| ᠰᠤᠷᠪᠤᠯᠵᠢᠯᠠᠨ ᠶᠠᠷᠢᠯᠴᠠᠭᠰᠠᠨ ᠴᠠᠭ᠄ | 2015 ᠣᠨ ᠤ 11 ᠳ᠋ᠦ᠋ᠭᠡᠷ ᠰᠠᠷ᠎ᠠ ᠶᠢᠨ 17 ᠤ ᠡᠳᠦᠷ ᠤᠨ ᠦᠳᠡ ᠶᠢᠨ ᠡᠮᠦᠨᠡᠬᠢ 10 ᠴᠠᠭ ᠲᠤ | ᠰᠤᠷᠪᠤᠯᠵᠢᠯᠠᠭ᠎ᠠ ᠬᠦᠯᠢᠶᠡᠭᠰᠡᠨ ᠡᠷᠬᠢᠮ ᠵᠣᠴᠢᠳ᠄ | ᠲᠦᠩᠯᠢᠶᠣᠤ ᠬᠤᠲᠠ ᠶᠢᠨ ᠰᠣᠶᠣᠯ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠲᠣᠪᠴᠢᠶᠠᠨ ᠤ ᠳᠠᠷᠤᠭ᠎ᠠ ᠱᠧᠩ ᠴᠢᠨ | ᠰᠤᠷᠪᠤᠯᠵᠢᠯᠠᠨ ᠶᠠᠷᠢᠯᠴᠠᠭᠰᠠᠨ ᠲᠣᠪᠴᠢ ᠲᠠᠨᠢᠯᠴᠠᠭᠤᠯᠭ᠎ᠠ᠄ | ᠲᠦᠩᠯᠢᠶᠣᠤ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠯᠢ ᠡᠷᠲᠡ ᠠᠴᠠ ᠰᠣᠶᠣᠯ ᠤᠨ ᠠᠵᠢᠯ ᠢ ᠮᠠᠰᠢ ᠴᠢᠬᠤᠯᠠᠴᠢᠯᠠᠨ ᠦᠵᠡᠵᠦ | ᠂ ︽ᠰᠣᠶᠣᠯ ᠤᠨ ᠬᠦᠴᠦᠷᠬᠡᠭ ᠬᠤᠲᠠ ᠶᠢ ᠪᠠᠶᠢᠭᠤᠯᠬᠤ︾ ᠬᠥᠭᠵᠢᠯᠲᠡ ᠶᠢᠨ ᠰᠡᠳᠬᠢᠮᠵᠢ ᠶᠢ ᠳᠤᠷᠠᠳᠪᠠ᠃ ᠬᠡᠳᠦᠨ ᠵᠢᠯ ᠤᠨ ᠲᠤᠷᠰᠢ᠂ ᠲᠦᠩᠯᠢᠶᠣᠤ ᠪᠦᠬᠦ | ᠬᠤᠲᠠ ᠶᠢᠨ ᠰᠣᠶᠣᠯ ᠤᠨ ᠪᠠᠶᠢᠭᠤᠯᠤᠯ ᠤᠨ ᠥᠭᠡᠷᠡᠴᠢᠯᠡᠯᠲᠡ ᠠᠯᠬᠤᠮ ᠠᠯᠬᠤᠮ ᠢᠶᠠᠷ ᠭᠦᠨᠵᠡᠭᠡᠶᠢᠷᠡᠨ᠂ ᠰᠣᠶᠣᠯ ᠤᠨ ᠦᠢᠯᠡᠰ ᠦᠷᠭᠦᠯᠵᠢᠯᠡᠨ ᠲᠦᠷᠭᠡᠨ ᠪᠥᠭᠡᠳ | ᠡᠷᠡᠭᠦᠯ ᠢᠶᠠᠷ ᠬᠦᠭᠵᠢᠵᠦ᠂ ᠤᠷᠠᠯᠢᠭ ᠤᠨ ᠵᠣᠬᠢᠶᠠᠨ ᠪᠦᠲᠦᠭᠡᠯ ᠡᠯᠪᠡᠭ ᠪᠠᠶᠠᠯᠢᠭ ᠪᠣᠯᠵᠤ᠂ ᠤᠷᠠᠨ ᠰᠠᠶᠢᠬᠠᠨ ᠤ ᠲᠣᠭᠯᠠᠯᠲᠠ ᠪᠣᠯᠣᠨ ᠤᠯᠠᠨ ᠲᠦᠮᠡᠨᠴᠢ ᠰᠣᠶᠣᠯ ᠤᠨ | ᠠᠵᠢᠯᠯᠠᠭ᠎ᠠ ᠦᠷᠭᠦᠯᠵᠢᠯᠡᠨ ᠬᠥᠭᠵᠢᠶᠡᠨᠲᠡᠶ ᠶᠠᠪᠤᠭᠳᠠᠵᠤ᠂ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠰᠢᠨ᠎ᠡ ᠠᠬᠢᠴᠠ ᠲᠠᠢ ᠪᠣᠯᠬᠤᠷ᠂ ᠰᠣᠶᠣᠯ ᠤᠨ ᠠᠵᠤ | ᠦᠢᠯᠡᠰ ᠠᠩᠬ᠎ᠠ ᠠᠯᠬᠤᠮ ᠬᠡᠪᠴᠢᠶᠡᠵᠢᠵᠤ᠂ ᠠᠮᠢᠵᠢᠷᠠᠯ ᠤᠨ ᠬᠦᠴᠦᠨ ᠨᠢ ᠠᠯᠬᠤᠮ ᠠᠯᠬᠤᠮ ᠢᠶᠠᠷ ᠨᠡᠮᠡᠭᠳᠡᠵᠦ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ | ᠰᠢᠰᠲ᠋ᠧᠮ ᠠᠩᠬ᠎ᠠ ᠠᠯᠬᠤᠮ ᠪᠠᠶᠢᠭᠤᠯᠤᠭᠳᠠᠵᠤ᠂ ᠠᠷᠠᠳ ᠤᠯᠠᠨ ᠤ ᠰᠣᠶᠣᠯ ᠤᠨ ᠵᠣᠯ ᠵᠢᠷᠭᠠᠯ ᠤᠨ ᠵᠢᠭᠠᠯᠲᠠ ᠲᠤᠭ᠎ᠠ ᠢᠳᠡᠭ ᠢᠳᠡᠭ ᠢᠶᠠᠷ ᠳᠡᠭᠡᠭᠰᠢᠯᠡᠪᠡ᠃ | ᠲᠦᠩᠯᠢᠶᠣᠤ ᠬᠤᠲᠠ ᠶᠢᠨ ᠰᠣᠶᠣᠯ ᠤᠨ ᠪᠠᠶᠢᠭᠤᠯᠤᠯᠲᠠ ᠶᠢᠨ ᠲᠠᠯ᠎ᠠ ᠪᠠᠷ ᠬᠢ ᠬᠤᠯᠪᠣᠭᠳᠠᠯ ᠪᠦᠬᠦᠢ ᠪᠠᠶᠢᠳᠠᠯ ᠢ ᠨᠠᠷᠢᠨ ᠣᠶᠢᠯᠠᠭᠠᠬᠤ ᠶᠢᠨ ᠲᠥᠯᠥᠭᠡ᠂ ᠣᠶᠢᠷ᠎ᠠ ᠳᠤ᠂ | ᠪᠢᠳᠡ ᠲᠦᠩᠯᠢᠶᠣᠤ ᠬᠤᠲᠠ ᠶᠢᠨ ᠰᠣᠶᠣᠯ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠲᠣᠪᠴᠢᠶᠠᠨ ᠤ ᠳᠠᠷᠤᠭ᠎ᠠ ᠱᠧᠩ ᠴᠢᠨ ᠢ ᠤᠷᠢᠵᠤ ᠥᠷᠭᠡᠨ ᠣᠯᠠᠨ | ᠰᠦᠯᠵᠢᠶᠡᠨ ᠠᠨᠳᠠ ᠨᠠᠷ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠣᠯᠢᠯᠴᠠᠭᠤᠯᠬᠤ ᠪᠠᠷ ᠪᠠᠶᠢᠨ᠎ᠠ᠃ ᠲᠤᠬᠠᠶ ᠶᠢᠨ ᠦᠶ᠎ᠡ ᠳᠤ᠂ ᠰᠦᠯᠵᠢᠶᠡᠨ ᠠᠨᠳᠠ ᠨᠠᠷ ᠮᠢᠨᠢ | ᠢᠳᠡᠪᠬᠢᠲᠡᠶ ᠣᠷᠣᠯᠴᠠᠬᠤ ᠶᠢ ᠪᠠᠶᠠᠷᠯᠠᠨ ᠣᠭᠲᠤᠵᠤ ᠪᠠᠶᠢᠨ᠎ᠠ᠃ | ᠬᠥᠲᠥᠯᠥᠭᠴᠢ᠄ | ᠰᠦᠯᠵᠢᠶᠡᠨ ᠠᠨᠳᠠ ᠨᠠᠷ ᠡ ᠰᠠᠶᠢᠨ ᠪᠠᠶᠢᠵᠠᠭᠠᠨ᠎ᠠ ᠤᠤ᠂ ᠲᠠ ᠪᠦᠬᠦᠨ ᠲᠤᠰ ᠬᠤᠭᠤᠴᠠᠭᠠᠨ ᠤ ︽ᠳᠤᠮᠳᠠᠳᠤ ᠤᠯᠤᠰ· ᠥᠪᠥᠷ ᠮᠣᠩᠭᠤᠯ︾ ᠰᠦᠯᠵᠢᠶᠡᠨ | ᠳᠡᠭᠡᠷᠡᠬᠢ ᠰᠤᠷᠪᠤᠯᠵᠢᠯᠠᠭ᠎ᠠ ᠶᠢ ᠬᠦᠯᠢᠶᠡᠨ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡ ᠠᠵᠠ ᠲᠠᠢ ᠪᠠᠷ ᠲᠦᠩᠯᠢᠶᠣᠤ ᠬᠤᠲᠠ ᠶᠢᠨ ᠰᠣᠶᠣᠯ | ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠲᠣᠪᠴᠢᠶᠠᠨ ᠤ ᠳᠠᠷᠤᠭ᠎ᠠ ᠱᠧᠩ ᠴᠢᠨ ᠢ ᠤᠷᠢᠵᠤ᠂ ᠲᠡᠷᠡ ᠲᠦᠩᠯᠢᠶᠣᠤ ᠬᠤᠳᠠ ᠶᠢᠨ ᠰᠣᠶᠣᠯ ᠤᠨ ᠦᠢᠯᠡᠰ | ᠪᠣᠯᠣᠨ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠲᠠᠯ᠎ᠠ ᠪᠠᠷ ᠲᠠ ᠪᠦᠬᠦᠨ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠣᠯᠢᠯᠴᠠᠬᠤ ᠪᠣᠯᠣᠨ᠎ᠠ᠃ | ᠱᠧᠩ ᠲᠣᠪᠴᠢᠶᠠᠨ ᠳᠠᠷᠤᠭ᠎ᠠ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕ | ᠱᠧᠩ ᠴᠢᠨ᠄ | ᠬᠥᠲᠥᠯᠥᠭᠴᠢ ᠰᠠᠶᠢᠨ ᠪᠠᠶᠢᠨ᠎ᠠ ᠤᠤ᠂ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︕ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠫᠣᠷᠲ᠋ᠧᠯ ᠰᠦᠯᠵᠢᠶ᠎ᠡ ᠶᠢᠨ ᠲᠠᠪᠴᠠᠩ ᠢᠶᠠᠷ ᠳᠠᠮᠵᠢᠭᠤᠯᠤᠨ ᠲᠠ ᠪᠦᠬᠦᠨ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠣᠯᠢᠯᠴᠠᠬᠤ ᠪᠣᠯᠣᠭᠰᠠᠨ ᠳᠠᠭᠠᠨ ᠲᠤᠩ ᠪᠠᠶᠠᠷᠯᠠᠵᠤ | ᠪᠠᠶᠢᠨ᠎ᠠ᠃ ᠰᠦᠯᠵᠢᠶᠡᠨ ᠠᠨᠳᠠ ᠨᠠᠷ ᠲᠦᠩᠯᠢᠶᠣᠤ ᠬᠤᠳᠠ ᠶᠢᠨ ᠰᠣᠶᠣᠯ ᠤᠨ ᠦᠢᠯᠡᠰ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠨ᠎ᠠ︕ | ᠬᠥᠲᠥᠯᠥᠭᠴᠢ᠄ | ᠱᠧᠩ ᠲᠣᠪᠴᠢᠶᠠᠨ ᠳᠠᠷᠤᠭ᠎ᠠ᠂ ᠮᠠᠨ ᠤ ᠲᠦᠩᠯᠢᠶᠣᠤ ᠬᠤᠳᠠ ᠪᠣᠯ ᠥᠪᠡᠷᠲᠡᠭᠡᠨ ᠵᠠᠰᠠᠬᠤ ᠣᠷᠣᠨ ᠤ ᠵᠡᠭᠦᠨ ᠬᠡᠰᠡᠭ ᠤᠨ ᠲᠡᠦᠭᠡ ᠶᠢᠨ ᠳᠤᠷᠠᠰᠬᠠᠯᠲᠤ | ᠵᠦᠢᠯᠡᠰ ᠤᠨ ᠲᠤᠮᠤ ᠬᠤᠳᠠ ᠪᠣᠯᠣᠨ᠎ᠠ᠂ ᠲᠠ ᠪᠢᠳᠡᠨ ᠳᠤ ᠳᠥᠭᠦᠮᠬᠡᠨ ᠲᠠᠨᠢᠯᠴᠠᠭᠤᠯᠤᠭᠠᠳ ᠥᠭᠭᠦᠨ᠎ᠡ ᠤᠤ︖ | ᠱᠧᠩ ᠴᠢᠨ᠄ | ᠲᠦᠩᠯᠢᠶᠣᠤ ᠬᠤᠳᠠ ᠳᠤ ᠬᠤᠳᠠ ᠶᠢᠨ ᠳᠡᠰ ᠠᠴᠠ ᠳᠡᠭᠡᠭᠰᠢᠬᠢ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠨᠢᠭᠡᠴᠡ ᠨᠡᠶᠢᠲᠡ 113 ᠪᠠᠶᠢᠨ᠎ᠠ᠂ | ᠡᠭᠦᠨ ᠳᠤ᠄ ᠺᠠᠶᠢᠯᠤ ᠳᠠᠬᠢ ᠶᠤᠸᠠᠨ ᠤᠯᠤᠰ ᠤᠨ ᠪᠤᠷᠬᠠᠨ ᠤ ᠰᠤᠪᠤᠷᠭ᠎ᠠ᠂ ᠶᠢᠨ ᠤᠯᠤᠰ ᠤᠨ ᠰᠤᠪᠠᠭ ᠤᠨ ᠡᠷᠲᠡᠨ ᠤ ᠪᠠᠭᠤᠷᠢ᠂ ᠲᠣᠭᠤᠯᠵᠢᠨ ᠠᠭᠤᠯᠠ ᠳᠠᠬᠢ ᠯᠢᠶᠣᠤ | ᠤᠯᠤᠰ ᠤᠨ ᠡᠷᠲᠡᠨ ᠤ ᠣᠩᠭᠤᠨ᠂ ᠬᠦᠷᠢᠶ᠎ᠡ ᠬᠤᠰᠢᠭᠤᠨ ᠤ ᠭᠤᠷᠪᠠᠨ ᠶᠡᠭᠡ ᠰᠦᠮ᠎ᠡ ᠵᠡᠷᠭᠡ ᠤᠯᠤᠰ ᠤᠨ ᠲᠡᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ | ᠵᠦᠢᠯᠡᠰ ᠢ ᠬᠠᠮᠠᠭᠠᠯᠠᠬᠤ ᠨᠢᠭᠡᠴᠡ14᠂ ᠰᠢᠶᠤᠤ ᠫᠤᠤ ᠽᠢ ᠪᠠᠭᠤᠷᠢ᠂ ᠱᠣᠩᠬᠤᠷ ᠴᠠᠭᠠᠨ ᠰᠤᠪᠤᠷᠭ᠎ᠠ᠂ ᠣᠶᠣᠨ ᠲᠡᠭᠦᠯᠳᠡᠷ ᠰᠦᠮ᠎ᠡ ᠵᠡᠷᠭᠡ ᠥᠪᠡᠷᠲᠡᠭᠡᠨ ᠵᠠᠰᠠᠬᠤ | ᠣᠷᠣᠨ ᠤ ᠳᠡᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠡ47᠂ ᠪᠤᠤ ᠯᠦᠩ ᠱᠠᠨ ᠤ ᠡᠷᠲᠡᠨ ᠤ ᠪᠠᠭᠤᠷᠢ᠂ ᠴᠣᠷᠵᠢ | ᠰᠦᠮ᠎ᠡ᠂ ᠡᠮᠦᠨ᠎ᠡ ᠰᠠᠯᠠᠭ᠎ᠠ ᠶᠢᠨ ᠪᠠᠷᠠᠭᠤᠨ ᠪᠠᠭᠤᠷᠢ ᠵᠡᠷᠭᠡ 52 ᠭᠠᠵᠠᠷ ᠪᠠᠭᠲᠠᠨ᠎ᠠ᠃ ᠪᠦᠬᠦ ᠬᠤᠲᠠ ᠳᠤ ᠡᠯ᠎ᠡ ᠲᠥᠷᠥᠯ ᠤᠨ ᠮᠦᠽᠧᠶ 40 ᠪᠠᠶᠢᠵᠤ᠂ ᠮᠦᠽᠧᠶ ᠳᠤ | ᠬᠠᠳᠠᠭᠠᠯᠠᠵᠤ ᠪᠠᠶᠢᠭ᠎ᠠ ᠡᠯ᠎ᠡ ᠵᠦᠢᠯ ᠤᠨ ᠲᠡᠦᠭᠡ ᠶᠢᠨ ᠳᠤᠷᠠᠰᠬᠠᠯᠲᠤ ᠵᠦᠢᠯᠡᠰ 2 ᠲᠦᠮᠡᠨ ᠵᠦᠢᠯ ︵ᠳᠤᠭᠤᠶᠢᠯᠠᠩ︶᠂ ᠡᠯ᠎ᠡ ᠲᠥᠷᠥᠯ ᠤᠨ ᠰᠢᠯᠵᠢᠭᠦᠯᠵᠦ ᠪᠣᠯᠤᠰᠢ | ᠤᠢᠭᠡᠢ ᠲᠡᠦᠬᠡ ᠶᠢᠨ ᠳᠤᠷᠠᠰᠬᠠᠯᠲᠤ ᠵᠦᠢᠯᠡᠰ 2492 ᠭᠠᠵᠠᠷ ᠪᠤᠢ᠃ ᠲᠤᠭᠤᠯᠵᠢᠨ ᠠᠭᠤᠯᠠ ᠳᠠᠬᠢ ᠯᠢᠶᠤᠤ ᠤᠯᠤᠰ ᠤᠨ ᠢᠵᠠᠭᠤᠷᠲᠠᠳ ᠤᠨ ᠣᠩᠭᠤᠨ ᠪᠠ ᠴᠢᠩ | ᠯᠦᠩ ᠱᠠᠨ ᠠᠭᠤᠯᠠ ᠳᠠᠬᠢ ᠯᠢᠶᠣᠣ ᠣᠯᠣᠰ ᠤᠨ ᠴᠧᠨ ᠭᠦᠸᠧ ᠭᠦᠩᠵᠦ ᠪᠣᠯᠤᠨ ᠡᠹᠦ᠋ ᠶᠢᠨ ᠬᠠᠮᠲᠤ ᠣᠷᠣᠰᠢᠭᠤᠯᠤᠭᠰᠠᠨ ᠣᠩᠭᠤᠨ ᠨᠢ ᠤᠷᠢᠳ ᠬᠤᠵᠢᠳ ᠪᠦᠬᠦ | ᠤᠯᠤᠰ ᠤᠨ ᠬᠠᠭᠤᠴᠢ ᠰᠤᠳᠤᠯᠤᠯ ᠤᠨ ᠠᠷᠪᠠᠨ ᠶᠡᠭᠡ ᠢᠯᠡᠷᠡᠭᠦᠯᠦᠯᠲᠡ ᠳᠤ ᠣᠷᠣᠵᠤ᠂ ᠬᠠᠮᠢᠨ ᠮᠠᠩᠬᠠᠨ ᠤ ᠡᠷᠲᠡᠨ ᠤ ᠪᠠᠭᠤᠷᠢ ᠨᠢ 2011 ᠣᠨ ᠤ ᠳᠤᠮᠳᠠᠳᠤ | ᠤᠯᠤᠰ ᠤᠨ ᠬᠠᠭᠤᠴᠢ ᠰᠤᠳᠤᠯᠤᠯ ᠤᠨ ᠵᠢᠷᠭᠤᠭᠠᠨ ᠶᠡᠭᠡ ᠰᠢᠨ᠎ᠡ ᠢᠯᠡᠷᠡᠭᠦᠯᠦᠯᠲᠡ ᠶᠢᠨ ᠨᠢᠭᠡ ᠪᠠᠷ ᠦᠨᠡᠯᠡᠭᠳᠡᠵᠦ᠂ ᠡᠮᠦᠨᠡᠲᠦ ᠪᠤᠯᠠᠩᠲᠤ ᠶᠢᠨ ᠡᠷᠲᠡᠨ ᠤ ᠣᠡᠭᠭᠤᠨ ᠤ | ᠰᠦᠷᠦᠭ ᠨᠢ 2007 ᠣᠨ ᠳᠤ ᠳᠤᠮᠳᠠᠳᠤ ᠤᠯᠤᠰ ᠤᠨ ᠬᠠᠭᠤᠴᠢ ᠰᠤᠳᠤᠯᠤᠯ ᠤᠨ ᠵᠢᠷᠭᠤᠭᠠᠨ ᠶᠡᠭᠡ ᠰᠢᠨ᠎ᠡ ᠢᠯᠡᠷᠡᠭᠦᠯᠦᠯᠲᠡ ᠳᠤ ᠰᠤᠩᠭᠤᠭᠳᠠᠪᠠ ᠃ | ᠮᠠᠨ ᠤ ᠬᠤᠳᠠ ᠳᠤ ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ 13 ᠵᠦᠢᠯ᠂ ᠥᠪᠡᠷᠲᠡᠭᠡᠨ ᠵᠠᠰᠠᠬᠤ ᠣᠷᠣᠨ ᠤ ᠳᠡᠰ ᠤᠨ 35 ᠵᠦᠢᠯ᠂ | ᠬᠤᠲᠠ ᠶᠢᠨ ᠳᠡᠰ ᠤᠨ 83 ᠵᠦᠢᠯ᠂ ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ 9 ᠬᠥᠮᠦᠨ᠂ ᠥᠪᠡᠷᠲᠡᠭᠡᠨ ᠵᠠᠰᠠᠬᠤ | ᠣᠷᠣᠨ ᠤ ᠳᠡᠰ ᠤᠨ 55 ᠬᠥᠮᠦᠨ᠂ ᠬᠤᠲᠠ ᠶᠢᠨ ᠳᠡᠰ ᠤᠨ 144 ᠬᠥᠮᠦᠨ ᠪᠠᠶᠢᠨ᠎ᠠ᠃ ᠣᠳᠣᠬᠠᠨ ᠳᠤ᠂ ᠲᠦᠩᠯᠢᠶᠣᠤ ᠬᠤᠲᠠ ᠶᠢᠨ ᠪᠣᠳᠠᠰ ᠤᠨ ᠪᠤᠰᠤ | ᠰᠣᠶᠣᠯ ᠤᠨ ᠥᠪ ᠢ ᠬᠠᠮᠠᠭᠠᠯᠠᠬᠤ ᠲᠥᠪ ᠪᠠᠶᠢᠭᠤᠯᠤᠭᠳᠠᠵᠤ᠂ ᠮᠠᠨ ᠤ ᠬᠤᠲᠠ ᠶᠢᠨ ︽ᠪᠣᠳᠠᠰ ᠤᠨ ᠪᠤᠰᠤ ᠰᠣᠶᠣᠯ ᠤᠨ ᠥᠪ︾ ᠢ ᠬᠠᠮᠠᠭᠠᠯᠠᠬᠤ᠂ ᠰᠤᠳᠤᠯᠬᠤ | ᠲᠤᠰᠬᠠᠢ ᠪᠠᠶᠢᠭᠤᠯᠤᠮᠵᠢ ᠪᠣᠯᠪᠠ᠃ ᠪᠦᠬᠦ ᠬᠤᠲᠠ ᠶᠢᠨ ᠡᠯ᠎ᠡ ᠱᠠᠲᠤᠨ ᠤ ᠰᠣᠶᠣᠯ ᠤᠨ ᠣᠷᠳᠣᠨ ᠠᠲᠠᠷ ᠬᠡᠭᠡᠷ᠎ᠡ ᠶᠢᠨ ᠪᠠᠶᠢᠴᠠᠭᠠᠯᠲᠠ ᠶᠢ ᠥᠷᠭᠡᠨ ᠢᠶᠠᠷ ᠦᠷᠨᠢᠭᠦᠯᠵᠦ᠂ | ᠬᠠᠷᠢᠶ᠎ᠠ ᠲᠣᠭᠤᠷᠢᠭ ᠤᠨ ᠲᠣᠲᠤᠷᠠᠬᠢ ᠡᠯ᠎ᠡ ᠳᠡᠰ ᠤᠨ ᠨᠡᠷᠡᠰ ᠤᠨ ᠵᠢᠭᠰᠠᠭᠠᠯᠲᠠ ᠶᠢᠨ ᠲᠠᠷᠬᠠᠯᠲᠠ ᠶᠢᠨ ᠰᠦᠪᠡᠭᠴᠢ ᠶᠢ ᠲᠣᠳᠣᠷᠬᠠᠶ ᠣᠶᠢᠯᠠᠭᠠᠵᠤ᠂ ᠮᠠᠨ ᠤ | ᠬᠤᠲᠠ ᠶᠢᠨ ᠬᠤᠷᠴᠢᠨ ᠣᠷᠳᠣ ᠳᠠᠭᠤᠯᠠᠯ᠂ ᠴᠤᠭᠤᠷ ᠬᠥᠭᠵᠢᠮ᠂ ᠬᠤᠷᠴᠢᠨ ᠦᠯᠢᠭᠡᠷᠲᠦ ᠠᠷᠠᠳ ᠤᠨ ᠳᠠᠭᠤᠤ ᠵᠡᠷᠭᠡ ᠤᠰᠠᠳᠬᠤ ᠰᠢᠬᠠᠭᠰᠠᠨ ᠲᠥᠷᠥᠯ ᠵᠦᠢᠯ ᠢ | ᠠᠭᠤᠳᠠᠯᠤᠨ ᠡᠮᠬᠢᠳᠬᠡᠵᠦ᠂ ᠲᠥᠷᠥᠯ ᠵᠦᠢᠯ ᠤᠨ ᠤᠯᠠᠮᠵᠢᠯᠠᠨ ᠵᠠᠯᠭᠠᠮᠵᠢᠯᠠᠭᠴᠢ ᠪᠣᠯᠣᠨ ᠤᠷᠠᠯᠢᠭᠴᠢᠳ ᠲᠤ ᠢᠵᠠᠭᠤᠷ ᠲᠡᠭᠤ ᠶᠢᠨ ᠰᠢᠩᠭᠡᠭᠡᠯᠲᠡ ᠬᠢᠵᠦ᠂ | ᠴᠤᠭᠯᠠᠭᠤᠯᠬᠤ᠂ ᠲᠡᠮᠳᠡᠭᠯᠡᠬᠦ᠂ ᠲᠥᠷᠥᠯ ᠬᠤᠪᠢᠶᠠᠬᠤ᠂ ᠭᠠᠷᠴᠠᠭ ᠵᠣᠬᠢᠶᠠᠬᠤ ᠵᠡᠷᠭᠡ ᠠᠷᠭ᠎ᠠ ᠪᠠᠷ ᠳᠠᠮᠵᠢᠭᠤᠯᠤᠨ᠂ ᠡᠯ᠎ᠡ ᠳᠡᠰ ᠤᠨ ᠨᠡᠷᠡᠰ ᠤᠨ ᠵᠢᠭᠰᠠᠭᠠᠯᠲᠠ ᠪᠣᠯᠣᠨ | ᠤᠯᠠᠮᠵᠢᠯᠠᠨ ᠵᠠᠯᠭᠠᠮᠵᠢᠯᠠᠭᠴᠢ ᠳᠤ ᠲᠡᠩᠰᠡ ᠡᠪᠬᠡᠮᠡᠯ ᠪᠠᠶᠢᠭᠤᠯᠵᠤ᠂ ᠪᠦᠬᠦ ᠬᠤᠲᠠ ᠶᠢᠨ ︽ᠰᠣᠶᠣᠯ ᠤᠨ ᠪᠤᠰᠤ ᠥᠪ︾ ᠤᠨ ᠳ᠋ᠠᠶᠢᠲ᠋ᠠ ᠬᠥᠮᠥᠷᠭᠡ ᠶᠢ ᠪᠠᠶᠢᠭᠤᠯᠬᠤ ᠳᠤ | ᠰᠠᠭᠤᠷᠢ ᠠᠵᠢᠯ ᠢ ᠰᠠᠶᠢᠲᠤᠷ ᠬᠢᠵᠦ ᠥᠭᠪᠡ᠃ | ᠬᠥᠲᠥᠯᠥᠭᠴᠢ᠄ | ᠰᠣᠶᠣᠯ ᠤᠨ ᠵᠥᠭᠡᠯᠡᠨ ᠪᠣᠳᠠᠲᠤ ᠬᠦᠴᠦᠨ ᠢ ᠬᠡᠷᠬᠢᠨ ᠳᠡᠭᠡᠭᠰᠢᠯᠡᠭᠦᠯᠬᠦ ᠪᠤᠢ︖ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠲᠤᠤᠱᠯᠠᠭᠤᠯᠤᠭᠰᠠᠨ ᠠᠴᠠ ᠨᠠᠰᠢ᠂ ᠬᠤᠳᠠ ᠶᠢᠨ ᠰᠣᠶᠣᠯ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠲᠣᠪᠴᠢᠶ᠎ᠠ ᠨᠢ ᠶᠠᠮᠠᠷ ᠶᠠᠮᠠᠷ ᠠᠵᠢᠯ | ᠥᠷᠨᠢᠭᠦᠯᠵᠦ᠂ ᠶᠠᠮᠠᠷ ᠦᠷ᠎ᠡ ᠪᠦᠲᠦᠮᠵᠢ ᠣᠯᠤᠭᠰᠠᠨ ᠪᠤᠢ︖ | ᠱᠧᠩ ᠴᠢᠨ᠄ | ᠮᠠᠨ ᠤ ᠬᠤᠳᠠ ᠶᠢᠨ ᠰᠣᠶᠣᠯ ᠤᠨ ᠵᠥᠭᠡᠯᠡᠨ ᠪᠣᠳᠠᠲᠤ ᠬᠦᠴᠦᠨ ᠢ ᠳᠡᠭᠡᠭᠰᠢᠯᠡᠭᠦᠯᠬᠦ ᠶᠢᠨ ᠲᠥᠯᠥᠭᠡ᠂ ᠪᠢᠳᠠ ︽ᠵᠢᠷᠭᠤᠭᠠᠨ ᠶᠡᠭᠡ ᠢᠨᠵᠧᠨᠧᠷᠢᠩ︾ ᠢ | ᠬᠡᠷᠡᠭᠵᠢᠭᠦᠯᠵᠦ᠂ ᠴᠥᠮ ᠨᠡᠯᠢᠶᠡᠳ ᠰᠠᠶᠢᠨ ᠦᠷ᠎ᠡ ᠪᠦᠲᠦᠮᠵᠢ ᠣᠯᠤᠭᠰᠠᠨ ᠪᠠᠶᠢᠨ᠎ᠠ᠃ | ᠨᠢᠭᠡ ᠳᠤ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠪᠡ᠃ ᠪᠦᠬᠦ ᠬᠤᠲᠠ ᠶᠢᠨ 9 ᠲᠤᠰᠬᠠᠶ ᠮᠡᠷᠭᠡᠵᠢᠯ ᠤᠨ ᠲᠣᠭᠯᠠᠯᠲᠠ ᠶᠢᠨ | ᠪᠦᠯᠬᠦᠮ ᠪᠣᠯᠣᠨ 586 ᠠᠵᠢᠯ ᠤᠨ ᠴᠢᠯᠥᠭᠡᠨ ᠤ ᠵᠦᠴᠦᠭᠡ ᠶᠢᠨ ᠪᠦᠯᠬᠦᠮ ᠵᠢᠯ ᠪᠦᠷᠢ ᠦᠨᠳᠦᠰᠦᠨ ᠱᠠᠲᠤᠨ ᠳᠤ 4500 ᠭᠠᠷᠤᠢ ᠲᠠᠯᠠᠪᠤᠷ ᠲᠣᠭᠯᠠᠯᠲᠠ ᠭᠠᠷᠭᠠᠵᠤ᠂ | ᠭᠠᠴᠠᠭ᠎ᠠ ᠲᠣᠰᠬᠤᠨ ᠨᠢᠭᠡᠪᠦᠷᠢ ᠳᠤ ᠵᠢᠯ ᠪᠦᠷᠢ 2 ᠲᠠᠯᠠᠪᠤᠷ ᠲᠣᠭᠯᠠᠯᠲᠠ ᠦᠵᠡᠭᠦᠯᠬᠦ ᠶᠢ ᠪᠠᠲᠤᠯᠠᠭᠰᠠᠨ ᠪᠠᠶᠢᠨ᠎ᠠ︔ ︽ᠠᠷᠪᠠ ᠶᠢ ᠪᠦᠷᠢᠨ ᠪᠦᠷᠬᠦᠬᠦᠯᠬᠦ︾ | ᠢᠨᠵᠧᠨᠧᠷᠢᠩ ᠤᠨ ᠰᠣᠶᠣᠯ ᠤᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠮᠠᠭᠠᠢ ᠬᠡᠷᠡᠭᠵᠢᠭᠦᠯᠦᠭᠰᠡᠨ ᠪᠥᠭᠡᠳ 700 ᠭᠠᠴᠠᠭᠠᠨ ᠤ ᠲᠠᠯ᠎ᠠ ᠨᠤᠲᠤᠭ ᠤᠨ ᠨᠣᠮ | ᠦᠷᠦᠬᠡ᠂ ᠨᠠᠮ ᠤᠨ ᠭᠡᠰᠢᠭᠦᠨ ᠺᠠᠳ᠋ᠷᠴᠤᠳ ᠤᠨ ᠤᠳᠤ ᠦᠶ᠎ᠡ ᠶᠢᠨ ᠠᠯᠤᠰ ᠠᠴᠠ ᠡᠵᠡᠮᠳᠡᠨ ᠵᠢᠭᠠᠬᠤ ᠰᠤᠷᠭᠠᠨ ᠬᠥᠮᠦᠵᠢᠯ ᠤᠨ ᠠᠵᠢᠯᠯᠠᠭ᠎ᠠ ᠶᠢᠨ ᠲᠠᠰᠤᠭ ᠪᠣᠯᠤᠨ | ᠣᠳᠣ ᠪᠠᠶᠢᠭ᠎ᠠ ᠰᠣᠶᠣᠯ ᠤᠨ ᠠᠵᠢᠯᠯᠠᠭᠠᠨ ᠤ ᠲᠡᠰᠤᠬ ᠢ ᠡᠮᠬᠢᠯᠡᠨ ᠨᠡᠶᠢᠯᠡᠭᠦᠯᠵᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠰᠣᠶᠣᠯ ᠤᠨ | ᠶᠡᠷᠦᠩᠬᠡᠶᠢᠯᠡᠭᠰᠡᠨ ᠠᠵᠢᠯᠯᠠᠭᠠᠨ ᠤ ᠲᠥᠪ ᠤᠨ ᠪᠥᠳᠥᠭᠡᠨ ᠪᠠᠶᠢᠭᠤᠯᠤᠯᠲᠠ ᠶᠢ ᠲᠦᠯᠬᠢᠨ ᠠᠬᠢᠭᠤᠯᠪᠠ︔ ᠵᠢᠯ ᠪᠦᠷᠢ ᠠᠷᠠᠳ ᠤᠨ ᠵᠦᠴᠦᠭᠡ ᠶᠢᠨ ᠪᠦᠯᠬᠦᠮ100 | ᠶᠢ ᠰᠢᠨ᠎ᠡ ᠪᠠᠷ ᠪᠠᠶᠢᠭᠤᠯᠵᠤ᠂ ᠭᠠᠴᠠᠭ᠎ᠠ ᠪᠦᠷᠢ ᠳᠤ ᠴᠥᠮ ᠪᠠᠭ᠎ᠠ ᠵᠦᠴᠦᠭᠡ ᠶᠢᠨ ᠪᠦᠯᠬᠦᠮ ᠲᠠᠢ ᠪᠠᠶᠢᠬᠤ ᠶᠢ ᠪᠡᠶᠡᠯᠡᠭᠦᠯᠪᠡ︔ ᠬᠤᠰᠢᠭᠤ ᠰᠢᠶᠠᠨ ᠤ ᠱᠠᠲᠤᠨ ᠤ | ᠰᠣᠶᠣᠯ ᠤᠨ ᠰᠠᠭᠤᠷᠢ ᠪᠡᠯᠡᠳᠬᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠤᠮᠤ ᠪᠠᠯᠭᠠᠰᠤ ᠶᠢᠨ ᠰᠣᠶᠣᠯ ᠤᠨ ᠦᠷᠳᠡᠭᠡ᠂ ᠭᠠᠴᠠᠭᠠᠨ ᠤ ᠰᠣᠶᠣᠯ ᠤᠨ | ᠦᠷᠦᠭᠡ ᠶᠢᠨ ᠴᠢᠨᠠᠷ ᠢ ᠳᠡᠭᠡᠭᠰᠢᠯᠡᠭᠦᠯᠦᠨ ᠰᠢᠯᠢᠳᠡᠭᠵᠢᠭᠦᠯᠬᠦ ᠶᠢ ᠪᠡᠶᠡᠯᠡᠭᠦᠯᠪᠡ︔ ᠮᠦᠽᠧᠶ᠂ ᠳᠤᠷᠠᠰᠬᠠᠯ ᠤᠨ ᠣᠷᠳᠣᠨ ᠪᠣᠯᠤᠨ ᠡᠬᠡ ᠣᠷᠣᠨᠴᠢ ᠦᠵᠡᠯ ᠤᠨ | ᠬᠥᠮᠦᠵᠢᠯ ᠤᠨ ᠰᠠᠭᠤᠷᠢᠨ ᠭᠠᠵᠠᠷ᠂ ᠤᠯᠠᠨ ᠲᠦᠮᠡᠨ ᠤ ᠤᠷᠠᠯᠢᠭ ᠤᠨ ᠣᠷᠳᠣᠨ᠂ ᠨᠣᠮ ᠤᠨ ᠰᠠᠩ᠂ ᠰᠣᠶᠣᠯ ᠤᠨ ᠣᠷᠳᠣᠨ ᠢ ᠰᠦᠢᠳᠬᠡᠯ ᠬᠤᠷᠢᠶᠠᠬᠤ ᠣᠢᠭᠡᠢ ᠪᠠᠷ | ᠨᠡᠭᠡᠭᠡᠯᠲᠡ ᠬᠢᠬᠦ ᠢᠨᠵᠧᠨᠧᠷᠢᠩ ᠢ ᠥᠷᠭᠦᠯᠵᠢᠯᠡᠨ ᠬᠡᠷᠡᠭᠵᠢᠭᠦᠯᠵᠦ᠂ ᠰᠦᠢᠳᠬᠡᠯ ᠬᠤᠷᠢᠶᠠᠬᠤ ᠦᠭᠡᠢ ᠪᠠᠷ ᠪᠣᠯᠪᠠᠰᠤᠷᠠᠭᠤᠯᠬᠤ᠂ ᠳᠡᠯᠭᠡᠨ ᠦᠵᠡᠭᠦᠯᠬᠦ᠂ ᠬᠠᠪᠰᠤᠷᠤᠨ | ᠵᠢᠯᠣᠭᠤᠳᠬᠤ ᠪᠣᠯᠭᠠᠪᠠ᠃ | ᠬᠤᠶᠠᠷ ᠲᠤ ᠰᠣᠶᠣᠯ ᠤᠷᠠᠯᠢᠭ ᠤᠨ ᠵᠣᠬᠢᠶᠠᠨ ᠪᠦᠲᠦᠭᠡᠬᠦ ᠢᠨᠵᠧᠨᠧᠷᠢᠩ ᠢ ᠬᠡᠷᠡᠭᠵᠢᠭᠦᠯᠪᠡ᠃ ᠬᠦᠭᠵᠢᠮ ᠪᠦᠵᠢᠭᠲᠦ ᠰᠢᠯᠦᠭ ︽ᠮᠣᠩᠭᠤᠯ ᠵᠠᠩ︾ ᠂ ︽ | ᠴᠡᠩᠬᠡᠷ ᠠᠨᠳᠠᠶ︾᠂ ᠪᠥᠵᠢᠭᠲᠦ ᠵᠦᠴᠦᠭᠡ ︽ᠲᠩᠷᠢ ᠶᠢᠨ ᠰᠠᠯᠬᠢ︾᠂ ︽ᠨᠤᠭᠤᠨᠵᠢᠶᠠᠭ᠎ᠠ︾᠂ ᠪᠣᠳᠠᠲᠤ ᠲᠡᠮᠳᠡᠭᠯᠡᠯ ᠤᠨ ᠶᠠᠷᠢᠶᠠᠲᠤ ᠵᠦᠴᠦᠭᠡ ︽ᠠᠬᠠᠮᠠᠳ | ᠪᠠᠶᠢᠯᠳᠤᠭᠴᠢ ᠷᠧᠨ ᠮᠢᠩ ᠳ᠋ᠧ︾ ᠶᠢ ᠵᠣᠬᠢᠶᠠᠨ ᠪᠦᠲᠦᠭᠡᠵᠦ᠂ ︽ᠬᠤᠷᠴᠢᠨ ᠦᠯᠢᠭᠡᠷᠲᠦ ᠠᠷᠠᠳ ᠤᠨ ᠳᠠᠭᠤᠤ︾᠂ ︽ᠡᠦ ᠶᠦᠨ ᠯᠦᠩ ᠤᠨ ᠳᠥᠷᠪᠡᠨ ᠤᠲᠠᠰᠤᠲᠤ | ᠬᠤᠭᠤᠷ ᠤᠨ110 ᠠᠶᠠᠯᠭᠤ︾ ᠢ ᠨᠠᠶᠢᠷᠠᠭᠤᠯᠤᠨ ᠡᠮᠬᠢᠯᠡᠵᠦ ᠬᠡᠪᠯᠡᠪᠡ︔ ᠵᠢᠭᠤᠯᠴᠢᠯᠠᠯ ᠤᠨ ᠦᠵᠡᠮᠵᠢᠲᠦ ᠣᠷᠣᠨ ᠳᠤ ᠲᠣᠭᠯᠠᠯᠲᠠ ᠭᠠᠷᠭᠠᠬᠤ ᠳᠤ ᠳᠣᠬᠢᠷᠠᠭᠰᠠᠨ | ᠦᠨᠳᠦᠰᠦᠲᠡᠨ ᠤ ᠰᠣᠶᠣᠯ ᠤᠨ ᠣᠨᠴᠠᠯᠢᠭ ᠪᠣᠯᠣᠨ ᠠᠷᠠᠳ ᠤᠨ ᠲᠡᠦᠬᠡᠲᠦ ᠵᠠᠩ ᠦᠢᠯᠡ ᠠᠷᠠᠨᠰᠢᠨ ᠲᠠᠢ ᠲᠣᠭᠯᠠᠯᠲᠠ ︵ᠵᠦᠴᠦᠭᠡ︶ ᠶᠢ ᠵᠣᠬᠢᠶᠠᠨ ᠪᠦᠲᠦᠭᠡᠪᠡ᠃ | ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ︽ᠲᠠᠪᠤᠨ ᠨᠢᠭᠡ ᠶᠢᠨ ᠢᠨᠵᠧᠨᠧᠷᠢᠩ︾ ᠤᠨ ᠱᠠᠩᠨᠠᠯᠲᠤ ᠠᠵᠢᠯᠯᠠᠭ᠎ᠠ ᠳᠤ᠂ ᠪᠥᠵᠢᠭ ︽ | ᠬᠤᠷᠴᠢᠨ ᠬᠡᠦᠬᠡᠨ︾᠂ ᠳᠠᠭᠤᠤ ︽ᠪᠠᠷᠠᠯᠠᠯ ᠲᠤᠰᠠᠯᠠᠯ︾᠂ ᠨᠣᠮ ᠪᠢᠴᠢᠭ ︽ᠬᠦᠷᠢᠶ᠎ᠡ ᠶᠢᠨ ᠲᠡᠦᠬᠡ ᠰᠣᠶᠣᠯ ᠤᠨ ᠰᠤᠳᠤᠯᠤᠯ︾᠂ ︽ᠲᠩᠷᠢ ᠶᠢᠨ ᠬᠠᠶᠠᠭᠠᠨ ᠳᠠᠬᠢ | ᠪᠦᠷᠲᠦᠯᠵᠡᠬᠦ ᠪᠠᠷ᠎ᠠ︾ ᠱᠠᠩᠨᠠᠯ ᠭᠥᠷᠳᠡᠪᠡ᠃ | ᠱᠧᠩ ᠴᠢᠨ᠄ | ᠭᠤᠷᠪᠠ ᠳᠤ ᠰᠣᠶᠣᠯ ᠤᠨ ᠥᠪ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠪᠡ᠃ ᠠᠩᠬᠠᠳᠤᠭᠠᠷ ᠤᠳᠠᠭᠠᠨ ᠤ ᠪᠦᠬᠦ ᠤᠯᠤᠰ ᠤᠨ ᠰᠢᠯᠵᠢᠭᠦᠯᠵᠦ ᠪᠣᠯᠬᠤ | ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢ ᠨᠠᠷᠢᠨ ᠬᠢᠨᠠᠮᠠᠭᠠᠶ ᠬᠡᠷᠡᠭᠵᠢᠭᠦᠯᠵᠦ᠂ ᠮᠡᠳᠡᠭᠡ ᠵᠠᠩᠭᠢ ᠴᠤᠭᠯᠠᠭᠤᠯᠬᠤ ᠶᠢ ᠪᠡᠶᠡᠯᠡᠭᠦᠯᠪᠡ︔ ᠣᠨᠴᠠᠯᠢᠭ | ᠪᠦᠬᠦᠢ ᠲᠤᠰᠬᠠᠶ ᠰᠡᠳᠦᠪᠲᠦ 12 ᠮᠦᠽᠧᠶ ᠪᠠᠶᠢᠭᠤᠯᠬᠤ ᠶᠢ ᠢᠳᠡᠪᠬᠢᠲᠡᠶ ᠪᠡᠯᠡᠳᠬᠡᠪᠡ︔ ᠰᠡᠩᠭᠡᠷᠢᠨᠴᠢᠨ ᠤ ᠸᠠᠩ ᠤᠨ ᠣᠷᠳᠣᠨ ᠢ ᠵᠠᠰᠠᠨ ᠰᠡᠷᠭᠦᠭᠡᠬᠦ ᠪᠠᠷᠢᠯᠭ᠎ᠠ ᠶᠢ | ᠬᠡᠪ ᠤᠨ ᠶᠣᠰᠣᠭᠠᠷ ᠠᠬᠢᠭᠤᠯᠵᠤ᠂ 4000 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠬᠥᠷᠰᠢ ᠵᠡᠷᠭᠡᠯᠡᠳᠡᠭᠡ ᠠᠶᠢᠯ ᠢ ᠨᠤᠷᠠᠭᠠᠵᠤ ᠨᠡᠭᠦᠯᠭᠡᠬᠦ ᠠᠵᠢᠯ ᠤᠨ | 70% ᠶᠢ ᠨᠢ ᠨᠢᠭᠡᠨᠲᠡ ᠪᠡᠶᠡᠯᠡᠭᠦᠯᠪᠡ︔ ᠨᠠᠢᠮᠠᠨ ᠸᠠᠩ ᠤᠨ ᠣᠷᠳᠣᠨ ᠢ ᠵᠠᠰᠠᠵᠤ ᠰᠡᠷᠭᠦᠭᠡᠬᠦ ᠪᠠᠷᠢᠯᠭ᠎ᠠ ᠶᠢᠨ ᠣᠷᠳᠣᠨ ᠤ ᠶᠠᠮᠤᠨ ᠤ ᠬᠦᠷᠢᠶ᠎ᠡ ᠶᠢᠨ ᠭᠤᠷᠪᠠᠨ ᠭᠡᠷ | ᠪᠠᠶᠢᠰᠢᠩ ᠤᠨ ᠴᠣᠭᠴᠠ ᠶᠢ ᠨᠢᠭᠡᠨᠲᠡ ᠪᠠᠷᠢᠵᠤ ᠳᠠᠭᠤᠰᠬᠠᠪᠠ︔ ᠬᠠᠮᠢᠨ ᠤ ᠪᠠᠭᠤᠷᠢ ᠶᠢᠨ ᠮᠦᠽᠧᠢ ᠶᠢᠨ ᠭᠤᠣᠯ ᠴᠣᠭᠴᠠᠲᠤ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢ ᠨᠢᠭᠡᠨᠲᠡ ᠪᠡᠶᠡᠯᠡᠭᠦᠯᠵᠦ᠂ ᠶᠠᠭ ᠪᠤᠯᠤᠳ ᠪᠦᠲᠦᠴᠡ ᠶᠢ ᠪᠣᠰᠬᠠᠵᠤ ᠪᠤᠢ᠂ ᠪᠠᠭᠤᠷᠢ ᠶᠢᠨ ᠬᠠᠮᠠᠭᠠᠯᠠᠯᠲᠠ ᠶᠢᠨ ᠳᠡᠯᠭᠡᠨ ᠦᠵᠡᠭᠦᠯᠭᠡ ᠣᠷᠳᠣᠨ ᠶᠠᠭ | ᠨᠢᠭᠡᠳᠦᠭᠡᠷ ᠳᠠᠪᠬᠤᠷ ᠤᠨ ᠪᠦᠳᠦᠭᠦᠪᠴᠢ ᠪᠠᠶᠢᠭᠤᠯᠤᠯᠲᠠ ᠪᠠᠷᠢᠵᠤ ᠪᠣᠢ︔ ᠡᠮᠦᠨᠡᠲᠦ ᠪᠤᠯᠠᠭᠲᠤ ᠶᠢᠨ ᠡᠷᠲᠡᠨ ᠤ ᠪᠠᠭᠤᠷᠢ ᠶᠢᠨ ᠴᠡᠴᠡᠷᠯᠢᠭ ᠤᠨ ᠡᠷᠲᠡᠨ ᠤ ᠪᠠᠭᠤᠷᠢ ᠶᠢᠨ | ᠮᠦᠽᠧᠶ ᠶᠢᠨ ᠦᠷ᠎ᠡ ᠳ᠋ᠦᠩ ᠤᠨ ᠵᠢᠷᠤᠭ ᠢ ᠨᠢᠭᠡᠨᠲᠡ ᠵᠢᠷᠤᠵᠤ ᠲᠥᠯᠥᠪᠯᠡᠭᠰᠡᠨ ᠪᠥᠭᠡᠳ ᠪᠠᠯᠠᠷ ᠡᠷᠲᠡᠨ ᠤ ᠭᠡᠷ ᠤᠨ ᠪᠠᠭᠤᠷᠢ ᠶᠢ ᠴᠡᠪᠡᠷᠯᠡᠪᠡ︔ ᠦᠨᠳᠦᠰᠦᠲᠡᠨ ᠤ | ᠣᠨᠴᠠᠯᠢᠭ ᠪᠦᠬᠦᠢ ᠦᠢᠯᠡᠳᠬᠦᠨ ᠢ ᠲᠡᠳᠬᠦᠬᠦ ᠨᠡᠭᠡᠭᠡᠨ ᠬᠥᠭᠵᠢᠭᠦᠯᠬᠦ ᠠᠵᠢᠯ ᠢ ᠡᠬᠢᠯᠡᠭᠦᠯᠵᠦ᠂ ᠦᠨᠳᠦᠰᠦᠲᠡᠨ ᠤ ᠬᠤᠪᠴᠠᠰᠤ ᠵᠠᠰᠠᠯ᠂ ᠦᠨᠳᠦᠰᠦᠲᠡᠨ ᠤ | ᠬᠥᠭᠵᠢᠮᠳᠡᠭᠦᠷ ᠬᠢᠬᠦ᠂ ᠪᠠᠷ ᠵᠢᠷᠤᠭ ᠵᠡᠷᠭᠡ ᠲᠥᠷᠥᠯ ᠵᠦᠢᠯ ᠢ ᠬᠠᠮᠠᠭᠠᠯᠠᠬᠤ᠂ ᠤᠯᠠᠮᠵᠢᠯᠠᠬᠤ᠂ ᠨᠡᠭᠡᠭᠡᠨ ᠬᠥᠭᠵᠢᠭᠦᠯᠬᠦ᠂ ᠠᠰᠢᠭᠯᠠᠬᠤ ᠳᠦᠷᠪᠡᠨ ᠲᠠᠯ᠎ᠠ ᠪᠠᠷ | ᠰᠢᠰᠲ᠋ᠧᠮ ᠲᠠᠢ ᠪᠠᠷ ᠵᠠᠳᠠᠯᠤᠨ ᠰᠤᠳᠤᠯᠵᠤ᠂ ᠲᠡᠭᠦᠨ ᠤ ᠦᠷᠳᠡᠭ ᠤᠨ ᠦᠢᠯᠡᠳᠦᠯ ᠢ ᠨᠢ ᠪᠠᠳᠠᠷᠠᠭᠤᠯᠪᠠ︔ ︽ᠠᠷᠪᠠᠳᠠᠬᠢ ᠰᠣᠶᠣᠯ ᠤᠨ ᠥᠪ ᠤᠨ | ᠡᠳᠦᠷ ᠢ ᠳᠤᠷᠠᠰᠬᠠᠬᠤ ᠲᠣᠭᠯᠠᠯᠲᠠ ᠦᠵᠡᠭᠦᠯᠦᠯᠭᠡ ᠶᠢᠨ ᠠᠵᠢᠯᠯᠠᠭ᠎ᠠ︾ ᠶᠢ ᠡᠷᠬᠢᠯᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ | ᠳᠤᠷᠠᠰᠬᠠᠯᠲᠤ ᠵᠦᠢᠯ ᠢ ᠬᠠᠮᠠᠭᠠᠯᠠᠬᠤ ᠬᠠᠤᠯᠢ︾ ︽ᠪᠣᠳᠠᠰ ᠤᠨ ᠪᠤᠰᠤ ᠰᠣᠶᠣᠯ ᠤᠨ ᠥᠪ ᠬᠥᠷᠥᠩᠭᠡ ᠶᠢ ᠬᠠᠮᠠᠭᠠᠯᠠᠬᠤ ᠬᠠᠤᠯᠢ︾ ᠶᠢ ᠵᠣᠬᠢᠶᠠᠨ ᠪᠠᠶᠢᠭᠤᠯᠤᠨ | ᠤᠬᠠᠭᠤᠯᠵᠤ᠂ ᠠᠷᠠᠳ ᠨᠡᠶᠢᠲᠡ ᠶᠢᠨ ᠰᠣᠶᠣᠯ ᠤᠨ ᠥᠪ ᠢ ᠬᠠᠮᠠᠭᠠᠯᠠᠬᠤ ᠤᠬᠠᠮᠰᠠᠷ ᠢ ᠨᠢ ᠳᠡᠭᠡᠭᠰᠢᠯᠡᠭᠦᠯᠪᠡ︔ ᠲᠦᠩᠯᠢᠶᠣᠤ ᠬᠤᠲᠠ ᠶᠢᠨ ᠮᠦᠽᠧᠶ ᠪᠣᠯᠤᠨ ᠭᠦᠢᠵᠧᠦ | ᠮᠤᠵᠢ ᠶᠢᠨ ᠦᠨᠳᠦᠰᠦᠲᠡᠨ ᠤ ᠮᠦᠽᠧᠢ ᠲᠠᠢ ᠬᠠᠮᠲᠤᠷᠠᠵᠤ ︽ᠲᠠᠯ᠎ᠠ ᠨᠤᠲᠤᠭ ᠤᠨ ᠬᠤᠪᠴᠠᠰᠤ ᠭᠤᠶᠣᠯᠠᠯ — ᠳᠤᠮᠳᠠᠳᠤ ᠤᠯᠤᠰ ᠤᠨ ᠮᠣᠩᠭᠤᠯ ᠦᠨᠳᠦᠰᠦᠲᠡᠨ ᠤ | ᠬᠤᠪᠴᠠᠰᠤ ᠵᠠᠰᠠᠯ ᠤᠨ ᠦᠵᠡᠭᠦᠯᠦᠯᠭᠡ︾ ᠶᠢ ᠡᠷᠬᠢᠯᠡᠵᠦ᠂ ᠡᠮᠦᠨᠡᠲᠦ ᠤᠮᠠᠷᠠᠲᠤ ᠶᠢᠨ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠤ ᠰᠣᠶᠣᠯ ᠤᠨ | ᠰᠣᠯᠢᠯᠴᠠᠭ᠎ᠠ ᠲᠤᠩ ᠰᠠᠶᠢᠨ ᠠᠬᠢᠭᠤᠯᠪᠠ᠃ | ᠲᠦᠷᠪᠡ ᠳᠤ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠢᠨᠵᠧᠨᠧᠷᠢᠩ ᠢ ᠬᠡᠷᠡᠭᠵᠢᠭᠦᠯᠪᠡ᠃ ︽ᠶᠤᠸᠠᠨ ᠳ᠋ᠦ᠋ ᠬᠤᠷᠴᠢᠨ ᠰᠣᠶᠣᠯ ᠤᠨ | ᠵᠢᠭᠤᠯᠴᠢᠯᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ︾ ᠤᠨ 5000 ᠲᠡᠭᠰᠢ ᠳᠥᠷᠪᠡᠯᠵᠢᠨ ᠮᠧᠲᠷ ᠤᠨ ᠭᠤᠣᠯ ᠴᠣᠭᠴᠠᠲᠤ ᠪᠠᠷᠢᠯᠭ᠎ᠠ ᠶᠢᠨ ᠠᠵᠢᠯ ᠢ | ᠨᠢᠭᠡᠨᠲᠡ ᠪᠡᠶᠡᠯᠡᠭᠦᠯᠵᠦ᠂ ᠶᠠᠭ ᠭᠤᠣᠯ ᠴᠣᠭᠴᠠᠪᠤᠷᠢ ᠶᠢᠨ ᠵᠠᠰᠠᠯ ᠴᠢᠮᠡᠭᠯᠡᠯ ᠤᠨ ᠪᠠᠷᠢᠯᠭ᠎ᠠ ᠶᠢ ᠪᠠᠷᠢᠵᠤ ᠪᠣᠢ︔ ︽ᠪᠢ ᠺᠧ ᠨᠠᠭᠠᠳᠤᠮ ᠤᠨ ᠵᠠᠩ ᠦᠢᠯᠡ ᠶᠢᠨ | ᠬᠦᠷᠢᠶᠡᠯᠡᠩ︾ ᠤᠨ ᠦᠨᠳᠦᠰᠦᠲᠡᠨ ᠤ ᠬᠤᠳᠠᠯᠳᠤᠭᠠᠨ ᠤ ᠵᠡᠭᠡᠯᠢ ᠶᠢ ᠨᠢᠭᠡᠨᠲᠡ ᠨᠡᠭᠡᠭᠡᠨ ᠬᠥᠭᠵᠢᠭᠦᠯᠬᠦ ᠪᠠᠶᠢᠭᠤᠯᠤᠨ ᠳᠠᠭᠤᠰᠴᠤ᠂ ᠤᠳᠤ ᠶᠠᠭ ᠤᠯᠤᠰ ᠤᠨ | ᠳᠣᠲᠣᠭᠠᠳᠤ ᠶᠢᠨ ᠦᠨᠳᠦᠰᠦᠲᠡᠨ ᠤ ᠣᠨᠴᠠᠯᠢᠭ ᠪᠦᠬᠦᠢ ᠦᠢᠯᠡᠳᠬᠦᠨ ᠤ ᠦᠢᠯᠡᠳᠪᠦᠷᠢᠯᠡᠯ ᠤᠨ ᠠᠵᠤ ᠠᠬᠤᠶᠢᠯᠠᠯ ᠠᠴᠠ ᠬᠤᠳᠠᠯᠳᠤᠭᠠᠴᠢᠳ ᠢ ᠤᠷᠢᠵᠤ ᠪᠣᠢ︔ ︽ | ᠬᠠᠰᠠᠷ ᠤᠨ ᠠᠷᠢᠭᠤᠨ ᠣᠷᠣᠨ ᠮᠣᠩᠭᠤᠯ ᠵᠠᠩ ᠦᠢᠯᠡ ᠶᠢᠨ ᠬᠦᠷᠢᠶᠡᠯᠡᠩ︾ ᠤᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠮᠣᠩᠭᠤᠯ ᠰᠣᠶᠣᠯ ᠤᠷᠠᠯᠢᠭ ᠤᠨ | ᠳᠡᠯᠭᠡᠨ ᠦᠵᠡᠭᠦᠯᠬᠦ ᠣᠷᠳᠣᠨ᠂ ᠵᠢᠭᠤᠯᠴᠢᠯᠠᠭᠴᠢᠳ ᠢ ᠬᠦᠯᠢᠶᠡᠨ ᠠᠪᠬᠤ ᠲᠥᠪ ᠤᠨ ᠭᠤᠣᠯ ᠴᠣᠭᠴᠠᠲᠤ ᠪᠠᠷᠢᠯᠭ᠎ᠠ ᠶᠢ ᠨᠢᠭᠡᠨᠲᠡ ᠳᠠᠭᠤᠰᠬᠠᠪᠠ︔ ︽ᠬᠡᠪᠯᠡᠯ ᠤᠨ | ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ︾ ᠤᠨ ᠨᠢᠭᠡᠳᠦᠭᠡᠷ ᠬᠤᠭᠤᠴᠠᠭᠠᠨ ᠤ ᠦᠨᠳᠦᠰᠦᠨ ᠪᠦ᠋ᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢ ᠨᠢᠭᠡᠨᠲᠡ | ᠳᠠᠭᠤᠰᠬᠠᠵᠤ᠂ 8 ᠳ᠋ᠤᠭᠠᠷ ᠰᠠᠷ᠎ᠠ ᠳᠤ ᠠᠰᠢᠭᠯᠠᠯᠲᠠ ᠳᠤ ᠣᠷᠣᠭᠤᠯᠪᠠ᠃ ︽ᠮᠣᠩᠭᠤᠯ ᠸᠠᠩ ᠠᠷᠢᠬᠢᠨ ᠰᠣᠶᠣᠯ ᠤᠨ ᠠᠵᠤ ᠦᠢᠯᠡᠰ ᠤᠨ ᠬᠦᠷᠢᠶᠡᠯᠡᠩ︾ ᠤᠨ | ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢ ᠪᠡᠶᠡᠯᠡᠭᠦᠯᠵᠦ᠂ ᠶᠠᠭ ᠲᠡᠭᠦᠯᠳᠡᠷᠵᠢᠵᠦ ᠵᠠᠰᠠᠪᠤᠷᠢ ᠣᠷᠣᠭᠤᠯᠵᠤ ᠪᠤᠢ᠃ 5 | ᠳ᠋ᠤᠭᠠᠷ ᠰᠠᠷ᠎ᠠ ᠶᠢᠨ 14 ᠤ ᠡᠳᠦᠷ ᠠᠴᠠ 18 ᠤ ᠡᠳᠦᠷ ᠪᠣᠯᠲᠠᠯ᠎ᠠ᠂ ᠠᠷᠪᠠᠨ ᠨᠢᠭᠡᠳᠦᠭᠡᠷ ᠬᠤᠭᠤᠴᠠᠭᠠᠨ ᠤ ᠳᠤᠮᠳᠠᠳᠤ ᠤᠯᠤᠰ ︵ᠱᠧᠨᠵᠧᠨ︶ ᠤᠨ ᠤᠯᠠᠨ | ᠤᠯᠤᠰ ᠤᠨ ᠰᠣᠶᠣᠯ ᠤᠨ ᠠᠵᠤ ᠦᠢᠯᠡᠰ ᠤᠨ ᠳᠡᠯᠭᠡᠨ ᠦᠵᠡᠭᠦᠯᠦᠯᠭᠡ ᠶᠢᠨ ᠠᠷᠠᠯᠵᠢᠶ᠎ᠠ ᠰᠣᠯᠢᠯᠴᠠᠭᠠᠨ ᠤ ᠴᠤᠭᠯᠠᠭᠠᠨ ᠳᠤ ᠣᠷᠣᠯᠴᠠᠵᠤ᠂ ᠬᠤᠷᠴᠢᠨ ᠪᠠᠷ ᠵᠢᠷᠤᠭ ᠤᠨ | ᠵᠢᠩᠬᠢᠨᠢ ᠡᠳ᠋ ᠪᠣᠳᠠᠰ ᠤᠨ ᠦᠵᠡᠭᠦᠯᠦᠯᠭᠡ ᠬᠢᠵᠦ᠂ ᠡᠭᠦᠨ ᠤ ᠬᠠᠮᠲᠤ ᠬᠤᠷᠴᠢᠨ ᠤ ᠦᠨᠳᠦᠰᠦᠲᠡᠨ ᠤ ᠬᠤᠪᠴᠠᠰᠤ ᠵᠠᠰᠠᠯ᠂ ᠦᠨᠳᠦᠰᠦᠲᠡᠨ ᠤ ᠬᠥᠭᠵᠢᠮ ᠦᠢᠯᠡᠳᠬᠦ᠂ | ᠦᠨᠳᠦᠰᠦᠲᠡᠨ ᠤ ᠢᠳᠡᠭᠡᠨ᠂ᠠᠷᠠᠰᠤᠨ ᠰᠡᠶᠢᠯᠦᠮᠡᠯ ᠵᠡᠷᠭᠡ 35 ᠵᠦᠢᠯ ᠢ ᠭᠤᠣᠯᠳᠠᠯᠭ᠎ᠠ ᠲᠠᠢ ᠲᠠᠨᠢᠯᠴᠠᠭᠤᠯᠪᠠ᠃ ᠤᠯᠤᠰ ᠤᠨ ᠳᠣᠲᠣᠭᠠᠳᠤ ᠶᠢᠨ ᠰᠣᠶᠣᠯ ᠤᠨ | ᠦᠢᠯᠡᠳᠬᠦᠨ ᠢ ᠰᠤᠳᠤᠯᠤᠨ ᠨᠡᠭᠡᠭᠡᠵᠦ ᠦᠢᠯᠡᠳᠪᠦᠷᠢᠯᠡᠬᠦ 42 ᠠᠵᠤ ᠠᠬᠤᠶᠢᠯᠠᠯ ᠲᠠᠢ ᠠᠩᠬ᠎ᠠ ᠠᠯᠬᠤᠮ ᠤᠨ ᠵᠥᠪᠯᠡᠯᠴᠡᠭᠡᠷ ᠬᠢᠵᠦ᠂ ᠳᠠᠷᠠᠭᠠᠴᠢ ᠶᠢᠨ ᠠᠯᠬᠤᠮ ᠤᠨ | ᠬᠤᠷᠰᠢᠯᠴᠠᠭ᠎ᠠ ᠳᠤ ᠰᠠᠭᠤᠷᠢ ᠲᠠᠯᠪᠢᠪᠠ︔ ᠪᠠᠷ ᠵᠢᠷᠤᠭ ᠤᠨ ᠵᠣᠬᠢᠶᠠᠯ ᠪᠦᠲᠦᠭᠡᠯ ᠢ ᠵᠣᠬᠢᠶᠠᠨ ᠪᠠᠶᠢᠭᠤᠯᠬᠤ ︽ᠥᠪᠥᠷ ᠮᠣᠩᠭᠤᠯ ᠳᠠᠬᠢ ᠪᠣᠯᠵᠤᠭ᠎ᠠ — — ᠹᠷᠠᠨᠼᠢ | ·ᠳᠤᠮᠳᠠᠳᠤ ᠤᠯᠤᠰ ᠤᠨ ᠥᠪᠥᠷ ᠮᠣᠩᠭᠤᠯ ᠤᠨ ᠰᠣᠶᠣᠯ ᠤᠨ ᠭᠠᠷᠠᠭ ᠤᠨ ᠠᠵᠢᠯᠯᠠᠭ᠎ᠠ ᠳᠤ ᠣᠷᠣᠯᠴᠠᠵᠤ ᠂ ᠹᠷᠠᠨᠼᠢ ᠶᠢᠨ ᠫᠠᠷᠢᠰ ᠲᠤ 50 ᠵᠢᠷᠤᠭ ᠤᠨ ᠪᠦᠲᠦᠭᠡᠯ ᠢ | ᠳᠡᠯᠭᠡᠨ ᠦᠵᠡᠭᠦᠯᠪᠡ᠃ | ᠱᠧᠩ ᠴᠢᠨ᠄ | ᠲᠠᠪᠤ ᠳᠤ ᠰᠣᠶᠣᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠪᠡ᠃ ᠬᠤᠷᠴᠢᠨ ᠲᠣᠭᠤᠷᠢᠭ ᠤᠨ ᠤᠯᠠᠨ ᠨᠡᠶᠢᠲᠡ ᠶᠢᠨ | ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠷᠢᠮᠵᠢᠶᠠᠵᠢᠭᠤᠯᠬᠤ᠂ ᠲᠡᠩᠴᠡᠭᠦᠯᠬᠦ ᠪᠠᠶᠢᠭᠤᠯᠤᠯᠲᠠ ᠪᠣᠯᠣᠨ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠴᠢᠨᠠᠷᠲᠠᠶ | ᠰᠣᠶᠣᠯ ᠤᠨ ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠮᠡᠳᠡᠭᠳᠡᠮ᠎ᠡ ᠠᠮᠵᠢᠯᠲᠠ ᠣᠯᠵᠤ᠂ ᠰᠣᠶᠣᠯ ᠤᠨ | ᠪᠡᠯᠡᠳᠬᠡᠮᠵᠢ ᠢᠯᠡᠳᠲᠡ ᠰᠠᠶᠢᠵᠢᠷᠠᠵᠤ᠂ ᠰᠣᠶᠣᠯ ᠤᠨ ᠠᠵᠢᠯᠯᠠᠭ᠎ᠠ ᠡᠯᠪᠡᠭ ᠪᠠᠶᠠᠯᠢᠭ ᠪᠣᠯᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ | ᠯᠠᠪᠳᠠᠭᠤᠨ ᠢᠶᠠᠷ ᠠᠬᠢᠵᠤ᠂ ᠰᠦᠢᠳᠬᠡᠯ ᠬᠤᠷᠢᠶᠠᠬᠤ ᠦᠭᠡᠢ ᠪᠠᠷ ᠨᠡᠬᠡᠬᠡᠨ ᠦᠢᠯᠡᠴᠢᠯᠡᠬᠦ ᠶᠢ ᠵᠡᠷᠭᠡ ᠳᠡᠰ ᠢ ᠳᠡᠪᠰᠢᠭᠦᠯᠵᠦ᠂ ᠲᠤᠰᠬᠠᠶ ᠮᠡᠷᠭᠡᠵᠢᠯ ᠤᠨ ᠰᠣᠶᠣᠯ ᠤᠨ | ᠦᠢᠯᠡᠴᠢᠯᠡᠭᠡᠨ ᠤ ᠪᠦᠬᠦ᠋ᠢᠯᠡ ᠬᠢᠷᠢ ᠲᠦᠪᠰᠢᠨ ᠳᠡᠭᠡᠭᠰᠢᠯᠡᠵᠦ᠂ ᠮᠠᠨ ᠤ ᠬᠤᠲᠠ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ | ᠲᠡᠩᠴᠡᠭᠦᠯᠬᠦ ᠶᠢ ᠠᠬᠢᠭᠤᠯᠬᠤ ᠳᠤ ᠦᠯᠢᠭᠡᠷ ᠵᠢᠱᠢᠶ᠎ᠡ ᠪᠠ ᠳᠠᠭᠠᠭᠤᠯᠤᠭᠴᠢ ᠶᠢᠨ ᠦᠢᠯᠡᠳᠦᠯ ᠦᠵᠡᠭᠦᠯᠪᠡ︔ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ | ᠂ ᠠᠩᠬ᠎ᠠ ᠵᠣᠬᠢᠶᠠᠭᠰᠠᠨ ᠵᠦᠴᠦᠭᠡ ᠳᠤ ᠨᠥᠬᠦᠪᠥᠷᠢ ᠥᠭᠬᠦ᠂ ᠱᠠᠩᠨᠠᠬᠤ ᠪᠠᠷ ᠨᠥᠬᠦᠪᠦᠷᠢᠯᠡᠬᠦ ᠣᠷᠣᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠤᠯᠤᠰ ᠤᠨ ᠥᠮᠴᠢᠯᠡᠯ ᠠᠴᠠ | ᠠᠵᠤ ᠠᠬᠤᠶᠢᠯᠠᠯ ᠪᠣᠯᠣᠨ ᠬᠤᠪᠢᠷᠠᠬᠤ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠳᠤ ᠤᠷᠠᠯᠢᠭ ᠤᠨ ᠵᠣᠬᠢᠶᠠᠨ ᠪᠦᠲᠦᠭᠡᠬᠦ ᠦᠢᠯᠡᠳᠪᠦᠷᠢᠯᠡᠯ ᠤᠨ | ᠥᠭᠡᠷᠡᠴᠢᠯᠡᠯᠲᠡ ᠶᠢ ᠲᠡᠳᠬᠦᠨ ᠳᠡᠮᠵᠢᠬᠦ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ︽ᠲᠦᠩᠯᠢᠶᠣᠤ ᠬᠤᠲᠠ ᠶᠢᠨ ᠰᠣᠶᠣᠯ ᠤᠷᠠᠯᠢᠭ ᠤᠨ ᠰᠣᠩᠭᠤᠳᠠᠭ | ᠪᠦᠲᠦᠭᠡᠯ ᠢ ᠵᠣᠬᠢᠶᠠᠨ ᠪᠦᠲᠦᠭᠡᠬᠦ ᠶᠢ ᠱᠠᠩᠨᠠᠬᠤ ᠲᠡᠳᠬᠦᠬᠦ ᠠᠷᠭ᠎ᠠ︾ ᠶᠢ ᠲᠣᠭᠲᠠᠭᠠᠪᠠ᠃ | ᠵᠢᠷᠭᠤᠭ᠎ᠠ ᠳᠤ ᠰᠠᠭᠤᠷᠢ ᠪᠡᠯᠡᠳᠬᠡᠮᠵᠢ ᠶᠢᠨ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠪᠡ᠃ ᠪᠠᠷᠢᠯᠭ᠎ᠠ ᠶᠢᠨ ᠲᠠᠯᠠᠪᠠᠶ ᠨᠢ 3.8 ᠲᠦᠮᠡᠨ ᠲᠡᠭᠰᠢ | ᠳᠥᠷᠪᠡᠯᠵᠢᠨ ᠮᠧᠲᠷ ᠲᠠᠯᠠᠪᠠᠶ ᠪᠦᠬᠦᠢ ᠲᠦᠩᠯᠢᠶᠣᠤ ᠬᠤᠲᠠ ᠶᠢᠨ ᠨᠣᠮ ᠤᠨ ᠰᠠᠩ ᠤᠨ ᠰᠢᠨ᠎ᠡ ᠣᠷᠳᠣᠨ ᠤ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠮᠠᠨ ᠤ | ᠬᠤᠲᠠᠨ ᠤ ︽ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠤᠢ ᠶᠢᠨ ᠪᠠᠶᠠᠷ ᠤᠨ ᠶᠡᠭᠡ ᠭᠤᠣᠯᠳᠠᠯᠭ᠎ᠠ ᠲᠠᠢ ᠲᠥᠷᠥᠯ ᠵᠦᠢᠯ︾ ᠳᠤ ᠣᠷᠣᠭᠤᠯᠪᠠ | ᠃ ᠣᠳᠣᠬᠠᠨ ᠳᠤ᠂ ᠣᠶᠣᠨᠲᠤ ᠵᠢᠷᠤᠭ ᠲᠥᠯᠥᠪᠯᠡᠭᠡ᠂ ᠠᠩᠬ᠎ᠠ ᠠᠯᠬᠤᠮ ᠵᠠᠰᠠᠵᠤ ᠴᠢᠮᠡᠭᠯᠡᠬᠦ ᠵᠢᠷᠤᠭ ᠲᠥᠯᠥᠪᠯᠡᠭᠡ ᠶᠢᠨ ᠲᠥᠯᠥᠪᠵᠢᠭᠦᠯᠭᠡ᠂ ᠶᠡᠷᠦᠩᠬᠡᠶ | ᠪᠠᠶᠢᠷᠢᠯᠠᠭᠤᠯᠤᠯᠲᠠ ᠶᠢᠨ ᠵᠢᠷᠤᠭ ᠲᠥᠯᠥᠪᠯᠡᠭᠡ ᠶᠢᠨ ᠲᠥᠯᠥᠪᠵᠢᠭᠦᠯᠭᠡ ᠶᠢ ᠵᠡᠷᠭᠡ ᠳᠤᠨᠢ ᠲᠦᠯᠬᠢᠨ ᠠᠬᠢᠭᠤᠯᠪᠠ︔ ᠠᠴᠢᠮᠠᠭ ᠠᠭᠤᠯᠠ᠂ ᠬᠠᠨ ᠠᠭᠤᠯᠠ ᠶᠢᠨ ᠷᠠᠳᠢᠣ᠋ | ᠨᠡᠪᠲᠡᠷᠡᠭᠦᠯᠭᠡ ᠲᠧᠯᠸᠢᠰ ᠤᠨ ᠰᠠᠴᠤᠷᠠᠭᠤᠯᠬᠤ ᠲᠠᠪᠴᠠᠩ᠂ ᠪᠠᠶᠢᠰᠢᠩᠳᠤ ᠶᠢᠨ ᠷᠠᠳᠢᠣ᠋ ᠨᠡᠪᠲᠡᠷᠡᠭᠦᠯᠭᠡ ᠲᠧᠯᠸᠢᠰ ᠳᠠᠮᠵᠢᠭᠤᠯᠬᠤ ᠥᠷᠲᠡᠭᠡᠨ ᠤ ᠷᠠᠳᠢᠣ᠋ ᠨᠡᠪᠲᠡᠷᠡᠭᠦᠯᠭᠡ | ᠲᠧᠯᠸᠢᠰ ᠤᠨ ᠥᠨᠳᠥᠷ ᠠᠭᠤᠯᠠ ᠶᠢᠨ ᠷᠠᠳᠢᠣ᠋ ᠰᠠᠴᠤᠷᠠᠭᠤᠯᠬᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠡᠪ ᠤᠨ ᠶᠣᠰᠣᠭᠠᠷ ᠲᠦᠯᠬᠢᠨ | ᠠᠬᠢᠭᠤᠯᠪᠠ︔ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠮᠦᠽᠧᠶ ᠶᠠᠭ ᠲᠥᠰᠦᠪ ᠤᠨ ᠬᠢᠨᠠᠨ ᠲᠣᠭᠲᠠᠭᠠᠯ ᠬᠢᠵᠦ ᠪᠤᠢ︔ ᠵᠢᠷᠢᠮ ᠤᠨ ᠮᠣᠳᠣᠨ ᠪᠠᠷ | ᠵᠢᠷᠤᠭ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢ ᠡᠬᠢᠯᠡᠭᠦᠯᠪᠡ︔ ᠬᠤᠷᠴᠢᠨ ᠤ ᠤᠯᠠᠨ ᠲᠦᠮᠡᠨ ᠤ ᠰᠣᠶᠣᠯ ᠤᠨ ᠲᠥᠪ ᠢ ᠤᠳᠤ ᠨᠢᠭᠡᠨᠲᠡ ᠲᠥᠯᠥᠪᠵᠢᠭᠦᠯᠦᠨ | ᠵᠢᠷᠤᠭᠯᠠᠨ ᠲᠥᠯᠥᠪᠯᠡᠬᠦ ᠳᠤ ᠣᠷᠣᠭᠤᠯᠪᠠ︔ ᠺᠠᠶᠢᠯᠦ ᠶᠢᠨ ᠰᠣᠶᠣᠯ ᠤᠨ ᠵᠠᠭᠤᠴᠢ ᠶᠢᠨ ᠲᠥᠪ ︵8000 ᠲᠡᠭᠰᠢ ᠳᠥᠷᠪᠡᠯᠵᠢᠨ ᠮᠧᠲᠷ︶ ᠤᠨ ᠲᠥᠯᠥᠪᠵᠢᠭᠦᠯᠦᠨ | ᠵᠢᠷᠤᠭ ᠲᠥᠯᠥᠪᠯᠡᠭᠡ ᠪᠠ ᠦᠷ᠎ᠡ ᠳ᠋ᠦᠩ ᠤᠨ ᠵᠢᠷᠤᠭ ᠢ ᠨᠢᠭᠡᠨᠲᠡ ᠪᠡᠶᠡᠯᠡᠭᠦᠯᠪᠡ︔ ᠬᠦᠷᠢᠶ᠎ᠡ ᠶᠢᠨ ᠰᠣᠶᠣᠯ ᠤᠨ ᠣᠷᠳᠣᠨ ᠤ ᠨᠡᠭᠦᠨ ᠰᠢᠯᠵᠢᠬᠦ ᠶᠢ ᠪᠡᠶᠡᠯᠡᠭᠦᠯᠪᠡ︔ | ᠵᠠᠷᠤᠳ ᠬᠤᠰᠢᠭᠤᠨ ᠤ ᠰᠣᠶᠣᠯ ᠤᠨ ᠣᠷᠳᠣᠨ᠂ ᠬᠤᠣᠯᠢᠨ ᠭᠤᠣᠯ ᠬᠤᠳᠠ ᠶᠢᠨ ᠨᠣᠮ ᠤᠨ ᠰᠠᠩ ᠤᠨ ᠪᠦᠳᠦᠭᠡᠨ ᠪᠠᠶᠢᠭᠤᠯᠤᠯᠲᠠ ᠶᠢᠨ ᠭᠤᠣᠯ ᠴᠣᠭᠴᠠ ᠶᠢᠨ | ᠪᠠᠷᠢᠯᠭ᠎ᠠ ᠶᠢ ᠨᠢᠭᠡᠨᠲᠡ ᠳᠠᠭᠤᠰᠬᠠᠵᠤ᠂ ᠤᠳᠤ ᠶᠠᠭ ᠵᠠᠰᠠᠯ ᠴᠢᠮᠡᠭᠯᠡᠯ ᠤᠨ ᠠᠵᠢᠯ ᠢ ᠬᠢᠬᠦ ᠪᠤᠢ᠃ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠢ | ᠪᠠᠷᠢᠮᠵᠢᠶᠠᠵᠢᠭᠤᠯᠬᠤ ᠪᠠᠶᠢᠭᠤᠯᠤᠯᠲᠠ ᠪᠠᠶᠠᠷᠯᠠᠭᠤᠰᠢᠲᠠᠶ ᠠᠯᠬᠤᠮ ᠢᠶᠠᠨ ᠠᠯᠬᠤᠪᠠ᠃ | ᠬᠥᠲᠥᠯᠥᠭᠴᠢ᠄ | ᠵᠠ ᠰᠠᠶᠢᠨ ᠪᠤᠯᠤᠯ᠎ᠠ᠂ ᠱᠧᠩ ᠲᠣᠪᠴᠢᠶᠠᠨ ᠳᠠᠷᠤᠭ᠎ᠠ ᠶᠢᠨ ᠨᠠᠷᠢᠨ ᠨᠢᠮᠪᠠᠢ ᠲᠠᠶᠢᠯᠪᠤᠷᠢᠯᠠᠭᠰᠠᠨ ᠳᠤ ᠲᠠᠯᠠᠷᠬᠠᠵᠦ ᠪᠠᠶᠢᠨ᠎ᠠ᠂ ᠰᠦᠯᠵᠢᠶᠡᠨ ᠠᠨᠳᠠ ᠨᠠᠷ ᠤᠨ | ᠬᠦᠯᠢᠶᠡᠨ ᠠᠪᠴᠤ ᠦᠵᠡᠭᠰᠡᠨ ᠳᠤ ᠲᠠᠯᠠᠷᠬᠠᠵᠦ ᠪᠠᠶᠢᠨ᠎ᠠ᠂ ᠡᠨᠡ ᠤᠳᠠᠭᠠᠨ ᠤ ᠰᠤᠷᠪᠤᠯᠵᠢᠯᠠᠭ᠎ᠠ ᠶᠠᠷᠢᠯᠴᠠᠭ᠎ᠠ ᠠᠳᠡ ᠬᠦᠷᠦᠭᠡᠳ ᠲᠠᠭᠦᠰᠤᠯᠠ᠂ ᠲᠠᠷᠠᠭᠠᠴᠢ ᠶᠢᠨ | ᠫᠷᠦᠭᠷᠡᠮ ᠳᠤ ᠪᠠᠶᠠᠷᠲᠠᠢ ᠵᠤᠯᠭᠠᠶ᠎ᠠ ︕ | |