠳᠠᠬᠤ ᠦᠭᠡᠢ | ᠪᠠᠶᠢᠵᠤ᠂ ᠲᠤᠰ ᠬᠠᠷᠢᠶ᠎ᠠ ᠣᠷᠣᠨ ᠤ ᠪᠠᠩᠬᠢ ᠲᠠᠢ ᠪᠠᠨ ᠵᠤᠯᠭᠠᠯᠳᠤᠨ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ | ᠬᠡᠷᠡᠭᠲᠡᠢ᠃ | ᠡᠯ᠎ᠡ ᠠᠶᠢᠮᠠᠭ ᠬᠤᠳᠠ ᠶᠢᠨ ᠶᠠᠳᠠᠭᠤ ᠶᠢ ᠲᠡᠳᠬᠦᠬᠦ ᠠᠵᠢᠯ ᠤᠨ ᠠᠯᠪᠠᠨ ᠭᠡᠷ ᠤᠨ ᠡᠷᠬᠢᠯᠡᠭᠴᠢ ᠨᠠᠷ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠨᠠᠶᠢᠳᠠᠪᠤᠷᠢᠵᠢᠭᠤᠯᠬᠤ ᠲᠠᠯ᠎ᠠ ᠪᠠᠷ ᠥᠪᠡᠷ ᠥᠪᠡᠷ ᠤᠨ ᠰᠠᠨᠠᠯ ᠢᠶᠠᠨ | ᠢᠯᠡᠳᠬᠡᠵᠦ᠂ ᠶᠠᠳᠠᠭᠤ ᠶᠢ ᠲᠡᠳᠬᠦᠬᠦ ᠠᠵᠢᠯ ᠤᠨ ᠲᠠᠨᠢᠯᠲᠠ ᠣᠶᠢᠯᠠᠭᠠᠯᠲᠠ ᠪᠠᠨ ᠰᠣᠯᠢᠯᠴᠠᠪᠠ᠃ ᠥᠪᠡᠷᠲᠡᠭᠡᠨ | ᠵᠠᠰᠠᠬᠤ ᠣᠷᠣᠨ ᠤ ᠶᠠᠳᠠᠭᠤ ᠶᠢ ᠲᠡᠳᠬᠦᠬᠦ ᠠᠵᠢᠯ ᠤᠨ ᠠᠯᠪᠠᠨ ᠭᠡᠷ ᠤᠨ ᠪᠠᠶᠢᠭᠤᠯᠭ᠎ᠠ ᠶᠢᠨ ᠡᠯ᠎ᠡ ᠭᠠᠵᠠᠷ ᠭᠡᠷ᠂ | ᠪᠠᠶᠢᠭᠤᠯᠭ᠎ᠠ ᠶᠢᠨ ᠨᠠᠮ ᠤᠨ ᠬᠤᠷᠢᠶ᠎ᠠ ᠪᠣᠯᠣᠨ ᠠᠵᠢᠯ ᠦᠢᠯᠡᠰ ᠤᠨ ᠨᠢᠭᠡᠴᠡ ᠶᠢᠨ ᠳᠡᠳ᠋ ᠭᠠᠵᠠᠷ ᠤᠨ ᠳᠡᠰ ᠠᠴᠠ | ᠳᠡᠭᠡᠭᠰᠢᠬᠢ ᠺᠠᠳ᠋ᠷᠴᠤᠳ ᠬᠤᠷᠠᠯ ᠳᠤ ᠣᠷᠣᠯᠴᠠᠵᠠᠶ᠃ |