ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠵᠥᠪᠯᠡᠯ ᠤᠨ ᠠᠯᠪᠠᠨ ᠭᠡᠷ ᠤᠨ ᠠᠵᠢᠯᠲᠠᠨ ᠡᠯᠰᠡᠬᠦ ᠠᠯᠪᠠᠨ ᠵᠠᠷ
ᠨᠡᠶᠢᠲᠡᠯᠡᠭᠰᠡᠨ ᠴᠠᠭ᠄
2015/12/18
     ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠵᠥᠪᠯᠡᠯ ᠤᠨ ᠠᠯᠪᠠᠨ ᠭᠡᠷ ︵ᠵᠠᠰᠠᠭ ᠤᠨ ᠣᠷᠳᠣᠨ ᠤ ᠪᠠᠶᠢᠩᠭᠤ ᠶᠢᠨ ᠪᠤᠰᠤ ᠪᠠᠶᠢᠭᠤᠯᠤᠮᠵᠢ᠂ ᠠᠯᠪᠠᠨ ᠭᠡᠷ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠯᠪᠠᠨ ᠭᠡᠷ ᠲᠤ ᠲᠣᠬᠢᠷᠠᠭᠤᠯᠤᠨ᠎ᠠ︶ ᠨᠡᠶᠢᠭᠡᠮ ᠠᠴᠠ ᠠᠵᠢᠯᠲᠠᠨ ᠡᠯᠰᠡᠨ᠎ᠡ᠃  ᠬᠤᠯᠪᠣᠭᠳᠠᠯ ᠪᠦᠬᠦᠢ ᠶᠠᠪᠤᠳᠠᠯ ᠢ ᠳᠣᠣᠷᠠᠬᠢ ᠮᠡᠲᠦ ᠵᠠᠷᠯᠠᠪᠠ᠄      ᠨᠢᠭᠡ᠂ ᠠᠵᠢᠯᠲᠠᠨ ᠡᠯᠰᠡᠬᠦ ᠵᠠᠷᠴᠢᠮ      ᠢᠯᠡ᠂ ᠲᠥᠪ ᠭᠤᠣᠯᠴᠢ ᠡᠷᠬᠡ ᠲᠡᠭᠰᠢ᠂ ᠥᠷᠢᠰᠦᠯᠳᠦᠬᠦ᠂ ᠰᠢᠯᠢᠳᠡᠭ ᠢ ᠰᠣᠩᠭᠤᠬᠤ ᠵᠠᠷᠴᠢᠮ ᠢ ᠵᠢᠷᠤᠮᠯᠠᠨ᠂ ᠪᠢᠷ ᠤᠨ ᠰᠢᠯᠭᠠᠯᠲᠠ ᠬᠢᠭᠡᠳ ᠨᠢᠭᠤᠷᠳᠠᠬᠤ ᠰᠢᠯᠭᠠᠯᠲᠠ ᠶᠢ ᠤᠶᠠᠯᠳᠤᠭᠤᠯᠤᠭᠰᠠᠨ ᠠᠷᠭ᠎ᠠ ᠪᠠᠷ ᠡᠯᠰᠡᠨ᠎ᠡ᠃      ᠬᠤᠶᠠᠷ᠂ ᠠᠵᠢᠯᠲᠠᠨ ᠡᠯᠰᠡᠬᠦ ᠨᠥᠬᠦᠴᠡᠯ      1. ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠷᠢᠶ᠎ᠠ ᠲᠠᠢ ᠪᠠᠶᠢᠬᠤ  ︔      2. ᠠᠷᠪᠠᠨ ᠨᠠᠢᠮᠠᠨ ᠪᠦᠬᠦᠯᠢ ᠨᠠᠰᠤ ᠠᠴᠠ ᠳᠡᠭᠡᠭᠰᠢ᠂ ᠭᠤᠴᠢᠨ ᠲᠠᠪᠤᠨ ᠪᠦᠬᠦᠯᠢ ᠨᠠᠰᠤᠨ ᠠᠴᠠ ᠳᠤᠷᠤᠭᠰᠢ ︵1997 ᠣᠨ ᠤ 12 ᠳ᠋ᠤᠭᠠᠷ ᠰᠠᠷ᠎ᠠ ᠶᠢᠨ10᠎ ᠤ ᠡᠳᠦᠷ ᠠᠴᠠ ᠬᠤᠶᠢᠰᠢ ᠲᠥᠷᠥᠭᠰᠡᠨ︶︔      3. ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠶᠢ ᠬᠦᠷᠢᠶᠡᠯᠡᠬᠦ︔      4. ᠰᠢᠯᠢᠳᠡᠭ ᠵᠠᠩ ᠰᠤᠷᠲᠠᠯ ᠲᠠᠢ ᠪᠠᠶᠢᠬᠤ︔      5. ᠪᠡᠶ᠎ᠡ ᠮᠠᠬᠠᠪᠤᠳ ᠡᠷᠡᠭᠦᠯ ᠴᠠᠬᠢᠷᠠᠭ ᠪᠠᠶᠢᠬᠤ︔      6. ᠬᠤᠶᠠᠷ ᠵᠢᠯ ᠠᠴᠠ ᠳᠡᠭᠡᠭᠰᠢᠬᠢ ᠬᠠᠤᠯᠢ ᠴᠠᠭᠠᠵᠠ ᠶᠢᠨ ᠠᠵᠢᠯ ᠬᠢᠭᠰᠡᠨ ᠥᠩᠭᠡᠷᠡᠯᠲᠡ ᠲᠠᠢ ᠪᠠᠶᠢᠬᠤ︔      7. ᠠᠰᠫᠢᠷᠠᠨᠲ ︵ᠪᠦᠬᠦᠯᠢ ᠡᠳᠦᠷ ᠤᠨ ᠳᠦᠷᠢᠮᠲᠦ︶᠎ ᠠᠴᠠ ᠳᠡᠭᠡᠭᠰᠢᠬᠢ ᠰᠣᠶᠣᠯ ᠤᠨ ᠬᠢᠷᠢ ᠬᠡᠮᠵᠢᠶ᠎ᠡ ᠲᠠᠢ ᠪᠠᠶᠢᠬᠤ᠃      ᠭᠤᠷᠪᠠ᠂ ᠠᠵᠢᠯᠲᠠᠨ ᠡᠯᠰᠡᠬᠦ ᠠᠵᠢᠯ ᠤᠨ ᠪᠠᠶᠢᠷᠢ ᠶᠢᠨ ᠬᠥᠮᠥᠨ ᠤ ᠲᠤᠭ᠎ᠠ ᠪᠠ ᠱᠠᠭᠠᠷᠳᠠᠯᠭ᠎ᠠ      ᠲᠤᠰ ᠣᠳᠠᠭ᠎ᠠ 2 ᠠᠵᠢᠯᠲᠠᠨ ᠡᠯᠰᠡᠨ᠎ᠡ᠃ ᠡᠭᠦᠨ ᠳᠤ᠄ ᠵᠠᠰᠠᠭ ᠵᠠᠬᠢᠷᠭᠠᠨ ᠤ ᠬᠠᠤᠯᠢ ᠶᠢᠨ ᠤᠬᠠᠭᠠᠨ ᠤ ᠮᠡᠷᠭᠡᠵᠢᠯ᠂ ᠢᠷᠭᠡᠨ ᠤ ᠬᠤᠳᠠᠯᠳᠤᠭᠠᠨ ᠤ ᠬᠠᠤᠯᠢ ᠶᠢᠨ ᠤᠬᠠᠭᠠᠨ ᠤ ᠮᠡᠷᠭᠡᠵᠢᠯ ᠳᠤ ᠲᠣᠰᠪᠤᠷᠢ 1 ᠨᠡᠷ᠎ᠡ ᠡᠯᠰᠡᠨ᠎ᠡ᠃      ᠳᠥᠷᠪᠡ᠂ ᠠᠵᠢᠯᠲᠠᠨ ᠡᠯᠰᠡᠬᠦ ᠠᠯᠬᠤᠮ ᠳᠠᠷᠠᠭ᠎ᠠ      ︵ᠨᠢᠭᠡ︶ ᠠᠯᠪᠠᠨ ᠵᠠᠷ ᠨᠡᠶᠢᠲᠡᠯᠡᠨ᠎ᠡ      ᠥᠪᠥᠷ ᠮᠣᠩᠭᠤᠯ ᠤᠨ ᠵᠠᠰᠠᠭ ᠤᠨ ᠣᠷᠳᠣᠨ ᠤ ᠬᠠᠤᠯᠢ ᠳᠦᠷᠢᠮ ᠤᠨ ᠰᠦᠯᠵᠢᠶ᠎ᠡ ︵http://www.nmfzb.gov.cn/ ) ᠳᠡᠭᠡᠷ᠎ᠡ ᠠᠵᠢᠯᠲᠠᠨ ᠡᠯᠰᠡᠬᠦ ᠠᠯᠪᠠᠨ ᠵᠠᠷ ᠨᠡᠶᠢᠲᠡᠯᠡᠨ᠎ᠡ᠃      ︵ᠬᠤᠶᠠᠷ︶ ᠨᠡᠷ᠎ᠡ ᠮᠡᠳᠡᠭᠦᠯᠬᠦ ᠪᠠ ᠬᠢᠷᠢ ᠭᠡᠮ ᠳᠤ ᠠᠩᠬᠠᠨ ᠤ ᠬᠢᠨᠠᠯᠲᠠ ᠬᠢᠨ᠎ᠡ      1. ᠨᠡᠷ᠎ᠡ ᠮᠡᠳᠡᠭᠦᠯᠬᠦ ᠴᠠᠭ ᠬᠤᠭᠤᠴᠠᠭ᠎ᠠ᠄ 2015 ᠣᠨ ᠤ 12 ᠳ᠋ᠤᠭᠠᠷ ᠰᠠᠷ᠎ᠠ ᠶᠢᠨ 10᠎ ᠤ ᠡᠳᠦᠷ ᠠᠴᠠ 12 ᠳ᠋ᠤᠭᠠᠷ ᠰᠠᠷ᠎ᠠ ᠶᠢᠨ 17᠎ ᠤ ᠡᠳᠦᠷ ᠬᠦᠷᠲᠡᠯ᠎ᠡ ᠨᠡᠷ᠎ᠡ ᠮᠡᠳᠡᠭᠦᠯᠦᠨ᠎ᠡ᠃      2 .ᠨᠡᠷ᠎ᠡ ᠮᠡᠳᠡᠭᠦᠯᠬᠦ ᠠᠷᠭ᠎ᠠ᠄ ᠠᠵᠢᠯᠲᠠᠨ ᠡᠯᠰᠡᠬᠦ ᠠᠵᠢᠯ ᠤᠨ ᠪᠠᠶᠢᠷᠢ ᠠᠴᠠ ᠱᠠᠭᠠᠷᠳᠠᠭᠰᠠᠨ ᠬᠠᠮᠢᠶ᠎ᠠ ᠪᠦᠬᠦᠢ ᠮᠠᠲ᠋ᠧᠷᠢᠶᠠᠯ ᠢᠶᠠᠨ ᠰᠢᠷᠪᠢᠭᠦᠯᠦᠭᠰᠡᠨ ᠤ ᠳᠠᠷᠠᠭ᠎ᠠ ᠰᠢᠥᠳᠠᠨ ᠬᠠᠶᠢᠷᠴᠠᠭ 35190142 @qq.com᠎ ᠲᠤ ᠢᠯᠡᠭᠡᠭᠡᠷᠡᠢ᠃      3. ᠨᠡᠷ᠎ᠡ ᠮᠡᠳᠡᠭᠦᠯᠬᠦ ᠱᠠᠭᠠᠷᠳᠠᠯᠭ᠎ᠠ᠄      ︵1︶ ᠨᠡᠷ᠎ᠡ ᠮᠡᠳᠡᠭᠦᠯᠬᠦ ᠳᠤ ᠲᠣᠰ ᠬᠥᠮᠥᠨ ᠤ ᠬᠦᠴᠦᠨ ᠪᠦᠬᠦᠢ ᠪᠡᠶ᠎ᠡ ᠮᠠᠬᠠᠪᠤᠳ ᠤᠨ ᠦᠨᠡᠮᠯᠡᠯ᠂ ᠲᠡᠭᠦᠰᠬᠦ ᠦᠨᠡᠮᠯᠡᠯ᠂ ᠰᠤᠷᠤᠯᠭ᠎ᠠ ᠶᠢᠨ ᠴᠤᠯᠠ ᠶᠢᠨ ᠦᠨᠡᠮᠯᠡᠯ᠂ ᠬᠢᠷᠢ ᠭᠡᠮ ᠤᠨ ᠦᠨᠡᠮᠯᠡᠯ ᠤᠨ ᠬᠠᠭᠤᠯᠪᠤᠷᠢ᠂ ᠰᠤᠷᠭᠠᠨ ᠬᠦᠮᠦᠵᠢᠯ ᠤᠨ ᠶᠠᠮᠤᠨ ᠤ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠡᠯᠧᠺᠲᠷᠣᠨ ᠳᠠᠩᠰᠠᠯᠠᠯ ᠬᠥᠰᠥᠨᠥᠭᠲᠥ ᠪᠣᠶᠣ ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠰᠤᠷᠤᠯᠭ᠎ᠠ ᠶᠢᠨ ᠨᠠᠮᠲᠠᠷ ᠤᠨ ᠦᠨᠡᠮᠰᠢᠯᠲᠡ ᠶᠢᠨ ᠮᠡᠳᠡᠭᠦᠯᠦᠯᠲᠡ᠂ ᠬᠠᠮᠢᠶ᠎ᠠ ᠪᠦᠬᠦᠢ ᠠᠵᠢᠯ ᠤᠨ ᠥᠩᠭᠡᠷᠡᠯᠲᠡ ᠶᠢᠨ ᠭᠡᠷᠡᠴᠢ ᠵᠢᠴᠢ ᠣᠶᠢᠷ᠎ᠠ ᠶᠢᠨ ᠬᠤᠭᠤᠴᠠᠭᠠᠨ ᠤ 1 ᠢᠮᠠᠬᠤ ᠶᠢᠨ ᠲᠥᠪ ᠰᠡᠭᠦᠳᠡᠷ ︵ᠡᠯᠧᠺᠲᠷᠣᠨ ᠬᠡᠪ︶᠎ ᠢ ᠲᠤᠰᠢᠶᠠᠨ᠎ᠠ᠃       ︵2︶ ᠬᠥᠮᠥᠨ ᠪᠦᠷᠢ ᠵᠥᠪᠬᠡᠨ ᠨᠢᠭᠡ ᠠᠵᠢᠯ ᠤᠨ ᠪᠠᠶᠢᠷᠢ ᠳᠤ ᠰᠢᠯᠭᠠᠭᠤᠯᠵᠤ ᠪᠣᠯᠣᠨ᠎ᠠ᠃       ︵ᠭᠤᠷᠪᠠ︶ ᠰᠢᠯᠭᠠᠯᠲᠠ       ᠪᠢᠷ ᠤᠨ ᠰᠢᠯᠭᠠᠯᠲᠠ ᠶᠢ 2015 ᠣᠨ ᠤ 12 ᠳ᠋ᠤᠭᠠᠷ ᠰᠠᠷ᠎ᠠ ᠶᠢᠨ 20᠎ ᠤ ᠡᠳᠦᠷ ᠬᠢᠨ᠎ᠡ᠂ ᠰᠢᠯᠭᠠᠯᠲᠠ ᠶᠢᠨ ᠭᠠᠵᠠᠷ ᠢ ᠠᠰᠲᠠᠭᠠᠨ ᠮᠡᠳᠡᠭᠳᠡᠨ᠎ᠡ᠃       ᠪᠢᠷ ᠤᠨ ᠰᠢᠯᠭᠠᠯᠲᠠ ᠳᠤ ᠲᠤᠰᠬᠠᠢ ᠮᠡᠷᠭᠡᠵᠢᠯ ᠤᠨ ᠮᠡᠳᠡᠯᠭᠡ ᠰᠢᠯᠭᠠᠨ᠎ᠠ᠃ ᠨᠥᠬᠦᠴᠡᠯ ᠳᠤ ᠨᠡᠶᠢᠴᠡᠭᠰᠡᠳ ᠪᠦᠷ ᠪᠢᠷ ᠤᠨ ᠰᠢᠯᠭᠠᠯᠲᠠ ᠳᠤ ᠣᠷᠣᠯᠴᠠᠵᠤ ᠪᠣᠯᠣᠨ᠎ᠠ᠂ ᠠᠵᠢᠯ ᠤᠨ ᠪᠠᠶᠢᠷᠢ ᠶᠢᠨ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢᠨ ᠳᠡᠰ ᠳᠠᠷᠠᠭᠠᠯᠠᠯ ᠢᠶᠠᠷ᠂ ᠠᠵᠢᠯ ᠤᠨ ᠪᠠᠶᠢᠷᠢ ᠪᠦᠷᠢ ᠶᠢᠨ ᠲᠦᠷᠦᠭᠦᠦ ᠬᠤᠷᠢᠨ ᠨᠡᠷ᠎ᠡ ᠶᠢ ᠬᠢᠷᠢ ᠬᠡᠮ ᠢ ᠲᠠᠪᠲᠠᠨ ᠬᠢᠨᠠᠬᠤ ᠬᠡᠪᠴᠢᠶᠡᠨ ᠳᠤ ᠣᠷᠤᠭᠤᠯᠤᠨ᠎ᠠ︔ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠨᠢ ᠠᠳᠠᠯᠢᠬᠠᠨ ᠪᠣᠯ ᠬᠠᠮᠲᠤ ᠳᠤᠨᠢ ᠲᠠᠪᠲᠠᠨ ᠬᠢᠨᠠᠬᠤ ᠳᠤ ᠣᠷᠤᠭᠤᠯᠤᠨ᠎ᠠ᠃       ︵ᠳᠥᠷᠪᠡ︶ ᠬᠢᠷᠢ ᠭᠡᠮ ᠢ ᠲᠠᠪᠲᠠᠨ ᠬᠢᠨᠠᠬᠤ ᠵᠢᠴᠢ ᠨᠢᠭᠤᠷᠳᠠᠬᠤ ᠰᠢᠯᠭᠠᠯᠲᠠᠬᠢᠷᠢ ᠭᠡᠮ ᠢ ᠲᠠᠪᠲᠠᠨ ᠬᠢᠨᠠᠬᠤ ᠳᠤ ᠭᠤᠣᠯᠳᠠᠭᠤ ᠰᠢᠯᠭᠠᠭᠤᠯᠤᠭᠴᠢ ᠶᠢᠨ ᠨᠡᠷ᠎ᠡ ᠮᠡᠳᠡᠭᠦᠯᠬᠦ ᠰᠤᠷᠠᠭ ᠵᠠᠩᠭᠢ ᠶᠢᠨ ᠦᠨᠡᠨ ᠪᠤᠳᠠᠲᠠᠢ ᠵᠥᠪ ᠣᠨᠣᠪᠴᠢᠲᠠᠢ ᠡᠰᠡᠬᠦ ᠶᠢ ᠬᠢᠨᠠᠨ ᠬᠠᠷᠠᠭᠤᠯᠤᠨ᠎ᠠ᠃ ᠬᠢᠷᠢ ᠬᠡᠮ ᠢ ᠲᠠᠪᠲᠠᠨ ᠬᠢᠨᠠᠬᠤ ᠳᠤ ᠣᠷᠣᠯᠴᠠᠭᠰᠠᠳ ᠥᠪᠡᠷ ᠤᠨ ᠬᠦᠴᠦᠨ ᠪᠦᠬᠦᠢ ᠪᠡᠶ᠎ᠡ ᠮᠠᠬᠠᠪᠤᠳ ᠤᠨ ᠦᠨᠡᠮᠯᠡᠯ᠂ ᠲᠡᠭᠦᠰᠬᠦ ᠦᠨᠡᠮᠯᠡᠯ᠂ ᠰᠤᠷᠤᠯᠭ᠎ᠠ ᠶᠢᠨ ᠴᠤᠯᠠ ᠶᠢᠨ ᠦᠨᠡᠮᠯᠡᠯ᠂ ᠬᠢᠷᠢ ᠭᠡᠮ ᠤᠨ ᠦᠨᠡᠮᠯᠡᠯ ᠤᠨ ᠬᠠᠭᠤᠯᠪᠤᠷᠢ᠂ ᠰᠤᠷᠭᠠᠨ ᠬᠦᠮᠦᠵᠢᠯ ᠤᠨ ᠶᠠᠮᠤᠨ ᠤ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠡᠯᠧᠺᠲᠷᠣᠨ ᠪᠦᠷᠢᠳᠬᠡᠯ ᠳᠠᠩᠰᠠᠯᠠᠯ ᠤᠨ ᠬᠥᠰᠥᠨᠥᠭᠲᠥ ᠪᠣᠶᠣ ᠳᠤᠮᠳᠠᠳᠤ ᠤᠯᠤᠰ ᠤᠨ ᠶᠡᠭᠡ ᠳᠡᠭᠡᠳᠦ ᠶᠢᠨ ᠰᠤᠷᠭᠠᠨ ᠬᠥᠮᠥᠵᠢᠯ ᠤᠨ ᠰᠤᠷᠤᠯᠭ᠎ᠠ ᠶᠢᠨ ᠨᠠᠮᠲᠠᠷ ᠤᠨ ᠦᠨᠡᠮᠰᠢᠯᠲᠡ ᠶᠢᠨ ᠮᠡᠳᠡᠭᠦᠯᠦᠯᠲᠡ᠂ ᠬᠠᠮᠢᠶ᠎ᠠ ᠪᠦᠬᠦᠢ ᠠᠵᠢᠯ ᠤᠨ ᠥᠩᠭᠡᠷᠡᠯᠲᠡ ᠶᠢᠨ ᠭᠡᠷᠡᠴᠢ ᠤᠨ ᠤᠤᠯ ᠮᠠᠲ᠋ᠧᠷᠢᠶᠠᠯ ᠢᠶᠠᠨ ᠬᠠᠩᠭᠠᠭᠠᠨ᠎ᠠ᠃ ᠬᠠᠩᠭᠠᠭᠰᠠᠨ ᠮᠡᠳᠡᠭᠡ ᠵᠠᠩᠭᠢ ᠨᠢ ᠦᠨᠡᠨ ᠪᠤᠳᠠᠲᠠᠢ ᠪᠢᠰᠢ ᠪᠠᠶᠢᠪᠠᠯ ᠨᠢᠭᠤᠷᠳᠠᠬᠤ ᠰᠢᠯᠭᠠᠯᠲᠠ ᠶᠢᠨ ᠬᠢᠷᠢ ᠭᠡᠮ ᠢ ᠨᠢ ᠬᠠᠰᠤᠬᠤ ᠪᠥᠭᠡᠳ ᠲᠤᠰ ᠠᠵᠢᠯ ᠤᠨ ᠪᠠᠶᠢᠷᠢ ᠶᠢᠨ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢᠨ ᠥᠨᠳᠥᠷ ᠠᠴᠠ ᠨᠢ ᠳᠠᠷᠠᠭᠠᠯᠠᠨ ᠨᠥᠬᠦᠨ᠎ᠡ᠃       ᠨᠢᠭᠤᠷᠳᠠᠬᠤ ᠰᠢᠯᠭᠠᠯᠲᠠ ᠳᠤ ᠪᠦᠲᠦᠴᠡᠯᠡᠭᠰᠡᠨ ᠰᠢᠯᠭᠠᠯᠲᠠ ᠬᠢᠨ᠎ᠡ᠂ ᠴᠠᠭ᠂ ᠭᠠᠵᠠᠷ ᠣᠷᠣᠨ ᠢ ᠠᠰᠲᠠᠭᠠᠨ ᠮᠡᠳᠡᠭᠳᠡᠨ᠎ᠡ᠃       ᠶᠡᠷᠦᠩᠬᠡᠢ ᠬᠢᠷᠢ ᠪᠦᠲᠦᠮᠵᠢ = ᠪᠢᠷ ᠤᠨ ᠰᠢᠯᠭᠠᠯᠲᠠ ᠶᠢᠨ ᠬᠢᠷᠢ ᠪᠦᠲᠦᠮᠵᠢ× 60% + ᠨᠢᠭᠤᠷᠳᠠᠬᠤ ᠰᠢᠯᠭᠠᠯᠲᠠ ᠶᠢᠨ ᠬᠢᠷᠢ ᠪᠦᠲᠦᠮᠵᠢ×40%       ︵ᠲᠠᠪᠤ︶ ᠪᠡᠶ᠎ᠡ ᠮᠠᠬᠠᠪᠤᠳ ᠤᠨ ᠪᠠᠶᠢᠴᠠᠭᠠᠯᠲᠠ       1. ᠶᠡᠷᠦᠩᠬᠡᠢ ᠬᠢᠷᠢ ᠪᠦᠲᠦᠮᠵᠢ ᠶᠢ ᠦᠨᠳᠦᠰᠦᠯᠡᠨ᠂ ᠠᠵᠢᠯᠲᠠᠨ ᠡᠯᠰᠡᠬᠦ ᠠᠵᠢᠯ ᠤᠨ ᠪᠠᠶᠢᠷᠢ ᠶᠢᠨ ᠲᠡᠩᠴᠡᠭᠦᠦ ᠲᠤᠭ᠎ᠠ ᠪᠠᠷ ᠵᠢᠱᠢᠭᠳᠡᠭᠴᠢ ᠶᠢ ᠰᠣᠩᠭᠤᠨ ᠪᠡᠶ᠎ᠡ ᠮᠠᠬᠠᠪᠤᠳ ᠤᠨ ᠪᠠᠶᠢᠴᠠᠭᠠᠯᠲᠠ ᠶᠢᠨ ᠬᠢᠨᠠᠨ ᠰᠢᠯᠭᠠᠬᠤ ᠬᠡᠪᠴᠢᠶᠡᠨ ᠳᠤ ᠣᠷᠣᠭᠤᠯᠤᠨ᠎ᠠ᠃       2. ᠪᠡᠶ᠎ᠡ ᠮᠠᠬᠠᠪᠤᠳ ᠤᠨ ᠪᠠᠶᠢᠴᠠᠭᠠᠯᠲᠠ ᠶᠢᠨ ᠠᠵᠢᠯ ᠢ ᠤᠯᠤᠰ ᠤᠨ ᠠᠯᠪᠠᠲᠠᠨ ᠡᠯᠰᠡᠬᠦ ᠪᠡᠶ᠎ᠡ ᠮᠠᠬᠠᠪᠤᠳ ᠤᠨ ᠪᠠᠶᠢᠴᠠᠭᠠᠯᠲᠠ ᠶᠢᠨ ᠪᠠᠷᠢᠮᠵᠢᠶ᠎ᠠ ᠪᠠᠷ ᠶᠠᠪᠤᠭᠳᠠᠭᠤᠯᠤᠨ᠎ᠠ᠃       3. ᠪᠡᠶ᠎ᠡ ᠮᠠᠬᠠᠪᠤᠳ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ ᠰᠢᠯᠭᠠᠭᠤᠯᠤᠭᠰᠠᠳ ᠢ ᠲᠣᠰ ᠠᠵᠢᠯ ᠤᠨ ᠪᠠᠶᠢᠷᠢ ᠳᠤ ᠰᠢᠯᠭᠠᠭᠤᠯᠤᠭᠰᠠᠳ ᠶᠡᠷᠦᠩᠬᠡᠢ ᠬᠢᠷᠢ ᠪᠦᠲᠦᠮᠵᠢ ᠶᠢᠨ ᠳᠠᠷᠠᠭᠠᠯᠠᠯ ᠢᠶᠠᠷ ᠨᠥᠬᠦᠵᠦ ᠪᠡᠶ᠎ᠡ ᠮᠠᠬᠠᠪᠤᠳ ᠤᠨ ᠪᠠᠶᠢᠴᠠᠭᠠᠯᠲᠠ ᠳᠤ ᠣᠷᠣᠯᠴᠠᠭᠤᠯᠤᠨ᠎ᠠ᠂ ᠪᠡᠶ᠎ᠡ ᠮᠠᠬᠠᠪᠤᠳ ᠤᠨ ᠪᠠᠶᠢᠴᠠᠭᠠᠯᠲᠠ ᠶᠢᠨ ᠪᠤᠳᠠᠲᠠᠢ ᠴᠠᠭ᠂ ᠭᠠᠵᠠᠷ ᠣᠷᠣᠨ ᠢ ᠠᠰᠲᠠᠭᠠᠨ ᠮᠡᠳᠡᠭᠳᠡᠨ᠎ᠡ᠂ ᠪᠡᠶ᠎ᠡ ᠮᠠᠬᠠᠪᠤᠳ ᠤᠨ ᠪᠠᠶᠢᠴᠠᠭᠠᠯᠲᠠ ᠶᠢᠨ ᠰᠦᠢᠳᠬᠡᠯ ᠢ ᠥᠪᠡᠷ ᠢᠶᠠᠨ ᠬᠠᠷᠢᠭᠤᠴᠠᠨ᠎ᠠ᠃       ︵ᠵᠢᠷᠭᠤᠭ᠎ᠠ︶ ᠬᠢᠨᠠᠨ ᠰᠢᠯᠭᠠᠬᠤ       ᠬᠢᠨᠠᠨ ᠰᠢᠯᠭᠠᠠᠯᠲᠠ ᠳᠤ ᠭᠤᠣᠯ ᠨᠢ ᠲᠡᠭᠦᠨ ᠤ ᠤᠯᠤᠰ ᠲᠥᠷᠥ ᠦᠵᠡᠯ ᠰᠠᠨᠠᠭ᠎ᠠ᠂ ᠶᠣᠰᠣ ᠮᠣᠷᠠᠯ ᠬᠡᠪ ᠴᠢᠨᠠᠷ᠂ ᠲᠤᠬᠠᠶᠢᠯᠠᠭᠰᠠᠨ ᠠᠵᠢᠯ ᠤᠨ ᠠᠮᠵᠢᠯᠲᠠ᠂ ᠠᠵᠢᠯ ᠤᠨ ᠪᠣᠳᠠᠲᠤ ᠬᠢᠷᠢ ᠪᠦᠲᠦᠮᠵᠢ ᠵᠢᠴᠢ ᠬᠤᠪᠢ ᠬᠥᠮᠥᠨ ᠤ ᠬᠠᠮᠢᠶ᠎ᠠ ᠪᠦᠬᠦᠢ ᠢᠲᠡᠭᠡᠮᠵᠢ ᠵᠡᠷᠭᠡ ᠪᠠᠶᠢᠳᠠᠯ ᠢ ᠪᠠᠶᠢᠴᠠᠭᠠᠨ᠎ᠠ᠃ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠭᠡᠢ ᠬᠥᠮᠥᠨ ᠭᠠᠷᠪᠠᠯ ᠶᠡᠷᠦᠩᠬᠡᠢ ᠬᠢᠷᠢ ᠪᠦᠲᠦᠮᠵᠢ ᠶᠢᠨ ᠥᠨᠳᠥᠷ ᠠᠴᠠ ᠨᠢ ᠳᠠᠷᠠᠭᠠᠯᠠᠨ ᠨᠥᠬᠦᠨ᠎ᠡ᠃        ︵ᠳᠣᠯᠤᠭ᠎ᠠ︶ ᠨᠡᠶᠢᠲᠡ ᠳᠤ ᠵᠠᠷᠯᠠᠬᠤ ᠪᠢᠷ ᠤᠨ ᠰᠢᠯᠭᠠᠯᠲᠠ᠂ ᠨᠢᠭᠤᠷᠲᠠᠨ ᠰᠢᠯᠭᠠᠯᠲᠠ᠂ ᠪᠡᠶ᠎ᠡ ᠮᠠᠬᠠᠪᠤᠳ ᠤᠨ ᠪᠠᠶᠢᠴᠠᠭᠠᠯᠲᠠ᠂ ᠬᠢᠨᠠᠨ ᠰᠢᠯᠭᠠᠯᠲᠠ ᠵᠡᠷᠭᠡ ᠡᠯ᠎ᠡ ᠶᠠᠪᠤᠴᠠ ᠶᠢᠨ ᠠᠵᠢᠯ ᠢ ᠳᠠᠭᠤᠰᠬᠠᠭᠰᠠᠨ ᠤ ᠳᠠᠷᠠᠭ᠎ᠠ᠂ ᠦᠷ᠎ᠡ ᠳ᠋ᠦᠩ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠳᠦᠷᠢᠮ ᠤᠨ ᠰᠦᠯᠵᠢᠶᠡᠨ ᠳᠡᠭᠡᠷ᠎ᠡ ᠵᠠᠷᠯᠠᠵᠤ᠂  ᠰᠢᠯᠭᠠᠭᠤᠯᠤᠭᠴᠢᠳ ᠤᠨ ᠠᠰᠠᠭᠤᠨ ᠯᠠᠪᠯᠠᠬᠤ ᠪᠠ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠲᠠᠯᠪᠢᠬᠤ ᠶᠢ ᠬᠦᠯᠢᠶᠡᠨ᠎ᠠ᠃       ᠲᠠᠪᠤ᠂ ᠡᠯᠰᠡᠨ ᠬᠡᠷᠡᠭᠯᠡᠬᠦ ᠶᠢ ᠬᠢᠨᠠᠨ ᠵᠥᠪᠰᠢᠶᠡᠷᠡᠬᠦ       ᠡᠯᠰᠡᠭᠳᠡᠭᠴᠢ ᠶᠢᠨ ᠲᠤᠷᠰᠢᠨ ᠬᠡᠷᠡᠭᠯᠡᠬᠦ ᠬᠤᠭᠤᠴᠠᠭ᠎ᠠ ᠨᠢ 6 ᠰᠠᠷ᠎ᠠ᠃ ᠲᠤᠷᠰᠢᠨ ᠬᠡᠷᠡᠭᠯᠡᠬᠦ ᠬᠤᠭᠤᠴᠠᠭᠠᠨ ᠳᠤ᠂  ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠠᠴᠠ ᠡᠯᠰᠡᠭᠳᠡᠭᠴᠢ ᠶᠢ ᠬᠢᠨᠠᠨ ᠲᠣᠭᠲᠠᠭᠠᠨ᠎ᠡ᠂ ᠬᠢᠨᠠᠨ ᠲᠣᠭᠲᠠᠭᠠᠯᠲᠠ ᠢᠶᠠᠷ ᠳᠠᠮᠵᠢᠨ ᠲᠤᠰ ᠠᠵᠢᠯ ᠢ ᠡᠭᠦᠷᠭᠡᠯᠡᠵᠦ ᠳᠡᠶᠢᠯᠬᠦ ᠦᠭᠡᠢ ᠭᠡᠵᠦ ᠲᠣᠭᠲᠠᠭᠠᠭᠳᠠᠭᠰᠠᠨ ᠪᠣᠯ ᠠᠶᠠᠨᠳᠠᠭᠠᠨ ᠪᠠᠭᠤᠨ᠎ᠠ᠃ ᠵᠠᠷᠯᠠᠬᠤ᠂ ᠲᠤᠷᠰᠢᠨ ᠬᠡᠷᠡᠭᠯᠡᠬᠦ ᠬᠤᠭᠤᠴᠠᠭᠠᠨ ᠳᠤ ᠬᠤᠭᠤᠰᠤᠨ ᠣᠷᠣ ᠭᠠᠷᠪᠠᠯ᠂ ᠪᠡᠶ᠎ᠡ ᠮᠠᠬᠠᠪᠤᠳ ᠤᠨ ᠪᠠᠶᠢᠴᠠᠭᠠᠯᠲᠠ ᠂ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠬᠡᠪᠴᠢᠶᠡᠨ ᠠᠴᠠ ᠰᠢᠯᠢᠳᠡᠭ ᠢ ᠨᠢ ᠰᠣᠩᠭᠤᠨ ᠨᠥᠬᠦᠬᠦ ᠪᠥᠭᠡᠳ ᠣᠯᠠᠨ ᠳᠤ ᠵᠠᠷᠯᠠᠬᠤ ᠪᠠ ᠠᠵᠢᠯ ᠤᠨ ᠪᠠᠶᠢᠷᠢ ᠶᠢᠨ ᠬᠢᠨᠠᠨ ᠲᠣᠭᠲᠠᠭᠠᠯᠲᠠ ᠬᠢᠨ᠎ᠡ᠃       ᠵᠢᠷᠭᠤᠭ᠎ᠠ᠂ ᠡᠯᠰᠡᠭᠳᠡᠭᠴᠢ ᠶᠢᠨ ᠬᠥᠯᠥᠰᠦ ᠣᠯᠭᠤᠮᠵᠢ       ᠡᠯᠰᠡᠭᠳᠡᠭᠴᠢ ᠶᠢᠨ ᠴᠠᠯᠢᠩ ᠢ ᠰᠠᠷ᠎ᠠ ᠪᠠᠷ ᠥᠭᠭᠦᠨ᠎ᠡ᠂ ᠲᠤᠷᠰᠢᠨ ᠬᠡᠷᠡᠭᠯᠡᠬᠦ ᠬᠤᠭᠤᠴᠠᠭᠠᠨ ᠳᠠᠬᠢ ᠴᠠᠯᠢᠩ ᠨᠢ ᠰᠠᠷ᠎ᠠ ᠪᠦᠷᠢ 2000 ᠲᠥᠭᠦᠷᠢᠭ᠃ ᠵᠢᠩᠬᠢᠨᠢ ᠪᠠᠷ ᠭᠡᠷ᠎ᠡ ᠲᠣᠭᠲᠠᠭᠰᠠᠨ ᠤ ᠳᠠᠷᠠᠭ᠎ᠠ ᠰᠠᠷ᠎ᠠ ᠪᠦᠷᠢ 2500 ᠲᠥᠭᠦᠷᠢᠭ ᠪᠥᠭᠡᠳ ᠬᠤᠭᠤᠴᠠᠭ᠎ᠠ ᠶᠤᠰᠤᠭᠠᠷ ᠡᠯᠰᠡᠭᠳᠡᠭᠴᠢ ᠬᠥᠮᠥᠨ ᠬᠡᠷᠡᠭᠯᠡᠬᠦ ᠨᠢᠭᠡᠴᠡ ᠶᠢᠨ ᠲᠤᠰᠢᠶᠠᠬᠤ ᠨᠡᠶᠢᠭᠡᠮ ᠤᠨ ᠳᠠᠭᠠᠳᠬᠠᠯ ᠢ ᠨᠢ ᠲᠤᠰᠢᠶᠠᠨ᠎ᠠ᠃                                                                     ᠬᠠᠷᠢᠯᠴᠠᠬᠤ ᠬᠥᠮᠥᠨ᠄ ᠵᠤᠤ ᠸᠧᠢ ᠭᠠᠩ                         ᠬᠠᠷᠢᠯᠴᠠᠬᠤ ᠤᠲᠠᠰᠤ᠄ 0471 — 4824182ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠳᠥᠷᠢᠮ ᠤᠨ ᠠᠯᠪᠠᠨ ᠭᠡᠷ          2015 ᠣᠨ ᠤ 12 ᠳ᠋ᠤᠭᠠᠷ ᠰᠠᠷ᠎ᠠ ᠶᠢᠨ 7᠎ ᠤ ᠡᠳᠦᠷ                                                  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号