ᠤᠶᠢᠷ᠎ᠠ ᠳᠤ᠂ ᠬᠦᠬᠡᠬᠤᠲᠠ ᠶᠢᠨ ᠬᠦᠳᠡᠭᠡ ᠲᠤᠰᠬᠤᠨ ᠤ ᠰᠢᠨ᠎ᠡ ᠬᠡᠯᠪᠡᠷᠢ ᠶᠢᠨ ᠬᠤᠷᠰᠢᠭᠰᠠᠨ ᠡᠮᠨᠡᠯᠭᠡ ᠶᠢᠨ | ᠬᠠᠮᠢᠶᠠᠷᠤᠯᠲᠠ ᠶᠢᠨ ᠲᠥᠪ ᠠᠴᠠ ᠤᠶᠢᠯᠭᠠᠭᠰᠠᠨ ᠢᠶᠠᠷ᠂ ᠦᠪᠡᠷᠲᠡᠭᠡᠨ ᠵᠠᠰᠠᠬᠤ ᠤᠷᠤᠨ ᠤ ᠦᠭᠡᠷᠡᠴᠢᠯᠡᠯᠲᠡ | ᠬᠦᠭᠵᠢᠭᠦᠯᠦᠯᠲᠡ ᠶᠢᠨ ᠵᠦᠪᠯᠡᠯ ᠵᠡᠷᠭᠡ ᠵᠢᠷᠭᠤᠭᠠᠨ ᠰᠠᠯᠠᠭ᠎ᠠ ᠮᠦᠴᠢᠷ ᠤᠨ ᠲᠠᠷᠬᠠᠭᠠᠭᠰᠠᠨ ︽ᠬᠤᠲᠠ ᠬᠦᠳᠡᠭᠡ ᠶᠢᠨ | ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠠᠵᠢᠯ ᠢ ᠦᠷᠨᠢᠭᠦᠯᠬᠦ ᠲᠤᠬᠠᠢ ᠦᠪᠦᠷ | ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠡᠷᠡᠭᠵᠢᠭᠦᠯᠬᠦ ᠰᠠᠨᠠᠯ︾ ᠢ ᠦᠨᠳᠦᠰᠦᠯᠡᠵᠦ᠂ ᠬᠦᠬᠡᠬᠤᠲᠠ ᠶᠢᠨ | ᠬᠦᠳᠡᠭᠡ ᠲᠤᠰᠬᠤᠨ ᠤ ᠰᠢᠨ᠎ᠡ ᠬᠡᠯᠪᠡᠷᠢ ᠶᠢᠨ ᠬᠤᠷᠰᠢᠭᠰᠠᠨ ᠡᠮᠨᠡᠯᠭᠡ ᠶᠢᠨ ᠬᠠᠮᠢᠶᠠᠷᠤᠯᠲᠠ ᠶᠢᠨ ᠲᠥᠪ ᠠᠴᠠ | ᠬᠦᠬᠡᠬᠤᠲᠠ ᠶᠢᠨ ᠪᠣᠢ ᠪᠦᠬᠦᠢ ᠬᠦᠳᠡᠭᠡ ᠲᠤᠰᠬᠤᠨ ᠤ ᠰᠢᠨ᠎ᠡ ᠬᠡᠯᠪᠡᠷᠢ ᠶᠢᠨ ᠬᠤᠷᠰᠢᠭᠰᠠᠨ ᠡᠮᠨᠡᠯᠭᠡ ᠶᠢᠨ ᠳᠠᠭᠠᠳᠬᠠᠯ | ᠳᠤ ᠣᠷᠣᠯᠴᠠᠭᠰᠠᠨ ᠬᠦᠮᠦᠨ ᠪᠦᠷᠢ ᠳᠤ ᠨᠢᠭᠡ ᠬᠤᠪᠢ ᠬᠦᠨᠳᠦ ᠶᠡᠭᠡ ᠡᠪᠡᠳᠴᠢᠨ ᠤ ᠬᠤᠳᠠᠯᠳᠤᠭᠠᠨ ᠤ ᠳᠠᠭᠠᠳᠬᠠᠯ ᠢ | ᠬᠤᠳᠠᠯᠳᠤᠨ ᠠᠪᠤᠨ ᠦᠭᠴᠦ᠂ 2015 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2015 ᠣᠨ ᠤ 12 | ᠳ᠋ᠤᠭᠠᠷ ᠰᠠᠷ᠎ᠠ ᠶᠢᠨ 31 ᠤ ᠡᠳᠦᠷ ᠬᠦᠷᠲᠡᠯᠡᠬᠢ ᠬᠤᠭᠤᠴᠠᠭᠠᠨ ᠳᠤ ᠬᠦᠬᠦᠨ ᠪᠤᠯᠴᠢᠷᠬᠠᠶ ᠶᠢᠨ ᠥᠮᠡᠨ᠂ ᠰᠠᠪᠠᠨ ᠤ | ᠬᠦᠵᠦᠭᠦᠨ ᠤ ᠥᠮᠡᠨ᠂ ᠠᠭᠤᠰᠬᠢᠨ ᠥᠮᠡᠨ᠂ ᠨᠠᠷᠢ ᠡᠪᠡᠳᠴᠢᠨ᠂ ᠬᠤᠳᠣᠭᠤᠳᠣᠨ ᠥᠮᠡᠨ᠂ ᠬᠤᠲᠣᠷᠢᠩᠬᠠᠶ | ᠭᠡᠳᠡᠰᠦᠨ ᠤ ᠥᠮᠡᠨ᠂ ᠰᠢᠯᠤᠭᠤᠨ ᠭᠡᠳᠡᠰᠦᠨ ᠤ ᠥᠮᠡᠨ᠂ ᠵᠢᠷᠦᠬᠡᠨ ᠤ ᠪᠤᠯᠴᠢᠩ ᠤᠨ ᠲᠦᠷᠭᠡᠨ ᠲᠦᠭᠵᠢᠷᠡᠯ᠂ | ᠲᠠᠷᠢᠬᠢᠨ ᠰᠤᠳᠠᠯ ᠤᠨ ᠲᠦᠭᠵᠢᠷᠡᠯ᠂ ᠴᠢᠰᠤᠨᠰᠠᠭ ᠡᠪᠡᠳᠴᠢᠨ᠂ ᠠᠶᠢᠽ ᠡᠪᠡᠳᠴᠢᠨ᠂ I ᠬᠡᠯᠪᠡᠷᠢ ᠶᠢᠨ ᠰᠢᠬᠢᠷ | ᠰᠢᠵᠢᠩ ᠡᠪᠡᠳᠴᠢᠨ᠂ ᠪᠠᠮᠪᠠᠢ ᠪᠤᠯᠴᠢᠷᠬᠠᠶ ᠶᠢᠨ ᠠᠵᠢᠯᠯᠠᠭ᠎ᠠ ᠳᠠᠪᠠᠷᠠᠯ ᠵᠡᠷᠭᠡ 13 ᠵᠦᠢᠯ ᠤᠨ ᠡᠪᠡᠳᠴᠢᠨ ᠳᠤ | ᠨᠡᠷᠪᠡᠭᠳᠡᠭᠰᠡᠨ ᠪᠦᠭᠡᠳ ᠬᠤᠶᠠᠳᠤᠭᠠᠷ ᠳᠡᠰ ᠠᠴᠠ ᠳᠡᠭᠡᠭᠰᠢ ᠡᠮᠨᠡᠯᠭᠡ ᠶᠢᠨ ᠪᠠᠶᠢᠭᠤᠯᠤᠮᠵᠢ ᠶᠢᠨ ᠡᠮᠨᠡᠯᠭᠡ ᠳᠤ ᠰᠠᠭᠤᠨ | ᠡᠮᠨᠡᠭᠦᠯᠬᠦ ᠬᠤᠭᠤᠴᠠᠭᠠᠨ ᠳᠤ ᠪᠣᠢ ᠪᠣᠯᠤᠭᠰᠠᠨ ᠵᠠᠷᠤᠳᠠᠯ ᠪᠦᠬᠦᠨ ᠢ᠂ ᠳᠠᠭᠠᠳᠬᠠᠯ ᠤᠨ ᠺᠣᠮᠫᠠᠨᠢ ᠲᠠᠢ ᠲᠣᠭᠲᠠᠭᠰᠠᠨ | ᠨᠦᠬᠦᠪᠦᠷᠢ ᠶᠢᠨ ᠵᠦᠪᠯᠡᠯᠴᠡᠭᠡᠷ ᠶᠣᠰᠤᠭᠠᠷ ᠳᠡᠭᠡᠷ᠎ᠡ ᠳᠤᠷᠠᠳᠤᠭᠰᠠᠨ ᠨᠦᠭᠦᠴᠡᠯ ᠳᠤ ᠨᠡᠶᠢᠴᠡᠭᠰᠡᠨ ᠬᠦᠳᠡᠭᠡ | ᠲᠤᠰᠬᠤᠨ ᠤ ᠰᠢᠨ᠎ᠡ ᠬᠡᠯᠪᠡᠷᠢ ᠶᠢᠨ ᠬᠤᠷᠰᠢᠭᠰᠠᠨ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠳᠤ | ᠬᠤᠶᠠᠷᠳᠡᠬᠢ ᠤᠳᠠᠭ᠎ᠠ ᠨᠦᠬᠦᠪᠦᠷᠢ ᠥᠭᠬᠦ ᠪᠠᠷ ᠪᠣᠯᠪᠠ᠃ | ᠤᠶᠢᠯᠭᠠᠭᠰᠠᠨ ᠢᠶᠠᠷ᠂ 2015 ᠣᠨ ᠤ ᠬᠦᠨᠳᠦ ᠡᠪᠡᠳᠴᠢᠨ ᠤ ᠬᠤᠳᠠᠯᠳᠤᠭᠠᠨ ᠤ ᠳᠠᠭᠠᠳᠬᠠᠯ ᠤᠨ | ᠬᠦᠯᠢᠶᠡᠨ ᠠᠪᠴᠤ ᠭᠦᠢᠴᠡᠳᠭᠡᠬᠦ ᠬᠤᠭᠤᠴᠠᠭ᠎ᠠ ᠶᠢ 2015 ᠣᠨ ᠤ 12 ᠳ᠋ᠤᠭᠠᠷ ᠰᠠᠷ᠎ᠠ ᠶᠢᠨ 15 ᠤ ᠡᠳᠦᠷ ᠢᠶᠠᠷ | ᠬᠢᠵᠠᠭᠠᠷᠯᠠᠪᠠ᠂ ᠡᠨᠡ ᠬᠤᠭᠤᠴᠠᠭᠠᠨ ᠳᠤ ᠳᠠᠭᠠᠳᠬᠠᠯ ᠤᠨ ᠺᠣᠮᠫᠠᠨᠢ ᠠᠴᠠ ᠨᠦᠬᠦᠪᠦᠷᠢ ᠶᠢᠨ ᠮᠦᠩᠭᠦ ᠠᠪᠬᠤ ᠳᠤ | ᠱᠠᠭᠠᠷᠳᠠᠭᠳᠠᠬᠤ ᠪᠣᠢ ᠪᠦᠬᠦᠢ ᠮᠠᠲ᠋ᠧᠷᠢᠶᠠᠯ ᠢ ᠴᠤᠭᠯᠠᠭᠤᠯᠵᠤ᠂ ᠭᠠᠷᠳᠠᠮ ᠨᠢ ᠭᠦᠢᠴᠡᠳ ᠪᠣᠯᠤᠭᠰᠠᠨ ᠤ ᠳᠠᠷᠠᠭ᠎ᠠ᠂ | ᠡᠴᠦᠰ ᠤᠨ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠦᠨᠳᠦᠰᠦᠯᠡᠵᠦ᠂ ᠡᠪᠡᠳᠴᠢᠲᠡᠨ ᠤ ᠬᠤᠪᠢ ᠬᠦᠮᠦᠨ ᠤ | ᠪᠠᠩᠬᠢ ᠶᠢᠨ ᠺᠠᠷᠲ ᠪᠠᠷ ᠨᠢ ᠳᠠᠮᠵᠢᠭᠤᠯᠤᠨ ᠨᠦᠬᠦᠪᠦᠷᠢ ᠶᠢᠨ ᠮᠦᠩᠭᠦ ᠶᠢ ᠣᠯᠭᠤᠨ᠎ᠠ᠃ ᠡᠨᠡ ᠵᠢᠯ ᠳᠤ ᠡᠮᠨᠡᠯᠭᠡ ᠠᠴᠠ | ᠭᠠᠷᠤᠭᠠᠳᠤᠢ ᠡᠪᠡᠳᠴᠢᠲᠡᠨ ᠵᠢᠴᠢ ᠭᠠᠷᠳᠠᠮ ᠢᠶᠠᠨ ᠭᠦᠢᠴᠡᠳᠭᠡᠭᠡᠳᠦᠢ ᠡᠪᠡᠳᠴᠢᠲᠡᠨ ᠳᠤ ᠪᠣᠯ ᠮᠡᠳᠡᠭᠳᠡᠯ ᠢ | ᠦᠨᠳᠦᠰᠦᠯᠡᠵᠦ 2016 ᠣᠨ ᠳᠤ ᠦᠷᠭᠦᠯᠵᠢᠯᠡᠨ ᠬᠠᠮᠢᠶ᠎ᠠ ᠪᠦᠬᠦᠢ ᠭᠠᠷᠳᠠᠮ ᠢ ᠭᠦᠢᠴᠡᠳᠬᠡᠵᠦ ᠪᠣᠯᠤᠨ᠎ᠠ᠃ |