2016 ᠣᠨ ᠤ ᠪᠦᠬᠦ ᠣᠷᠣᠨ ᠤ ᠲᠤᠰᠬᠠᠶ ᠮᠡᠷᠭᠡᠵᠢᠯᠲᠡᠨ ᠤ ᠮᠡᠷᠭᠡᠵᠢᠯ ᠤᠨ ᠴᠣᠯᠠ ᠶᠢᠨ ᠭᠠᠳᠠᠭᠠᠳᠤ | ᠬᠡᠯᠡᠨ ᠤ ᠵᠡᠷᠭᠡ ᠳᠡᠰ ᠤᠨ ᠨᠢᠭᠡᠳᠦᠯᠲᠡᠶ ᠰᠢᠯᠭᠠᠯᠲᠠ 12 ᠳ᠋ᠦ᠋ᠭᠡᠷ ᠰᠠᠷ᠎ᠠ ᠶᠢᠨ 10 ᠤ ᠡᠳᠦᠷ ᠡᠬᠢᠯᠡᠨ ᠨᠡᠷ᠎ᠡ | ᠮᠡᠳᠡᠭᠦᠯᠦᠨ᠎ᠡ᠂ 12 ᠳ᠋ᠦ᠋ᠭᠡᠷ ᠰᠠᠷ᠎ᠠ ᠶᠢᠨ 31 ᠤ ᠡᠳᠦᠷ ᠳᠠᠭᠤᠰᠤᠨ᠎ᠠ᠃ | ᠲᠤᠰ ᠤᠳᠠᠭᠠᠨ ᠤ ᠰᠢᠯᠭᠠᠯᠲᠠ ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠦ᠂ ᠰᠦᠯᠵᠢᠶᠡᠨ ᠳᠡᠭᠡᠷ᠎ᠡ ᠰᠦᠢᠳᠬᠡᠯ | ᠲᠤᠰᠢᠶᠠᠬᠤ ᠠᠷᠭ᠎ᠠ ᠶᠢ ᠠᠪᠤᠨ᠎ᠠ᠂ ᠬᠢᠷᠢ ᠬᠡᠮ ᠢ ᠬᠢᠨᠠᠨ ᠪᠠᠶᠢᠴᠠᠭᠠᠬᠤ ᠦᠭᠡᠢ᠃ ᠨᠡᠷ᠎ᠡ ᠮᠡᠳᠡᠭᠦᠯᠵᠦ ᠨᠤᠲᠠᠯᠠᠨ | ᠲᠤᠭᠲᠠᠭᠠᠭᠰᠠᠨ ᠤ ᠳᠠᠷᠠᠭ᠎ᠠ᠂ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠪᠠᠯ ᠪᠤᠯᠴᠢᠬᠠᠨ᠎ᠠ᠃ ᠨᠡᠷ᠎ᠡ ᠮᠡᠳᠡᠭᠦᠯᠬᠦ | ᠬᠥᠮᠦᠰ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠭᠰᠠᠨ ᠤ ᠪᠠᠨ ᠳᠠᠷᠠᠭ᠎ᠠ ᠰᠠᠶ᠋ᠢ ᠨᠡᠷ᠎ᠡ ᠮᠡᠳᠡᠭᠦᠯᠦᠭᠰᠡᠨ ᠳᠤ | ᠲᠤᠭᠠᠴᠢᠨ᠎ᠠ᠃ ᠮᠡᠷᠭᠡᠵᠢᠯ ᠤᠨ ᠴᠣᠯᠠ ᠶᠢᠨ ᠭᠠᠳᠠᠭᠠᠳᠤ ᠬᠡᠯᠡᠨ ᠤ ᠰᠢᠯᠭᠠᠯᠲᠠ ᠳᠤ ᠠᠩᠭ᠍ᠯᠢ ᠬᠡᠯᠡ᠂ ᠶᠠᠫᠣᠨ ᠬᠡᠯᠡ᠂ | ᠣᠷᠣᠰ ᠬᠡᠯᠡ᠂ ᠭᠧᠷᠮᠡᠨ ᠬᠡᠯᠡ᠂ ᠹᠷᠠᠨᠼᠢ ᠬᠡᠯᠡ᠂ ᠢᠰᠫᠠᠨᠢ ᠬᠡᠯᠡ ᠵᠡᠷᠭᠡ ᠵᠢᠷᠭᠤᠭᠠᠨ ᠬᠡᠯᠡ ᠰᠢᠯᠭᠠᠵᠤ᠂ ᠬᠡᠯᠡᠨ | ᠨᠢᠭᠡᠪᠦᠷᠢ ᠶᠢ A ᠳᠡᠰ᠂ B ᠳᠡᠰ᠂ C ᠳᠡᠰ ᠭᠤᠷᠪᠠᠨ ᠳᠡᠰ ᠬᠤᠪᠢᠶᠠᠨ᠎ᠠ᠃ ᠡᠭᠦᠨ ᠤ ᠳᠣᠲᠣᠷ᠎ᠠ ᠠᠩᠭ᠍ᠯᠢ ᠬᠡᠯᠡ ᠶᠢ | ᠶᠡᠷᠦᠩᠬᠡᠶᠢᠯᠡᠭᠰᠡᠨ᠂ ᠪᠠᠶᠢᠭᠠᠯᠢ ᠶᠢᠨ ᠰᠢᠨᠵᠢᠯᠡᠬᠦ ᠤᠬᠠᠭᠠᠨ᠂ ᠡᠷᠡᠭᠦᠯ ᠬᠠᠮᠠᠭᠠᠯᠠᠯ ᠵᠡᠷᠭᠡ 3 ᠲᠤᠰᠬᠠᠶ ᠮᠡᠷᠭᠡᠵᠢᠯ ᠢᠶᠠᠷ | ᠬᠤᠪᠢᠶᠠᠪᠠ᠂ ᠪᠤᠰᠤᠳ ᠬᠡᠯᠡᠨ ᠳᠤ ᠲᠤᠰᠬᠠᠶ ᠮᠡᠷᠭᠡᠵᠢᠯ ᠭᠠᠷᠭᠠᠬᠤ ᠦᠭᠡᠢ᠃ ᠨᠡᠷ᠎ᠡ ᠮᠡᠳᠡᠭᠦᠯᠬᠦ ᠬᠥᠮᠦᠰ ᠪᠦᠬᠦ | ᠤᠯᠤᠰ ᠤᠨ ᠲᠤᠰᠬᠠᠶ ᠮᠡᠷᠭᠡᠵᠢᠯ ᠤᠨ ᠠᠵᠢᠯᠲᠠᠨ ᠤ ᠬᠢᠷᠢ ᠬᠡᠮ ᠤᠨ ᠰᠢᠯᠭᠠᠯᠲᠠ ᠳᠤ ᠨᠡᠷ᠎ᠡ ᠮᠡᠳᠡᠭᠦᠯᠬᠦ | ᠦᠢᠯᠡᠴᠢᠯᠡᠭᠡᠨ ᠤ ᠲᠠᠪᠴᠠᠩ ᠳᠤ ᠰᠢᠭᠤᠳ ᠨᠡᠷ᠎ᠡ ᠮᠡᠳᠡᠭᠦᠯᠵᠦ ᠪᠤᠯᠤᠨ᠎ᠠ᠂ ᠨᠡᠷ᠎ᠡ ᠮᠡᠳᠡᠭᠦᠯᠬᠦ ᠰᠦᠯᠵᠢᠶᠡᠨ ᠤ ᠬᠠᠶ᠋ᠢᠭ | ᠨᠢ ᠳᠤᠮᠳᠠᠳᠤ ᠤᠯᠤᠰ ᠤᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠰᠦᠯᠵᠢᠶ᠎ᠡ ︵www.cpta.com. | cn︶ ᠪᠤᠶᠤ ᠨᠡᠷ᠎ᠡ ᠮᠡᠳᠡᠭᠦᠯᠬᠦ ᠵᠠᠭᠠᠭ ᠨᠢᠭᠤᠷ ︵zg.cpta.com.cn/examfront︶᠃ | ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠦᠷᠭᠦᠯᠵᠢᠯᠡᠨ ᠮᠣᠩᠭᠤᠯ ᠬᠡᠯᠡ᠂ ᠡᠷᠲᠡᠨ ᠤ ᠬᠢᠲᠠᠳ | ᠬᠡᠯᠡᠨ ᠤ ᠰᠢᠯᠭᠠᠯᠲᠠ ᠶᠢ ᠵᠤᠬᠢᠶᠠᠨ ᠪᠠᠶᠢᠭᠤᠯᠵᠤ᠂ B ᠳᠡᠰ᠂ C ᠳᠡᠰ 2 ᠳᠡᠰ ᠳᠤ ᠬᠤᠪᠢᠶᠠᠪᠠ᠃ ᠨᠡᠷ᠎ᠡ | ᠮᠡᠳᠡᠭᠦᠯᠬᠦ ᠬᠥᠮᠦᠰ ᠥᠪᠥᠷ ᠮᠣᠩᠭᠤᠯ ᠤᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠮᠡᠳᠡᠭᠡ ᠵᠠᠩᠭᠢ ᠶᠢᠨ | ᠰᠦᠯᠵᠢᠶ᠎ᠡ ︵http://www.impta.com︶ ᠳᠤ ᠭᠠᠷᠴᠤ ᠨᠡᠷ᠎ᠡ ᠮᠡᠳᠡᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠰᠢᠯᠭᠠᠯᠲᠠ ᠶᠢᠨ ᠲᠤᠭᠤᠷᠢᠭ ᠤᠨ ᠰᠢᠯᠭᠠᠬᠤ ᠭᠠᠵᠠᠷ ᠢ | ᠬᠥᠬᠡᠬᠤᠲᠠ ᠳᠤ ᠪᠠᠶᠢᠷᠢᠯᠠᠭᠤᠯᠵᠤ᠂ ᠡᠯ᠎ᠡ ᠠᠶᠢᠮᠠᠭ ᠬᠤᠳᠠ ᠰᠢᠯᠭᠠᠯᠲᠠ ᠶᠢᠨ ᠲᠣᠭᠤᠷᠢᠭ ᠤᠨ ᠰᠢᠯᠭᠠᠬᠤ ᠭᠠᠵᠠᠷ ᠢ | ᠠᠶᠢᠮᠠᠭ ᠤᠨ ᠵᠠᠬᠢᠷᠭ᠎ᠠ᠂ ᠬᠤᠲᠠ ᠶᠢᠨ ᠵᠠᠰᠠᠭ ᠤᠨ ᠣᠷᠳᠣᠨ ᠵᠡᠷᠭᠡ ᠰᠠᠭᠤᠭ᠎ᠠ ᠭᠠᠵᠠᠷ ᠳᠤᠨᠢ ᠪᠠᠶᠢᠷᠢᠯᠠᠭᠤᠯᠵᠡᠢ᠃ | ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ︵ᠪᠦᠯᠦᠭᠯᠡᠯ︶᠂ ᠶᠡᠭᠡ ᠬᠢᠩᠭᠠᠨ ᠳᠠᠪᠠᠭᠠᠨ ᠤ ᠣᠢ ᠰᠢᠭᠤᠶ ᠶᠢᠨ | ᠬᠠᠮᠢᠶᠠᠷᠤᠯᠲᠠ ᠶᠢᠨ ᠲᠤᠪᠴᠢᠶ᠎ᠠ ᠶᠢᠨ ᠰᠢᠯᠭᠠᠯᠲᠠ ᠶᠢᠨ ᠲᠣᠭᠤᠷᠢᠭ ᠤᠨ ᠰᠢᠯᠭᠠᠬᠤ ᠭᠠᠵᠠᠷ ᠢ ᠠᠵᠤ ᠠᠬᠤᠶᠢᠯᠠᠯ ᠤᠨ | ᠪᠠᠶᠢᠭ᠎ᠠ ᠭᠠᠵᠠᠷ ᠳᠤᠨᠢ ᠲᠤᠬᠢᠷᠠᠭᠤᠯᠵᠡᠢ᠃ |