2015 ᠣᠨ ᠤ ᠮᠠᠨ ᠤ ᠣᠷᠣᠨ ᠤ ᠨᠠᠰᠤᠨ ᠳᠤ ᠬᠦᠷᠦᠭᠰᠡᠳ ᠤᠨ ᠰᠢᠯᠭᠠᠯᠲᠠ ᠶᠢᠨ ᠰᠦᠯᠵᠢᠶᠡᠨ ᠳᠡᠭᠡᠷ᠎ᠡ ᠡᠯᠰᠡᠬᠦ ᠠᠵᠢᠯ14᠎ ᠤ ᠡᠳᠦᠷ ᠠᠴᠠ ᠡᠬᠢᠯᠡᠨ᠎ᠡ
ᠨᠡᠶᠢᠲᠡᠯᠡᠭᠰᠡᠨ ᠴᠠᠭ᠄
2015/12/14
     2015 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠨ ᠳᠤ ᠬᠦᠷᠦᠭᠰᠡᠳ ᠤᠨ ᠳᠡᠭᠡᠳᠦ ᠰᠤᠷᠭᠠᠭᠤᠯᠢ ᠶᠢᠨ ᠰᠦᠯᠵᠢᠶᠡᠨ ᠳᠡᠭᠡᠷ᠎ᠡ ᠰᠤᠷᠤᠭᠴᠢ ᠡᠯᠰᠡᠬᠦ ᠠᠵᠢᠯ12 ᠳ᠋ᠦ᠋ᠭᠡᠷ ᠰᠠᠷ᠎ᠠ ᠶᠢᠨ 14᠎ ᠤ ᠡᠳᠦᠷ ᠪᠦᠬᠦ ᠲᠠᠯ᠎ᠠ ᠪᠠᠷ ᠡᠬᠢᠯᠡᠵᠦ᠂ ᠵᠢᠱᠢᠯᠲᠡ ᠪᠠᠷ 9 ᠡᠳᠦᠷ ᠤᠨ ᠳᠣᠲᠣᠷ᠎ᠠ ᠳᠠᠭᠤᠰᠬᠠᠨ᠎ᠠ᠃ ᠪᠦᠬᠦ ᠡᠯᠰᠡᠬᠦ ᠶᠠᠪᠦᠴᠠ ᠨᠢ ᠬᠤᠶᠠᠷ ᠱᠠᠳᠤ ᠦᠶ᠎ᠡ ᠬᠤᠪᠢᠶᠠᠵᠤ᠂ ᠨᠢᠭᠡᠳᠦᠭᠡᠷ ᠱᠠᠲᠤ ᠦᠶ᠎ᠡ᠂ ᠲᠤᠰᠬᠠᠶ ᠮᠡᠷᠭᠡᠵᠢᠯ ᠤᠨ ᠠᠩᠭᠢ ᠠᠴᠠ ᠵᠢᠩᠬᠢᠨᠢ ᠠᠩᠭᠢ ᠳᠤ ᠳᠠᠪᠰᠢᠬᠤ ᠪᠠ  ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠠᠴᠠ ᠵᠢᠩᠬᠢᠨᠢ ᠠᠩᠭᠢ ᠳᠤ ᠳᠠᠪᠰᠢᠬᠤ︔ ᠬᠤᠶᠠᠳᠤᠭᠠᠷ ᠱᠠᠲᠤ ᠦᠶ᠎ᠡ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠠᠴᠠ ᠲᠤᠰᠬᠠᠶ ᠮᠡᠷᠭᠡᠵᠢᠯ ᠤᠨ ᠠᠩᠬᠢ ᠎ ᠳᠤ ᠳᠠᠪᠰᠢᠬᠤ ᠪᠤᠯᠤᠨ᠎ᠠ᠃ ᠡᠨᠡ ᠵᠢᠯ ᠮᠠᠨ ᠳᠤ ᠣᠷᠣᠨ ᠤ ᠰᠤᠷᠤᠭᠴᠢ ᠡᠯᠰᠡᠬᠦ ᠣᠷᠣᠨ ᠤ ᠳᠣᠲᠣᠷ᠎ᠠ ᠭᠠᠳᠠᠨᠠᠬᠢ ᠨᠠᠰᠤᠨ ᠳᠤ ᠬᠥᠷᠦᠭᠰᠡᠳ ᠤᠨ ᠳᠡᠭᠡᠳᠦ ᠰᠤᠷᠭᠠᠭᠤᠯᠢ ᠨᠤᠭᠤᠳ ᠨᠡᠶᠢᠲᠡ 117 ᠰᠠᠭᠤᠷᠢ ᠪᠠᠶᠢᠵᠤ᠂ 19561 ᠰᠤᠷᠤᠭᠴᠢ ᠠᠪᠬᠤ ᠪᠠᠷ ᠲᠦᠯᠦᠪᠯᠡᠵᠦ ᠪᠠᠶᠢᠨ᠎ᠠ᠃ ᠣᠷᠣᠨ ᠤ ᠳᠣᠲᠣᠷ᠎ᠠ ᠭᠠᠳᠠᠨᠠᠬᠢ ᠬᠤᠪᠢᠶᠠᠷᠢᠯᠠᠯ ᠢᠶᠠᠷ᠂ ᠣᠷᠣᠨ ᠤ ᠳᠤᠲᠤᠷ᠎ᠠ 10827 ᠬᠥᠮᠦᠨ᠂ ᠣᠷᠣᠨ ᠤ ᠭᠠᠳᠠᠨ᠎ᠠ 8734 ᠬᠥᠮᠦᠨ‌ᠠᠪᠤᠨ᠎ᠠ᠃ ᠰᠤᠷᠤᠯᠴᠠᠭᠰᠠᠨ ᠨᠠᠮᠲᠠᠷ ᠤᠨ ᠲᠡᠰ ᠳᠠᠪᠬᠤᠷᠭ᠎ᠠ ᠶᠢᠨ ᠬᠤᠪᠢᠶᠠᠷᠢᠯᠠᠪᠠᠯ ᠢᠶᠠᠷ 15014 ᠬᠥᠮᠦᠨ ᠲᠤᠰᠬᠠᠶ ᠮᠡᠷᠭᠡᠵᠢᠯ ᠤᠨ ᠠᠩᠭᠢ ᠠᠴᠠ ᠵᠢᠩᠬᠢᠨᠢ ᠠᠩᠭᠢ ᠳᠤ ᠳᠠᠪᠰᠢᠵᠤ᠂ 311 ᠬᠥᠮᠦᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠠᠴᠠ ᠵᠢᠩᠬᠢᠨᠢ ᠠᠩᠭᠢ ᠳᠤ ᠳᠡᠪᠰᠢᠵᠤ᠂ 4236 ᠬᠥᠮᠦᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠠᠴᠠ ᠲᠤᠰᠬᠠᠶ ᠮᠡᠷᠭᠡᠵᠢᠯ ᠤᠨ ᠠᠩᠭᠢ ᠎ ᠳᠤ ᠲᠠᠪᠰᠢᠨ᠎ᠠ᠃ ᠨᠡᠷ᠎ᠡ ᠮᠡᠳᠡᠭᠦᠯᠬᠦ ᠱᠠᠲᠤ ᠦᠶ᠎ᠡ ᠳᠤ ᠰᠢᠯᠭᠠᠭᠤᠯᠤᠭᠴᠢ ᠲᠠᠭᠯᠠᠵᠤ ᠮᠡᠳᠡᠭᠦᠯᠦᠭᠰᠡᠨ ᠳᠡᠭᠡᠳᠦ ᠰᠤᠷᠭᠠᠭᠤᠯᠢ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠰᠠᠨᠠᠮᠵᠢ ᠶᠢ ᠵᠦᠪᠬᠡᠨ ᠤᠷᠤᠨ ᠲᠤᠭ᠎ᠠ ᠲᠠᠢ ᠰᠤᠷᠤᠭᠴᠢ ᠡᠯᠰᠡᠬᠦ ᠲᠦᠯᠦᠪᠯᠡᠭᠡ ᠳᠤ ᠬᠡᠷᠡᠭᠯᠡᠨ᠎ᠡ᠃ ᠰᠢᠯᠭᠠᠭᠤᠯᠤᠭᠴᠢ ᠰᠤᠷᠤᠭᠴᠢ ᠡᠯᠰᠡᠬᠦ ᠠᠴᠠ ᠡᠮᠦᠨ᠎ᠡ᠂ ᠲᠤᠰ ᠬᠥᠮᠦᠨ ᠤ ᠰᠢᠯᠭᠠᠯᠲᠠ ᠶᠢᠨ ᠬᠢᠷᠢ ᠪᠦᠲᠦᠮᠵᠢ ᠪᠤᠯᠤᠨ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠰᠤᠷᠤᠭᠴᠢ ᠡᠯᠰᠡᠬᠦ ᠲᠥᠯᠥᠪᠯᠡᠭᠡ ᠶᠢ ᠦᠨᠳᠦᠰᠦᠯᠡᠨ᠂ ᠡᠷᠬᠡᠪᠰᠢ ᠡᠷᠡᠮᠡᠯᠵᠡᠯ ᠤᠨ ᠪᠢᠴᠢᠭ ᠲᠠᠭᠯᠠᠬᠤ ᠬᠡᠷᠡᠭᠲᠡᠢ᠃ ᠰᠢᠯᠭᠠᠭᠤᠯᠤᠭᠴᠢ ᠲᠣᠭᠲᠠᠭᠰᠠᠨ ᠴᠠᠭ ᠲᠤ ᠡᠷᠡᠮᠡᠯᠵᠡᠯ ᠤᠨ ᠪᠢᠴᠢᠭ ᠲᠠᠭᠯᠠᠭᠰᠠᠨ ᠦᠭᠡᠢ ᠪᠤᠯ ᠡᠯᠰᠡᠭᠳᠡᠬᠦ ᠬᠢᠷᠢ ᠬᠡᠮ ᠢᠶᠠᠨ ᠠᠯᠳᠠᠭᠰᠠᠨ ᠢᠶᠠᠷ ᠦᠵᠡᠨ᠎ᠡ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠠᠴᠠ ᠥᠷᠭᠡᠨ ᠤᠯᠠᠨ ᠰᠢᠯᠭᠠᠭᠤᠯᠤᠭᠴᠢ ᠳᠤ ᠰᠠᠨᠠᠭᠤᠯᠬᠤ ᠨᠢ᠄ ᠲᠤᠰᠬᠠᠶ ᠮᠡᠷᠭᠡᠵᠢᠯ ᠤᠨ ᠠᠩᠭᠢ ᠠᠴᠠ ᠵᠢᠩᠬᠢᠨᠢ ᠠᠩᠬᠢ ᠳᠤ ᠳᠠᠪᠰᠢᠬᠤ ᠪᠠ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠠᠴᠠ ᠵᠢᠩᠬᠢᠨᠢ ᠠᠩᠭᠢ ᠳᠤ ᠳᠠᠪᠰᠢᠬᠤ ᠡᠷᠡᠮᠡᠯᠵᠡᠯ ᠤᠨ ᠪᠢᠴᠢᠭ ᠲᠠᠭᠯᠠᠬᠤ ᠴᠠᠭ ᠨᠢ 12 ᠳ᠋ᠦ᠋ᠭᠡᠷ ᠰᠠᠷ᠎ᠠ ᠶᠢᠨ 14᠎ ᠤ ᠡᠳᠦᠷ ᠤᠨ 9 ᠴᠠᠭ ᠠᠴᠠ ᠡᠬᠢᠯᠡᠵᠦ᠂ 17 ᠴᠠᠭ ᠳᠤ ᠳᠠᠭᠤᠰᠤᠨ᠎ᠠ᠃ ᠰᠦᠯᠵᠢᠶᠡᠨ ᠳᠡᠭᠡᠷ᠎ᠡ ᠡᠷᠡᠮᠡᠯᠵᠡᠯ ᠮᠡᠳᠡᠭᠦᠯᠬᠦ ᠳᠠᠭᠤᠰᠬᠤ ᠠᠴᠠ ᠡᠮᠦᠨ᠎ᠡ᠂ ᠰᠢᠯᠭᠠᠭᠤᠯᠤᠭᠴᠢᠳ ᠬᠥᠳᠡᠯᠦᠩᠭᠦᠶ ᠨᠡᠷ᠎ᠡ ᠶᠢᠨ ᠵᠢᠭᠰᠠᠭᠠᠯᠲᠠ ᠪᠣᠯᠤᠨ ᠱᠠᠳᠤ ᠦᠶ᠎ᠡ ᠶᠢᠨ ᠴᠢᠨᠠᠷᠲᠠᠶ ᠲᠤᠭ᠎ᠠ ᠪᠦᠷᠢᠳᠬᠡᠯ ᠤᠨ ᠦᠷ᠎ᠡ ᠳ᠋ᠦᠩ ᠢ ᠦᠨᠳᠦᠰᠦᠯᠡᠨ ᠴᠠᠭ ᠲᠤᠬᠠᠶ ᠳᠤᠨᠢ ᠡᠷᠡᠮᠡᠯᠵᠡᠯ ᠢᠶᠠᠨ ᠵᠠᠰᠠᠵᠤ᠂ ᠰᠡᠳᠬᠢᠯ ᠬᠠᠨᠤᠮᠵᠢᠲᠠᠶ ᠪᠣᠯᠲᠠᠯ᠎ᠠ ᠵᠠᠰᠠᠵᠤ ᠪᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号