ᠦᠷᠭᠦᠯᠵᠢᠯᠡᠨ ᠬᠦᠴᠦᠨ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠭᠠᠷᠴᠠᠭ ᠢ ᠨᠡᠶᠢᠲᠡᠯᠡᠬᠦ ᠲᠤᠬᠠᠢ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠮᠡᠳᠡᠭᠳᠡᠯ
ᠨᠡᠶᠢᠲᠡᠯᠡᠭᠰᠡᠨ ᠴᠠᠭ᠄
2015/12/14
     ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠬᠤ ᠪᠠ ᠳᠠᠩᠰᠠᠯᠠᠭᠤᠯᠬᠤ ᠳᠤ ᠬᠢᠨᠠᠯᠲᠠ ᠲᠠᠯᠪᠢᠬᠤ ᠠᠷᠭ᠎ᠠ︾ ︵ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠷᠯᠢᠭ ᠤᠨ 191 ᠳ᠋ᠦ᠋ᠭᠡᠷ ᠲᠣᠭᠠᠲᠤ︶᠎ ᠶᠢᠨ ᠬᠤᠯᠪᠤᠭᠳᠠᠯ ᠪᠦᠬᠦᠢ ᠲᠣᠭᠲᠠᠭᠠᠯ ᠪᠠ ︽ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠪᠦᠬᠦ ᠲᠠᠯ᠎ᠠ ᠪᠠᠷ ᠢᠯᠭᠠᠷᠠᠭᠤᠯᠬᠤ ᠠᠵᠢᠯ ᠢ ᠦᠷᠨᠢᠭᠦᠯᠬᠦ ᠲᠤᠬᠠᠢ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠮᠡᠳᠡᠭᠳᠡᠯ︾ ︵ᠦᠪᠦᠷ ᠵᠠᠰᠠᠭ ᠠᠯᠪᠠᠨ ᠲᠠᠷᠬᠠᠭᠠᠭᠰᠠᠨ ﹇2015﹈ 61 ᠳ᠋ᠦ᠋ᠭᠡᠷ ᠲᠣᠭᠠᠲᠤ᠂ ᠳᠣᠷᠤᠭᠰᠢ ︽ᠮᠡᠳᠡᠭᠳᠡᠯ︾ ᠭᠡᠵᠦ ᠲᠣᠪᠴᠢᠯᠠᠨ᠎ᠠ︶᠎ ᠤᠨ ᠪᠠᠶᠢᠷᠢᠯᠠᠭᠤᠯᠤᠯᠲᠠ ᠶᠢ ᠦᠨᠳᠦᠰᠦᠯᠡᠵᠦ᠂ ᠦᠪᠡᠷᠲᠡᠭᠡᠨ ᠵᠠᠰᠠᠬᠤ ᠤᠷᠤᠨ ᠤ ᠬᠠᠤᠯᠢ ᠳᠦᠷᠢᠮ ᠤᠨ ᠠᠯᠪᠠᠨ ᠭᠡᠷ ᠲᠦᠷᠦᠭᠦᠯᠦᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠵᠢᠴᠢ ᠵᠠᠰᠠᠭ ᠤᠨ ᠤᠷᠳᠤᠨ ᠤ ᠠᠯᠪᠠᠨ ᠲᠢᠩᠬᠢᠮ ᠤᠨ2014 ᠣᠨ ᠤ ᠵᠢᠯ ᠤᠨ ᠡᠴᠦᠰ ᠠᠴᠠ ᠡᠮᠦᠨ᠎ᠡ ᠨᠡᠶᠢᠲᠡᠯᠡᠭᠰᠡᠨ ᠣᠳᠣ ᠬᠡᠷᠡᠭᠵᠢᠭᠦᠯᠬᠦ ᠬᠦᠴᠦᠨ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ ᠪᠦᠬᠦ ᠲᠠᠯ᠎ᠠ ᠶᠢᠨ ᠢᠯᠭᠠᠷᠠᠭᠤᠯᠤᠯᠳᠠ ᠬᠢᠪᠡ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠤᠤᠯ ᠤᠨ ᠲᠤᠭᠤᠷᠪᠢᠨ ᠪᠢᠴᠢᠭᠰᠡᠨ ᠰᠠᠯᠠᠭ᠎ᠠ ᠮᠥᠴᠢᠷ ᠪᠠ ᠬᠡᠷᠡᠭᠵᠢᠭᠦᠯᠬᠦ ᠰᠠᠯᠠᠭ᠎ᠠ ᠮᠦᠴᠢᠷ ᠤᠨ ᠰᠠᠨᠠᠯ ᠪᠠ ᠰᠠᠨᠠᠭᠤᠯᠭ᠎ᠠ ᠶᠢ ᠬᠤᠷᠢᠶᠠᠭᠰᠠᠨ ᠤ ᠰᠠᠭᠤᠷᠢᠨ ᠳᠡᠭᠡᠷ᠎ᠡ᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠦᠷᠭᠦᠯᠵᠢᠯᠡᠨ ᠬᠦᠴᠦᠨ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠭᠠᠷᠴᠠᠭ︾᠎ ᠢ ᠪᠣᠢ ᠪᠣᠯᠭᠠᠪᠠ᠃      ᠦᠨᠥ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠦᠷᠭᠦᠯᠵᠢᠯᠡᠨ ᠬᠦᠴᠦᠨ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠭᠠᠷᠴᠠᠭ︾᠎ ᠢ ᠨᠡᠶᠢᠲᠡᠯᠡᠪᠡ᠂ ᠡᠭᠦᠨ ᠳᠤ ᠵᠢᠭᠰᠠᠭᠠᠭᠰᠠᠨ 452 ᠬᠤᠪᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠤᠰ ᠮᠡᠳᠡᠭᠳᠡᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠦᠴᠦᠨ ᠪᠦᠬᠦᠢ ᠬᠤᠭᠤᠴᠠᠭ᠎ᠠ ᠶᠢ ᠨᠢ 5 ᠵᠢᠯ ᠤᠷᠳᠤᠳᠬᠠᠨ᠎ᠠ᠃ 2014 ᠣᠨ ᠤ ᠵᠢᠯ ᠤᠨ ᠡᠴᠦᠰ ᠠᠴᠠ ᠡᠮᠦᠨ᠎ᠡ ᠨᠡᠶᠢᠲᠡᠯᠡᠭᠰᠡᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠰ ᠭᠠᠷᠴᠠᠭ ᠲᠤ ᠣᠷᠤᠭᠤᠯᠤᠭᠰᠠᠨ ᠦᠭᠡᠢ ᠪᠠᠶᠢᠪᠠᠯ ᠪᠣᠯ᠂ ᠲᠤᠰ ᠮᠡᠳᠡᠭᠳᠡᠯ ᠢ ᠨᠡᠶᠢᠲᠡᠯᠡᠭᠰᠡᠨ ᠡᠳᠦᠷ ᠠᠴᠠ ᠡᠬᠢᠯᠡᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠦᠨᠳᠦᠰᠦᠯᠡᠯ ᠪᠣᠯᠭᠠᠵᠤ ᠣᠭᠲᠣ ᠪᠣᠯᠬᠤ ᠦᠭᠡᠶ᠃ ᠵᠠᠰᠠᠪᠤᠷᠢ ᠣᠷᠤᠭᠤᠯᠬᠤ ᠭᠠᠷᠴᠠᠭ ᠲᠤ ᠤᠷᠤᠭᠤᠯᠤᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠠᠮᠢᠶ᠎ᠠ ᠪᠦᠬᠦᠢ ᠳᠡᠰ ᠳᠠᠷᠠᠭᠠᠯᠠᠯ ᠶᠣᠰᠤᠭᠠᠷ ᠵᠠᠰᠠᠪᠤᠷᠢ ᠤᠷᠤᠭᠤᠯᠤᠭᠰᠠᠨ ᠤ ᠳᠠᠷᠠᠭ᠎ᠠ ᠳᠠᠬᠢᠨ ᠨᠡᠶᠢᠲᠡᠯᠡᠬᠦ ᠬᠡᠷᠡᠭᠲᠡᠢ᠃               ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ                                              2015ᠣᠨ ᠤ12 ᠳ᠋ᠤᠭᠠᠷ ᠰᠠᠷ᠎ᠠ ᠶᠢᠨ9᠎ ᠤ ᠡᠳᠦᠷᠳᠠᠭᠠᠯᠳᠤᠭᠤᠯᠤᠯ᠄ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠦᠷᠭᠦᠯᠵᠢᠯᠡᠨ ᠬᠦᠴᠦᠨ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠭᠠᠷᠴᠠᠭ᠂ pdf ︵ᠨᠠᠷᠢᠨ ᠠᠭᠤᠯᠭ᠎ᠠ ᠶᠢ ᠨᠢ ᠦᠪᠦᠷ ᠮᠣᠩᠭᠤᠯ ᠤᠨ  ᠵᠠᠰᠠᠭ ᠤᠨ ᠤᠷᠳᠤᠨ ᠤ ᠬᠢᠲᠠᠳ ᠰᠦᠯᠵᠢᠶ᠎ᠡ ᠠᠴᠠ ᠦᠵᠡᠭᠡᠷᠡᠢ︶
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号