ᠨᠢᠭᠡ ᠳᠤ ᠵᠥᠪᠰᠢᠶᠡᠷᠡᠯ ᠤᠨ ᠪᠣᠭᠤᠮᠲᠠ ᠶᠢ ᠴᠢᠩᠭ᠎ᠠ ᠠᠳᠬᠤᠵᠡᠢ᠃ ᠭᠠᠵᠠᠷ ᠲᠦᠷ ᠬᠡᠷᠡᠭᠯᠡᠬᠦ ᠪᠠᠷ | ᠭᠤᠶᠤᠴᠢᠯᠠᠨ ᠲᠥᠷᠥᠯ ᠵᠦᠢᠯ ᠤᠨ ᠪᠤᠭᠤᠮᠲᠠ ᠶᠢ ᠴᠢᠩᠭ᠎ᠠ ᠠᠳᠬᠤᠵᠤ᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ ᠶᠢᠨ ᠬᠠᠤᠯᠢ ᠴᠠᠭᠠᠵᠠ ᠬᠠᠤᠯᠢ | ᠲᠣᠭᠲᠠᠭᠠᠯ ᠢ ᠦᠨᠳᠦᠰᠦᠯᠡᠨ᠂ ᠲᠦᠷ ᠬᠡᠷᠡᠭᠯᠡᠬᠦ ᠭᠠᠵᠠᠷ ᠤᠨ ᠬᠡᠪᠴᠢᠶ᠎ᠡ ᠶᠢ ᠵᠠᠭᠠᠭᠯᠠᠨ ᠲᠣᠭᠲᠠᠭᠠᠵᠤ᠂ ᠲᠦᠷ | ᠬᠡᠷᠡᠭᠯᠡᠬᠦ ᠭᠠᠵᠠᠷ ᠤᠨ ᠨᠥᠬᠦᠴᠡᠯ ᠲᠤ ᠨᠡᠶᠢᠴᠡᠬᠦ ᠭᠤᠶᠤᠴᠢᠯᠠᠯ ᠤᠨ ᠮᠠᠲ᠋ᠧᠷᠢᠶᠠᠯ ᠢ ᠴᠢᠩᠭ᠎ᠠ ᠬᠢᠨᠠᠨ ᠪᠠᠶᠢᠴᠠᠭᠠᠵᠤ᠂ | ᠭᠠᠵᠠᠷ ᠲᠦᠷ ᠬᠡᠷᠡᠭᠯᠡᠬᠦ ᠲᠥᠷᠥᠯ ᠵᠦᠢᠯ ᠤᠨ ᠨᠡᠷ᠎ᠡ ᠪᠠᠷ ᠲᠠᠷᠢᠶᠠᠯᠠᠩ ᠤᠨ ᠪᠤᠰᠤ ᠪᠤᠰᠤᠳ ᠲᠥᠷᠥᠯ ᠵᠦᠢᠯ ᠤᠨ | ᠪᠥᠳᠥᠭᠡᠨ ᠪᠠᠶᠢᠭᠤᠯᠤᠯᠲᠠ ᠬᠢᠬᠦ ᠶᠢ ᠴᠢᠩᠭ᠎ᠠ ᠴᠠᠭᠠᠵᠠᠯᠠᠪᠠ᠃ | ᠬᠤᠶᠠᠷ ᠲᠤ ᠭᠠᠵᠠᠷ ᠰᠣᠩᠭᠤᠬᠤ ᠪᠤᠭᠤᠮᠲᠠ ᠶᠢ ᠴᠢᠩᠭ᠎ᠠ ᠠᠳᠬᠤᠵᠡᠢ᠃ ᠲᠦᠷ ᠴᠠᠭ ᠭᠠᠵᠠᠷ ᠬᠡᠷᠡᠭᠯᠡᠬᠦ | ᠨᠢᠭᠡᠴᠡ ᠨᠢ ᠲᠦᠷ ᠬᠡᠷᠡᠭᠯᠡᠬᠦ ᠭᠠᠵᠠᠷ ᠤᠨ ᠣᠷᠣᠨ ᠪᠠᠶᠢᠷᠢ᠂ ᠲᠠᠯᠠᠪᠠᠶ᠂ ᠬᠢᠵᠠᠭᠠᠷᠲᠤ ᠬᠤᠭᠤᠴᠠᠭ᠎ᠠ ᠳᠤ ᠲᠤᠬᠠᠶ ᠶᠢᠨ | ᠭᠠᠵᠠᠷ ᠲᠤᠨᠢ ᠬᠠᠶᠢᠨ ᠰᠢᠨᠵᠢᠯᠡᠵᠦ᠂ ᠲᠦᠷ ᠬᠡᠷᠡᠭᠯᠡᠬᠦ ᠭᠠᠵᠠᠷ ᠨᠢ ᠭᠠᠵᠠᠷ ᠰᠢᠷᠣᠶ ᠶᠢᠨ ᠡᠬᠢ ᠪᠠᠶᠠᠯᠢᠭ ᠢ ᠵᠦᠢ | ᠵᠤᠬᠢᠰ ᠦᠭᠡᠢ ᠡᠪᠳᠡᠬᠦ ᠶᠢ ᠴᠢᠳᠠᠬᠤ ᠶᠢᠨ ᠳᠣᠲᠣᠷ᠎ᠠ ᠬᠢᠵᠠᠭᠠᠷᠯᠠᠬᠤ ᠪᠤᠶᠤ ᠪᠠᠭᠠᠰᠬᠠᠵᠤ᠂ ᠠᠰᠢᠭᠯᠠᠭᠠᠳᠤᠶ ᠭᠠᠵᠠᠷ ᠢ | ᠠᠯᠢ ᠪᠣᠯᠬᠤ ᠪᠠᠷ ᠰᠣᠩᠭᠤᠵᠤ ᠬᠡᠷᠡᠭᠯᠡᠵᠦ᠂ ᠲᠠᠷᠢᠶᠠᠨ ᠭᠠᠵᠠᠷ ᠢ ᠡᠵᠡᠯᠡᠬᠦ ᠦᠭᠡᠶ ᠪᠤᠶᠤ ᠪᠠᠭ᠎ᠠ ᠡᠵᠡᠯᠡᠵᠦ᠂ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠲᠦᠷ ᠬᠡᠷᠡᠭᠯᠡᠬᠦ ᠭᠠᠵᠠᠷ ᠤᠨ ᠬᠡᠪᠴᠢᠶ᠎ᠡ ᠶᠢ ᠳᠤᠷ᠎ᠠ ᠪᠠᠷ ᠢᠶᠠᠨ | ᠬᠡᠷᠡᠭᠯᠡᠬᠦ ᠪᠤᠶᠤ ᠦᠷᠭᠡᠳᠬᠡᠬᠦ ᠶᠢ ᠴᠢᠩᠭ᠎ᠠ ᠰᠡᠷᠭᠡᠶᠢᠯᠡᠨ ᠬᠤᠷᠢᠭᠯᠠᠪᠠ᠃ | ᠭᠤᠷᠪᠠ ᠳᠤ ᠬᠢᠨᠠᠨ ᠵᠥᠪᠰᠢᠶᠡᠷᠡᠬᠦ ᠪᠣᠭᠤᠮᠲᠠ ᠶᠢ ᠴᠢᠩᠭ᠎ᠠ ᠠᠳᠬᠤᠵᠡᠢ᠃ ᠬᠢᠨᠠᠨ ᠵᠥᠪᠰᠢᠶᠡᠷᠡᠬᠦ ᠶᠠᠪᠤᠴᠠ | ᠳᠤᠮᠳᠠ᠂ ᠭᠠᠵᠠᠷ ᠬᠡᠷᠡᠭᠯᠡᠬᠦ ᠨᠢᠭᠡᠴᠡ ᠶᠢᠨ ᠲᠤᠰᠢᠶᠠᠭᠰᠠᠨ ᠭᠤᠶᠤᠴᠢᠯᠠᠯ ᠤᠨ ᠪᠢᠴᠢᠭ᠂ ᠭᠠᠵᠠᠷ ᠬᠡᠷᠡᠭᠯᠡᠬᠦ | ᠵᠦᠪᠯᠡᠯᠴᠡᠭᠡᠷ ᠤᠨ ᠪᠢᠴᠢᠭ᠂ ᠨᠢᠭᠡᠨᠲᠡ ᠵᠥᠪᠰᠢᠶᠡᠷᠡᠭᠦᠯᠦᠭᠰᠡᠨ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠲᠥᠰᠦᠯ | ᠪᠠ ᠭᠠᠵᠠᠷ ᠰᠢᠷᠣᠶ ᠶᠢᠨ ᠠᠰᠢᠭᠯᠠᠯᠲᠠ ᠶᠢᠨ ᠤᠳᠤᠬᠢ ᠪᠠᠶᠢᠳᠠᠯ ᠤᠨ ᠵᠢᠷᠤᠭ᠂ ᠲᠦᠯᠦᠪᠵᠢᠭᠦᠯᠭᠡ ᠶᠢᠨ ᠵᠢᠷᠤᠭ᠂ | ᠲᠥᠷᠥᠯ ᠵᠦᠢᠯ ᠤᠨ ᠵᠦᠪᠰᠢᠶᠡᠷᠡᠯ ᠤᠨ ᠪᠢᠴᠢᠭ ᠮᠠᠲ᠋ᠧᠷᠢᠶᠠᠯ ᠵᠡᠷᠭᠡ ᠮᠠᠲ᠋ᠧᠷᠢᠶᠠᠯ ᠢ ᠬᠠᠮᠢᠶ᠎ᠠ ᠪᠦᠬᠦᠢ ᠲᠣᠭᠲᠠᠭᠠᠯ | ᠶᠣᠰᠣᠭᠠᠷ ᠨᠠᠷᠢᠨ ᠨᠢᠮᠪᠠᠢ ᠬᠢᠨᠠᠨ ᠪᠠᠶᠢᠴᠠᠭᠠᠵᠤ᠂ ᠲᠦᠷ ᠴᠠᠭ ᠬᠡᠷᠡᠭᠯᠡᠬᠦ ᠭᠠᠵᠠᠷ ᠲᠤ ᠦᠨᠳᠦᠰᠦᠨ ᠲᠠᠷᠢᠶᠠᠨ ᠭᠠᠵᠠᠷ ᠢ | ᠡᠵᠡᠯᠡᠨ ᠬᠡᠷᠡᠭᠯᠡᠬᠦ ᠶᠢ ᠴᠢᠩᠭ᠎ᠠ ᠬᠢᠵᠠᠭᠠᠷᠯᠠᠵᠤ᠂ ᠮᠠᠲ᠋ᠧᠷᠢᠶᠠᠯ ᠨᠢ ᠪᠦᠷᠢᠨ ᠭᠦᠢᠴᠡᠳ ᠪᠥᠭᠡᠳ ᠲᠣᠭᠲᠠᠭᠠᠯ ᠳᠤ | ᠨᠡᠶᠢᠴᠡᠭᠰᠡᠨ ᠪᠠᠶᠢᠪᠠᠯ᠂ ᠭᠤᠶᠤᠴᠢᠯᠠᠯ ᠢ ᠣᠯᠤᠭᠰᠠᠨ ᠡᠳᠦᠷ ᠠᠴᠠ ᠡᠬᠢᠯᠡᠵᠦ 15 ᠠᠵᠢᠯᠯᠠᠬᠤ ᠡᠳᠦᠷ ᠤᠨ ᠳᠣᠲᠣᠷ᠎ᠠ | ᠬᠢᠨᠠᠨ ᠵᠦᠪᠰᠢᠶᠡᠷᠡᠵᠦ ᠦᠭᠪᠡ᠃ | ᠲᠦᠷᠪᠡ ᠳᠤ ᠬᠢᠨᠠᠨ ᠬᠠᠮᠢᠶᠠᠷᠬᠤ ᠪᠣᠭᠤᠮᠲᠠ ᠶᠢ ᠴᠢᠩᠭ᠎ᠠ ᠠᠳᠬᠤᠵᠡᠢ᠃ ᠪᠦᠭᠦ ᠬᠤᠰᠢᠭᠤᠨ ᠤ ᠲᠦᠷ | ᠬᠡᠷᠡᠭᠯᠡᠬᠦ ᠭᠠᠵᠠᠷ ᠲᠤ ᠳᠠᠩᠰᠠᠯᠠᠬᠤ ᠡᠭᠡ ᠲᠠᠩᠰᠠ ᠪᠠᠶᠢᠭᠤᠯᠵᠤ᠂ ᠬᠦᠳᠡᠯᠦᠩᠭᠦᠢ ᠲᠣᠭᠤᠷᠢᠨ ᠪᠠᠶᠢᠴᠠᠭᠠᠬᠤ | ᠡᠷᠴᠢᠮ ᠢᠶᠠᠨ ᠴᠢᠩᠭᠠᠷᠠᠭᠤᠯᠵᠤ᠂ ᠦᠨᠳᠦᠰᠦᠨ ᠱᠠᠲᠤᠨ ᠤ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ | ᠭᠠᠵᠠᠷ ᠤᠨ ᠡᠮᠦᠨ᠎ᠡ ᠹᠷᠣᠨᠲ ᠤᠨ ᠦᠢᠯᠡᠳᠦᠯ ᠢ ᠨᠢ ᠭᠦᠢᠴᠡᠳ ᠪᠠᠳᠠᠷᠠᠭᠤᠯᠵᠤ᠂ ᠬᠦᠳᠡᠯᠦᠩᠭᠦᠢ ᠲᠣᠭᠤᠷᠢᠨ | ᠪᠠᠶᠢᠴᠠᠭᠠᠬᠤ ᠲᠣᠭᠲᠠᠴᠠ ᠶᠢ ᠪᠠᠶᠢᠭᠤᠯᠵᠤ᠂ ᠬᠠᠷᠢᠶ᠎ᠠ ᠪᠦᠬᠦᠢ ᠣᠷᠣᠨ ᠤ ᠳᠣᠲᠣᠷᠠᠬᠢ ᠲᠦᠷ ᠬᠡᠷᠡᠭᠯᠡᠬᠦ ᠭᠠᠵᠠᠷ ᠢ | ᠲᠣᠭᠲᠠᠮᠠᠯ ᠬᠤᠭᠤᠴᠠᠭ᠎ᠠ ᠲᠠᠢ ᠪᠠᠷ ᠪᠦᠬᠦ ᠲᠠᠯ᠎ᠠ ᠪᠠᠷ ᠲᠣᠭᠤᠷᠢᠨ ᠪᠠᠶᠢᠴᠠᠭᠠᠵᠤ᠂ ᠳᠦᠷ ᠬᠡᠷᠡᠭᠯᠡᠬᠦ ᠭᠠᠵᠠᠷ ᠤᠨ | ᠬᠠᠮᠢᠶᠠᠷᠤᠯᠲᠠ ᠶᠢ ᠠᠯᠬᠤᠮ ᠠᠯᠬᠤᠮ ᠢᠶᠠᠷ ᠵᠦᠢ ᠵᠤᠬᠢᠰᠵᠢᠭᠤᠯᠵᠤ᠂ ᠳᠦᠷᠢᠮᠵᠢᠭᠦᠯᠵᠦ᠂ ᠵᠢᠷᠤᠮᠵᠢᠭᠤᠯᠪᠠ᠃ |