ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠰᠦᠯᠵᠢᠶ᠎ᠡ ᠣᠶᠢᠷ᠎ᠠ ᠶᠢᠨ ᠬᠤᠭᠤᠴᠠᠭᠠᠨ ᠳᠤ ᠮᠢᠬ᠎ᠠ ᠪᠤᠯᠤᠨ ᠮᠢᠬᠠᠨ | ᠪᠦᠲᠦᠭᠡᠭᠳᠡᠬᠦᠨ᠂ ᠤᠮᠳᠠᠭᠠᠨ᠂ ᠤᠰᠤᠨ ᠤ ᠭᠠᠷᠤᠯᠲᠠ ᠵᠢᠴᠢ ᠤᠰᠦᠠ ᠭᠠᠷᠤᠯᠲᠠ ᠶᠢᠨ ᠪᠦᠲᠦᠭᠡᠭᠳᠡᠬᠦᠨ ᠵᠡᠷᠭᠡ 3 | ᠲᠥᠷᠥᠯ ᠤᠨ ᠢᠳᠡᠭᠡᠨ ᠤ ᠨᠡᠶᠢᠳᠠ 115 ᠪᠦᠯᠦᠭ ᠤᠳᠠᠭ᠎ᠠ ᠶᠢᠨ ᠦᠯᠢᠭᠡᠷ ᠬᠡᠪ ᠢ ᠰᠤᠭᠤᠴᠠᠨ ᠪᠠᠶᠢᠴᠠᠭᠠᠭᠰᠠᠨ ᠢ | ᠨᠡᠶᠢᠲᠡᠯᠡᠪᠡ᠃ 109 ᠪᠦᠯᠦᠭ ᠤᠳᠠᠭ᠎ᠠ ᠶᠢᠨ ᠦᠯᠢᠭᠡᠷ ᠬᠡᠪ ᠨᠢ ᠬᠢᠷᠢ ᠳᠤ ᠲᠡᠩᠴᠡᠵᠤ᠂ 6 ᠪᠦᠯᠦᠭ ᠤᠳᠠᠭ᠎ᠠ ᠶᠢᠨ | ᠦᠯᠢᠭᠡᠷ ᠬᠡᠪ ᠨᠢ ᠬᠢᠷᠢ ᠳᠤ ᠲᠡᠩᠴᠡᠭᠰᠡᠨ ᠦᠭᠡᠶ᠃ ᠡᠭᠦᠨ ᠳᠤ᠂ ᠮᠢᠬ᠎ᠠ ᠪᠤᠯᠤᠨ ᠮᠢᠬᠠᠨ ᠪᠦᠲᠦᠭᠡᠭᠳᠡᠬᠦᠨ ᠤ 62 | ᠪᠦᠯᠦᠭ ᠤᠳᠠᠭ᠎ᠠ ᠶᠢᠨ ᠳᠤᠲᠤᠷ᠎ᠠ 6 ᠪᠦᠯᠦᠭ ᠤᠳᠠᠭᠠᠨ ᠤ ᠦᠢᠯᠡᠳᠬᠦᠨ ᠨᠢ ᠬᠢᠷᠢ ᠳᠤ ᠲᠡᠩᠴᠡᠭᠰᠡᠨ ᠦᠭᠡᠢ᠂ 9. | 68% ᠶᠢᠨ ᠬᠠᠷᠢᠴᠠᠯ ᠢ ᠡᠵᠡᠯᠡᠪᠡ︔ ᠤᠮᠳᠠᠭᠠᠨ ᠪᠤᠯᠤᠨ ᠤᠰᠤᠨ ᠤ ᠭᠠᠷᠤᠯᠲᠠ ᠵᠢᠴᠢ ᠤᠰᠦᠠ ᠭᠠᠷᠤᠯᠲᠠ ᠶᠢᠨ | ᠪᠦᠲᠦᠭᠡᠭᠳᠡᠬᠦᠨ 53 ᠪᠦᠯᠦᠭ ᠤᠳᠠᠭ᠎ᠠ ᠪᠠᠶᠢᠵᠤ᠂ ᠪᠦᠬᠦᠨ ᠢᠶᠠᠷ ᠢᠶᠠᠨ ᠬᠢᠷᠢ ᠳᠤ ᠲᠡᠩᠴᠡᠪᠡ᠃ | ᠣᠶᠢᠯᠠᠭᠠᠭᠰᠠᠨ ᠢᠶᠠᠷ᠂ ᠮᠢᠬ᠎ᠠ ᠪᠤᠯᠤᠨ ᠮᠢᠬᠠᠨ ᠪᠦᠲᠦᠭᠡᠭᠳᠡᠬᠦᠨ ᠤ ᠬᠢᠷᠢ ᠲᠡᠩᠴᠡᠭᠰᠡᠨ ᠦᠭᠡᠶ ᠦᠯᠢᠭᠡᠷ ᠬᠡᠪ | ᠨᠢ ᠲᠤᠰ ᠲᠤᠰ᠄ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠳ᠋ᠦ᠋ ᠢ ᠵᠢᠶᠠ ᠢᠳᠡᠭᠡᠨ ᠤ ᠬᠢᠵᠠᠭᠠᠷᠲᠤ | ᠺᠣᠮᠫᠠᠨᠢ ᠶᠢᠨ ᠦᠢᠯᠡᠳᠪᠦᠷᠢᠯᠡᠭᠰᠡᠨ ᠳ᠋ᠦ᠋ ᠢ ᠵᠢᠶᠠ ᠠᠶᠠᠨᠳᠠᠭᠠᠨ ᠬᠠᠳᠠᠭᠠᠭᠰᠠᠨ ᠦᠬᠡᠷ ᠤᠨ ᠮᠢᠬ᠎ᠠ᠂ ᠬᠥᠬᠡᠬᠤᠲᠠ ᠶᠢᠨ | ᠲᠧ ᠨᠢᠤ ᠢᠳᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦᠢᠯᠡᠳᠪᠦᠷᠢᠯᠡᠭᠰᠡᠨ ᠪᠤᠷᠴᠠ ᠰᠢᠷᠠᠭᠰᠠᠨ | ᠦᠬᠡᠷ ᠤᠨ ᠮᠢᠬ᠎ᠠ ᠪᠦᠳᠦᠭᠦᠨ ᠭᠡᠳᠡᠰᠦᠨ ᠤ ᠮᠦᠬᠦ ᠪᠠᠺᠲ᠋ᠧᠷᠢ ᠶᠢᠨ ᠪᠦᠯᠦᠭᠯᠡᠯ ᠨᠢ ᠬᠢᠷᠢ ᠳᠤ ᠲᠡᠩᠴᠡᠭᠰᠡᠨ ᠦᠭᠡᠢ︔ | ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠭᠠᠨ ᠭᠧ ᠯᠢᠶᠠᠩ ᠢᠳᠡᠭᠡᠨ ᠤ ᠬᠢᠵᠠᠭᠠᠷᠲᠤ ᠺᠣᠮᠫᠠᠨᠢ ᠶᠢᠨ | ᠦᠢᠯᠡᠳᠪᠦᠷᠢᠯᠡᠭᠰᠡᠨ ᠭᠠᠨ ᠭᠧ ᠯᠢᠶᠠᠩ ᠬᠠᠳᠠᠭᠠᠭᠰᠠᠨ ᠦᠬᠡᠷ ᠤᠨ ᠮᠢᠬ᠎ᠠ ︵ᠭᠤᠱᠤᠭᠤᠨ ᠠᠮᠲᠠ︶᠂ ᠲᠦᠩᠯᠢᠶᠣᠤ | ᠬᠤᠲᠠ ᠶᠢᠨ ᠡᠤ ᠯᠢ ᠭᠧ ᠢᠳᠡᠭᠡᠨ ᠤ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠭᠰᠡᠨ ᠮᠣᠩᠭᠤᠯ ᠲᠩᠷᠢᠯᠢᠭ | ᠬᠠᠲᠠᠭᠠᠭᠰᠠᠨ ᠦᠬᠡᠷ ᠤᠨ ᠮᠢᠬ᠎ᠠ ︵ᠭᠤᠱᠤᠭᠤᠨ ᠠᠮᠲᠠ︶᠂ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠱᠢ | ᠯᠧ ᠺᠠᠩ ᠢᠳᠡᠭᠡᠨ ᠤ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠭᠰᠡᠨ ᠱᠢ ᠯᠧ ᠺᠠᠩ ᠬᠠᠳᠠᠭᠠᠭᠰᠠᠨ ᠦᠬᠡᠷ ᠤᠨ | ᠮᠢᠬ᠎ᠠ ︵ᠭᠤᠱᠤᠭᠤᠨ ᠠᠮᠲᠠ︶᠂ ᠬᠥᠯᠥᠨ ᠪᠤᠶᠢᠷ ᠬᠤᠲᠠ ᠶᠢᠨ ᠰᠢᠨ ᠵᠦᠡᠭ ᠬᠠᠢ ᠢᠳᠡᠭᠡᠨ ᠪᠣᠯᠪᠠᠰᠤᠷᠠᠭᠤᠯᠬᠤ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦᠢᠯᠡᠳᠪᠦᠷᠢᠯᠡᠭᠰᠡᠨ ᠪᠠᠶᠠᠨᠲᠣᠬᠤᠶ ᠬᠥᠯᠥᠨ ᠪᠤᠶᠢᠷ ᠤᠨ ᠶᠢᠨ ᠳ᠋ᠢᠶᠠᠨ | ᠬᠠᠳᠠᠭᠠᠭᠰᠠᠨ ᠦᠬᠡᠷ ᠤᠨ ᠮᠢᠬ᠎ᠠ ᠶᠢᠨ ᠮᠦᠬᠦ ᠪᠠᠺᠲ᠋ᠧᠷᠢ ᠶᠢᠨ ᠪᠠᠭᠰᠢᠷᠠᠯ ᠤᠨ ᠶᠡᠷᠦᠩᠬᠡᠶ ᠲᠤᠭ᠎ᠠ ᠨᠢ ᠬᠢᠷᠢ ᠳᠤ | ᠲᠡᠩᠴᠡᠭᠰᠡᠨ ᠦᠭᠡᠶ᠃ ᠳᠡᠭᠡᠷ᠎ᠡ ᠳᠤᠷᠠᠳᠤᠭᠰᠠᠨ ᠰᠤᠭᠤᠴᠠᠨ ᠪᠠᠶᠢᠴᠠᠭᠠᠬᠤ ᠳᠤᠮᠳᠠ ᠣᠯᠵᠤ ᠮᠡᠳᠡᠭᠰᠡᠨ ᠬᠢᠷᠢ ᠳᠤ | ᠲᠡᠩᠴᠡᠭᠦ ᠦᠭᠡᠶ ᠦᠢᠯᠡᠳᠬᠦᠨ ᠢ ᠠᠵᠤ ᠠᠬᠤᠶᠢᠯᠠᠯ ᠤᠨ ᠪᠠᠶᠢᠭ᠎ᠠ ᠭᠠᠵᠠᠷ ᠤᠯᠠᠭᠠᠨᠬᠠᠳᠠ ᠬᠤᠲᠠ᠂ ᠬᠥᠬᠡᠬᠤᠲᠠ᠂ | ᠲᠦᠩᠯᠢᠶᠣᠤ ᠬᠤᠳᠠ᠂ ᠬᠥᠯᠥᠨ ᠪᠤᠶᠢᠷ ᠬᠤᠳᠠ ᠶᠢᠨ ᠢᠳᠡᠭᠡᠨ ᠪᠠ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ︽ᠢᠳᠡᠭᠡᠨ ᠤ ᠠᠮᠤᠷ ᠲᠦᠪᠰᠢᠨ ᠤ ᠬᠠᠤᠯᠢ︾ ᠶᠢᠨ ᠲᠣᠭᠲᠠᠭᠠᠯ ᠶᠣᠰᠣᠭᠠᠷ᠂ | ᠬᠢᠨᠠᠨ ᠪᠠᠶᠢᠴᠠᠭᠠᠬᠤ ᠠᠵᠢᠯ ᠢ ᠥᠷᠨᠢᠭᠦᠯᠵᠦ ᠪᠠᠶᠢᠭ᠎ᠠ ᠪᠥᠭᠡᠳ ᠦᠢᠯᠡᠳᠪᠦᠷᠢᠯᠡᠯ ᠡᠵᠡᠩᠨᠡᠯᠲᠡ ᠶᠢᠨ ᠠᠵᠤ | ᠠᠬᠤᠶᠢᠯᠠᠯ ᠢ ᠵᠠᠷᠯᠢᠭᠳᠠᠵᠤ ᠪᠠᠶᠢᠭᠠᠳ ᠦᠢᠯᠡᠳᠭᠦᠨ ᠢᠶᠠᠨ ᠳᠡᠯᠭᠡᠬᠦᠷ ᠠᠴᠠ ᠪᠠᠭᠤᠯᠭᠠᠬᠤ᠂ ᠡᠭᠡᠭᠦᠯᠦᠨ ᠪᠤᠴᠠᠭᠠᠬᠤ | ᠵᠡᠷᠭᠡ ᠠᠷᠭ᠎ᠠ ᠬᠡᠮᠵᠢᠶ᠎ᠡ ᠠᠪᠴᠤ ᠪᠤᠢ᠃ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠳᠡᠭᠡᠷ᠎ᠡ ᠳᠤᠷᠠᠳᠤᠭᠰᠠᠨ 4 ᠠᠶᠢᠮᠠᠭ ᠬᠤᠲᠠ ᠶᠢᠨ ᠢᠳᠡᠭᠡᠨ ᠪᠠ | ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠢᠷᠢ ᠳᠤ ᠲᠡᠩᠴᠡᠭᠰᠡᠨ ᠦᠭᠡᠢ | ᠦᠢᠯᠡᠳᠬᠦᠨ ᠢ ᠦᠢᠯᠡᠳᠪᠦᠷᠢᠯᠡᠨ ᠡᠵᠡᠩᠨᠡᠭᠴᠢ ᠶᠢ ᠤᠯᠠᠮ ᠨᠢᠭᠡ ᠠᠯᠬᠤᠮ ᠪᠠᠶᠢᠴᠠᠭᠠᠨ ᠰᠢᠢᠳᠪᠦᠷᠢᠯᠡᠬᠦ ᠬᠡᠷᠡᠭᠲᠡᠶ | ᠭᠡᠵᠤ ᠱᠠᠭᠠᠷᠳᠠᠪᠠ᠃ |