ᠰᠢᠯᠢ ᠶᠢᠨ ᠭᠤᠣᠯ ᠠᠶᠢᠮᠠᠭ ︽ᠠᠶᠠᠨ ᠲᠡᠭᠡᠭᠡᠪᠦᠷᠢ ᠶᠢᠨ ᠸᠢᠴᠠᠲ ᠶᠢᠨ ᠪᠦᠯᠦᠭ︾᠎ ᠢ ᠪᠠᠶᠢᠭᠤᠯᠵᠤ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠬᠡᠪ ᠮᠠᠶ᠋ᠢᠭ ᠢ ᠰᠢᠨ᠎ᠡ ᠶᠢ ᠡᠭᠦᠳᠪᠡ
ᠨᠡᠶᠢᠲᠡᠯᠡᠭᠰᠡᠨ ᠴᠠᠭ᠄
2015/12/15
     ᠰᠢᠯᠢ ᠶᠢᠨ ᠭᠤᠣᠯ ᠠᠶᠢᠮᠠᠭ ᠵᠠᠮ ᠤᠨ ᠠᠶᠠᠨ ᠲᠡᠭᠡᠭᠡᠪᠦᠷᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂  ᠠᠶᠠᠨ ᠲᠡᠭᠡᠭᠡᠪᠦᠷᠢ ᠶᠢᠨ ᠮᠡᠳᠡᠭᠡ ᠵᠠᠩᠭᠢ ᠶᠢᠨ ᠰᠠᠭᠠᠳ ᠦᠬᠡᠢ ᠨᠡᠪᠲᠡᠷᠡᠬᠦ ᠶᠢ ᠪᠠᠲᠤᠯᠠᠵᠤ᠂ ᠠᠶᠠᠨ ᠲᠡᠭᠡᠭᠡᠪᠦᠷᠢ ᠶᠢᠨ ᠡᠭᠡᠯᠵᠢ ᠶᠢᠨ ᠲᠡᠷᠭᠡᠨ ᠤ ᠲᠡᠭᠡᠭᠡᠪᠦᠷᠢ ᠶᠢᠨ ᠡᠭᠡᠯᠵᠢ ᠶᠢᠨ ᠳ᠋ᠤᠭᠠᠷ ᠢ ᠵᠦᠢ ᠵᠣᠬᠢᠰᠲᠠᠶ ᠲᠣᠬᠢᠷᠠᠭᠤᠯᠬᠤ ᠶᠢᠨ ᠲᠤᠰᠠᠳᠠ᠂ ᠣᠶᠢᠷ᠎ᠠ ᠶᠢᠨ ᠡᠳᠦᠷ ᠲᠤ ᠰᠢᠯᠢ ᠶᠢᠨ ᠭᠤᠣᠯ ᠠᠶᠢᠮᠠᠭ ᠤᠨ ᠵᠠᠮ ᠬᠠᠷᠢᠯᠴᠠᠭᠠᠨ ᠤ ︽ᠠᠶᠠᠨ ᠲᠡᠭᠡᠭᠡᠪᠦᠷᠢ ᠶᠢᠨ ᠸᠢᠴᠠᠲ ᠤᠨ ᠪᠦᠯᠦᠭ︾᠎ ᠢ ᠪᠠᠶᠢᠭᠤᠯᠵᠤ᠂ ᠸᠢᠴᠠᠲ ᠤᠨ ᠲᠦᠷᠭᠡᠨ ᠱᠠᠯᠠᠮᠠᠭᠠᠢ᠂ ᠳᠥᠭᠦᠮ ᠲᠦᠳᠡ ᠳᠠᠪᠠᠭᠤᠯᠢᠭ ᠲᠠᠯ᠎ᠠ ᠶᠢ ᠠᠰᠢᠭᠯᠠᠨ ᠮᠡᠳᠡᠭᠡ ᠵᠠᠩᠭᠢ ᠶᠢ ᠴᠠᠭ ᠲᠤᠬᠠᠢ ᠳᠤᠨᠢ ᠳᠠᠮᠵᠢᠭᠤᠯᠬᠤ ᠪᠠ ᠬᠠᠮᠲᠤ ᠪᠠᠷ ᠡᠳ᠋ᠯᠡᠨ ᠦᠢᠯᠡᠳᠦᠯᠴᠡᠬᠦ ᠶᠢ ᠪᠡᠶᠡᠯᠡᠭᠦᠯᠵᠦ᠂ ᠠᠶᠠᠨ ᠲᠡᠭᠡᠭᠡᠪᠦᠷᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃      ︽ᠸᠢᠴᠠᠲ ᠤᠨ ᠪᠦᠯᠦᠭ︾᠎ ᠤᠨ ᠬᠠᠮᠢᠶᠠᠷᠤᠭᠴᠢ ᠡᠳᠦᠷ ᠪᠦᠷᠢ ᠴᠠᠭ ᠲᠠᠭᠠᠨ ᠪᠦᠯᠦᠭ ᠤᠨ ᠳᠣᠲᠣᠷ᠎ᠠ ᠴᠠᠭ ᠠᠭᠤᠷ᠂ ᠵᠠᠮ ᠤᠨ ᠪᠠᠶᠢᠳᠠᠯ᠂ ᠠᠶᠠᠨᠴᠢᠳ ᠤᠨ ᠡᠭᠡᠯᠵᠢ ᠶᠢᠨ ᠲᠡᠷᠭᠡᠨ ᠤ ᠬᠥᠳᠡᠯᠬᠦ ᠪᠠᠶᠢᠳᠠᠯ ᠢ ᠨᠡᠶᠢᠲᠡᠯᠡᠵᠦ᠂ ᠲᠡᠭᠡᠭᠡᠪᠦᠷᠢ ᠶᠢᠨ ᠶᠠᠪᠤᠳᠠᠯ ᠤᠨ ᠠᠵᠢᠯᠲᠠᠨ ᠲᠦᠷᠭᠡᠨ᠂ ᠣᠨᠣᠪᠴᠢᠲᠠᠶ ᠪᠦᠭᠡᠳ᠂ ᠪᠦᠬᠦ ᠲᠠᠯ᠎ᠠ ᠪᠠᠷ ᠵᠠᠮ ᠤᠨ ᠪᠠᠶᠢᠳᠠᠯ ᠤᠨ ᠮᠡᠳᠡᠭᠡ ᠵᠠᠩᠭᠢ ᠶᠢ ᠡᠵᠡᠮᠰᠢᠵᠦ᠂ ᠥᠩᠭᠡᠷᠡᠭᠰᠡᠨ ᠤ ᠣᠷᠣᠰᠢᠵᠤ ᠪᠠᠶᠢᠭ᠎ᠠ ᠮᠡᠳᠡᠭᠡ ᠵᠠᠩᠭᠢ ᠶᠢᠨ ᠬᠠᠷᠢᠯᠴᠠᠨ ᠦᠢᠯᠡᠳᠦᠯᠴᠡᠬᠦ ᠨᠢ ᠬᠤᠴᠤᠷᠴᠤ ᠪᠠᠶᠢᠬᠤ᠂ ᠰᠣᠯᠢᠯᠴᠠᠭ᠎ᠠ ᠪᠠᠷ ᠳᠤᠲᠠᠭᠳᠠᠵᠤ ᠪᠠᠶᠢᠬᠤ ᠦᠵᠡᠭᠳᠡᠯ ᠢ ᠨᠥᠬᠦᠪᠦᠷᠢᠯᠡᠪᠡ᠃ ᠲᠤᠰ ᠪᠦᠯᠦᠭ ᠲᠤ ᠪᠦᠯᠦᠭ ᠤᠨ ᠳᠤᠲᠤᠷᠠᠬᠢ ᠮᠡᠳᠡᠭᠡ ᠵᠠᠩᠭᠢᠴᠢ ᠶᠢᠨ ᠨᠡᠶᠢᠲᠡᠯᠡᠭᠰᠡᠨ ᠮᠡᠳᠡᠭᠡ ᠵᠠᠩᠭᠢ ᠨᠢ ᠣᠨᠣᠪᠴᠢᠲᠠᠶ᠂ ᠲᠠᠷᠤᠶᠢᠬᠠᠨ ᠪᠦᠭᠡᠳ ᠪᠦᠷᠢᠨ ᠪᠦᠲᠦᠨ ᠪᠠᠶᠢᠬᠤ ᠶᠢ ᠱᠠᠭᠠᠷᠳᠠᠬᠤ ᠮᠥᠷᠲᠡᠭᠡᠨ ᠡᠳᠦᠷ ᠪᠦᠷᠢ ᠶᠢᠨ ᠡᠷᠲᠡ ᠶᠢᠨ 6᠄ 30᠎ ᠲᠤ ᠮᠡᠳᠡᠭᠡ ᠵᠠᠩᠭᠢ ᠪᠠᠨ ᠸᠢᠴᠠᠲ ᠶᠢᠨ ᠪᠦᠯᠦᠭ ᠲᠤ ᠨᠡᠶᠢᠲᠡᠯᠡᠬᠦ ᠶᠢ ᠪᠠᠲᠤᠯᠠᠵᠤ᠂ ᠠᠶᠠᠨᠴᠢᠨ ᠤ ᠲᠡᠭᠡᠭᠡᠪᠦᠷᠢ ᠶᠢᠨ ᠦᠷᠲᠡᠭᠡ ᠶᠢᠨ ᠲᠡᠷᠭᠡ ᠭᠠᠷᠭᠠᠬᠤ‌‍ᠴᠠᠭ ᠨᠢ 6᠄ 30᠎ ᠠᠴᠠ ᠡᠷᠲᠡ ᠪᠤᠯ ᠬᠠᠮᠤᠭ ᠡᠷᠲᠡ ᠡᠭᠡᠯᠵᠢ ᠶᠢᠨ ᠠᠶᠠᠨᠴᠢᠨ ᠤ ᠲᠡᠷᠭᠡ ᠭᠠᠷᠬᠤ ᠠᠴᠠ ᠡᠮᠦᠨ᠎ᠡ ᠮᠡᠳᠡᠭᠡ ᠵᠠᠩᠬᠢ ᠶᠢ ᠨᠡᠶᠢᠲᠡᠯᠡᠵᠦ᠂ ᠳᠠᠷᠤᠶᠢᠬᠠᠨ ᠡᠯ᠎ᠡ ᠭᠠᠵᠠᠷ ᠤᠨ ᠮᠡᠳᠡᠭᠡ ᠵᠠᠩᠭᠢ ᠶᠢ ᠲᠤᠰ ᠨᠢᠭᠡᠴᠡ ᠶᠢᠨ ᠥᠷᠲᠡᠭᠡᠨ ᠳᠤ ᠰᠠᠭᠤᠭ᠎ᠠ ᠠᠵᠢᠯᠲᠠᠨ ᠳᠤ ᠳᠠᠮᠵᠢᠭᠤᠯᠤᠨ ᠦᠭᠴᠦ᠂ ᠡᠯ᠎ᠡ ᠵᠦᠭ ᠤᠨ ᠠᠶᠠᠨ ᠲᠡᠷᠭᠡ ᠶᠢᠨ ᠲᠡᠷᠭᠡ ᠭᠠᠷᠭᠠᠬᠤ ᠡᠰᠡᠬᠦ ᠶᠢ ᠮᠠᠭᠠᠳᠯᠠᠵᠤ᠂ ᠵᠠᠮ ᠲᠡᠭᠡᠭᠡᠪᠦᠷᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号