ᠬᠢᠩᠭᠠᠨ ᠠᠶᠢᠮᠠᠭ ᠤᠨ ᠡᠳ᠋ ᠤᠨ ᠵᠠᠰᠠᠭ ᠠᠳᠠᠯ ᠦᠢᠯᠡᠰ ᠴᠣᠭᠴᠠᠯᠠᠬᠤ ᠠᠵᠢᠯ ᠣᠯᠭᠤᠬᠤ ︽ᠱᠠᠩᠨᠠᠯ ᠢᠶᠠᠷ ᠨᠥᠬᠦᠪᠥᠷᠢ ᠶᠢ ᠣᠷᠣᠯᠠᠭᠤᠯᠬᠤ︾ ᠪᠡᠯᠡ ᠮᠥᠩᠭᠦ 750 ᠲᠦᠮᠡᠨ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2015/12/18
     ᠬᠢᠩᠭᠠᠨ ᠠᠶᠢᠮᠠᠭ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠪᠠ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠮᠡᠷᠭᠡᠵᠢᠯ ‍ᠤᠨ‌ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠠᠵᠢᠯ ᠢ ᠦᠨᠡᠨ ᠬᠦ ᠴᠢᠩᠭᠠᠳᠬᠠᠨ ᠰᠠᠶᠢᠵᠢᠷᠠᠭᠤᠯᠵᠤ᠂ ᠬᠤᠲᠠ ᠬᠦᠳᠡᠭᠡ ᠶᠢᠨ ᠬᠥᠳᠡᠯᠮᠦᠷᠢᠯᠡᠭᠴᠢᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠦᠯᠦᠭᠡ᠂ ᠣᠶᠢᠷ᠎ᠠ ᠳᠤ᠂ ᠬᠢᠩᠭᠠᠨ ᠠᠶᠢᠮᠠᠭ ᠤᠨ ᠡᠳ᠋ ᠤᠨ ᠵᠠᠰᠠᠭ 2015 ᠣᠨ ᠤ ᠠᠳᠠᠯ ᠦᠢᠯᠡᠰ ᠴᠣᠭᠴᠠᠯᠠᠬᠤ ᠠᠵᠢᠯ ᠣᠯᠭᠤᠬᠤ ︽ᠱᠠᠩᠨᠠᠯ ᠢᠶᠠᠷ ᠨᠥᠬᠦᠪᠥᠷᠢ ᠶᠢ ᠣᠷᠣᠯᠠᠭᠤᠯᠬᠤ︾ ᠪᠡᠯᠡ ᠮᠥᠩᠭᠦ 750 ᠲᠦᠮᠡᠨ ᠲᠥᠭᠦᠷᠢᠭ ᠪᠠᠭᠤᠯᠭᠠᠵᠠᠢ᠂ ᠡᠭᠦᠨ ᠳᠤ᠄ ᠠᠳᠠᠯ ᠦᠢᠯᠡᠰ ᠴᠤᠭᠴᠠᠯᠠᠬᠤ ᠬᠦᠷᠢᠶᠡᠯᠡᠩ ︵ᠨᠡᠪᠴᠢᠭᠦᠯᠦᠭᠦᠷ ᠤᠨ ᠰᠠᠭᠤᠷᠢᠨ ᠭᠠᠵᠠᠷ︶᠎ ᠳᠤ 300 ᠲᠦᠮᠡᠨ ᠲᠥᠭᠦᠷᠢᠭ᠂ ᠭᠡᠷ ᠪᠦᠯᠢ ᠶᠢᠨ ᠦᠢᠯᠡᠴᠢᠯᠡᠭᠡᠨ ᠤ ᠦᠢᠯᠡᠰ ᠤᠨ ᠮᠡᠳᠡᠭᠡ ᠵᠠᠩᠭᠢ ᠶᠢᠨ ᠲᠠᠪᠴᠠᠩ ᠳᠤ 100 ᠲᠦᠮᠡᠨ ᠲᠥᠭᠦᠷᠢᠭ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠳᠤ 350 ᠲᠦᠮᠡᠨ ᠲᠥᠭᠦᠷᠢᠭ ᠪᠠᠭᠤᠯᠭᠠᠪᠠ᠃ ᠠᠳᠠᠯ ᠦᠢᠯᠡᠰ ᠴᠤᠭᠴᠠᠯᠠᠬᠤ ᠬᠦᠷᠢᠶᠡᠯᠡᠩ ︵ ᠨᠡᠪᠴᠢᠭᠦᠯᠦᠭᠦᠷ ᠤᠨ ᠰᠠᠭᠤᠷᠢᠨ ᠭᠠᠵᠠᠷ︶᠎ ᠨᠢ ᠭᠤᠣᠯᠳᠠᠭᠤ ᠠᠳᠠᠯ ᠦᠢᠯᠡᠰ ᠴᠤᠭᠴᠠᠯᠠᠬᠤ ᠦᠢᠯᠡᠴᠢᠯᠡᠭᠡᠨ ᠤ ᠲᠤᠨᠤᠭ ᠲᠥᠬᠦᠭᠡᠷᠦᠮᠵᠢ ᠬᠤᠳᠠᠯᠳᠤᠨ ᠠᠪᠬᠤ ᠳᠤ ᠬᠡᠷᠡᠭᠯᠡᠨ᠎ᠡ︔ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠨᠢ ᠭᠤᠣᠯᠳᠠᠭᠤ ᠳᠠᠳᠤᠯᠭ᠎ᠠ ᠪᠣᠯᠪᠠᠰᠤᠷᠠᠭᠤᠯᠤᠯ ᠤᠨ ᠪᠡᠯᠡᠳᠬᠡᠮᠵᠢ ᠲᠥᠬᠦᠭᠡᠷᠦᠮᠵᠢ ᠬᠤᠳᠠᠯᠳᠤᠨ ᠠᠪᠬᠤ᠂ ᠪᠣᠯᠪᠠᠰᠤᠷᠠᠭᠤᠯᠤᠯ ᠤᠨ ᠨᠡᠷᠡᠲᠦ ᠲᠡᠮᠳᠡᠭᠲᠦ ᠶᠢ ᠳᠡᠭᠡᠭᠰᠢᠯᠡᠭᠦᠯᠬᠦ ᠳᠤ ᠬᠡᠷᠡᠭᠯᠡᠨ᠎ᠡ︔ ᠭᠡᠷ ᠪᠦᠯᠢ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ᠨᠢ ᠭᠤᠣᠯᠳᠠᠭᠤ ᠬᠠᠲᠠᠭᠤ ᠲᠤᠨᠤᠭ ᠤᠨ ᠲᠤᠬᠢᠷᠠᠭᠤᠯᠭ᠎ᠠ᠂ ᠵᠥᠭᠡᠯᠡᠨ ᠲᠤᠨᠤᠭ ᠤᠨ ᠨᠡᠭᠡᠭᠡᠨ ᠠᠰᠢᠭᠯᠠᠯᠲᠠ᠂ ᠲᠤᠤᠷ ᠰᠦᠯᠵᠢᠶ᠎ᠡ ᠶᠢᠨ ᠬᠠᠮᠠᠭᠠᠯᠠᠯᠲᠠ ᠵᠡᠷᠭᠡ ᠦᠨᠳᠦᠰᠦᠨ ᠴᠢᠨᠠᠷᠲᠠᠶ ᠵᠠᠷᠤᠯᠭ᠎ᠠ ᠳᠤ ᠬᠡᠷᠡᠭᠯᠡᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号