︽ᠤᠯᠤᠰ ᠤᠨ ᠡᠮ ᠤᠨ ᠵᠦᠢᠯ ᠤᠨ ᠠᠶᠤᠯᠭᠦᠶ ᠶᠢᠨ ︿12.5﹀ ᠶᠢᠨ ᠲᠥᠯᠥᠪᠵᠢᠭᠦᠯᠭᠡ︾ ᠳᠤ | ᠱᠠᠭᠠᠷᠳᠠᠭᠰᠠᠨ ︽ᠪᠥᠬᠦ ᠲᠥᠷᠥᠯ ᠵᠦᠢᠯ᠂ ᠪᠦᠬᠦ ᠶᠠᠪᠤᠴᠠ ᠶᠢ ᠦᠭᠰᠦᠨ ᠮᠥᠷᠳᠡᠵᠦ ᠪᠣᠯᠬᠤ ᠡᠮ ᠤᠨ ᠵᠦᠢᠯ ᠤᠨ | ᠡᠯᠧᠺᠲᠷᠣᠨ ᠬᠢᠨᠠᠨ ᠬᠠᠮᠢᠶᠠᠷᠬᠤ ᠰᠢᠰᠲ᠋ᠧᠮᠵᠢ ᠶᠢ ᠲᠡᠭᠦᠯᠳᠡᠷᠵᠢᠭᠦᠯᠦᠨ ᠪᠦᠷᠬᠦᠭᠦᠯᠬᠦ︾ ᠠᠵᠢᠯ ᠤᠨ ᠡᠭᠦᠷᠭᠡ ᠶᠢ | ᠦᠨᠳᠦᠰᠦᠯᠡᠨ᠂ 2015 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ᠂ ᠮᠠᠨ ᠤ ᠬᠤᠲᠠ ᠶᠢᠨ | ᠪᠤᠶ ᠪᠦᠬᠦᠢ ᠡᠮ ᠤᠨ ᠵᠦᠢᠯ ᠢ ᠪᠥᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠨᠢ ᠪᠦᠷ | ᠰᠦᠯᠵᠢᠶᠡᠨ ᠳᠤ ᠣᠷᠣᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ᠮᠠᠨ ᠤ ᠬᠤᠳᠠ ᠶᠢᠨ ᠵᠢᠵᠢᠭᠯᠡᠨ ᠬᠤᠳᠠᠯᠳᠤᠬᠤ | ᠠᠵᠤ ᠠᠬᠤᠶᠢᠯᠠᠯ ᠠᠷᠪᠢᠨ᠂ ᠰᠦᠯᠵᠢᠶᠡᠨ ᠳᠤ ᠣᠷᠤᠭ᠎ᠠ ᠦᠭᠡᠢ ᠠᠵᠤ ᠠᠬᠤᠶᠢᠯᠠᠯ ᠤᠨ ᠰᠠᠭᠤᠷᠢ ᠲᠤᠭ᠎ᠠ ᠶᠡᠭᠡ | ᠪᠠᠶᠢᠬᠤ ᠪᠣᠳᠠᠲᠤ ᠪᠠᠶᠢᠳᠠᠯ ᠳᠤ ᠴᠢᠭᠯᠡᠭᠦᠯᠦᠨ᠂ ᠬᠤᠲᠠ ᠶᠢᠨ ᠢᠳᠡᠭᠡᠨ ᠤ ᠵᠦᠢᠯ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠠᠴᠠ ︽ᠡᠮ ᠤᠨ ᠵᠦᠢᠯ ᠢ ᠡᠯᠧᠺᠲᠷᠣᠨ ᠢᠶᠠᠷ ᠬᠢᠨᠠᠨ ᠬᠠᠮᠢᠶᠠᠷᠬᠤ ᠬᠤᠯᠪᠣᠭᠳᠠᠯ | ᠪᠦᠬᠦᠢ ᠤᠴᠢᠷ ᠶᠠᠪᠤᠳᠠᠯ ᠤᠨ ᠲᠤᠬᠠᠶ ᠮᠡᠳᠡᠭᠳᠡᠯ︾ ᠶᠠᠪᠤᠭᠤᠯᠵᠤ᠂ ᠮᠠᠨ ᠤ ᠬᠤᠳᠠ ᠶᠢᠨ ᠡᠮ ᠤᠨ ᠵᠦᠢᠯ ᠤᠨ | ᠭᠦᠢᠯᠭᠡᠭᠡᠨ ᠤ ᠠᠵᠤ ᠠᠬᠤᠶᠢᠯᠠᠯ ᠤᠨ ᠲᠣᠣᠷ ᠲᠤ ᠣᠷᠣᠬᠤ ᠪᠠᠶᠢᠳᠠᠯ ᠢ ᠨᠠᠷᠢᠨ ᠬᠢᠨᠠᠮᠠᠭᠠᠶ ᠰᠤᠳᠤᠯᠵᠤ᠂ ᠠᠵᠢᠯ | ᠡᠭᠦᠷᠭᠡ ᠶᠢ ᠬᠤᠪᠢᠶᠠᠨ᠂ ᠬᠠᠷᠢᠭᠤᠴᠠᠯᠭ᠎ᠠ ᠶᠢ ᠨᠢ ᠲᠣᠳᠣᠷᠬᠠᠶᠢᠯᠠᠪᠠ᠃ ᠡᠯᠧᠺᠲᠷᠣᠨ ᠬᠢᠨᠠᠨ ᠬᠠᠮᠢᠶᠠᠷᠤᠯᠲᠠ ᠶᠢᠨ | ᠤᠬᠠᠭᠤᠯᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠲᠣᠣᠷ ᠲᠤ ᠣᠷᠣᠬᠤ ᠬᠤᠯᠪᠣᠭᠳᠠᠯ ᠪᠦᠬᠦᠢ ᠲᠣᠭᠲᠠᠭᠠᠯ ᠢ | ᠲᠣᠭᠲᠠᠭᠠᠵᠤ᠂ ︽ᠲᠦᠷᠢᠮ︾ ᠢᠶᠠᠷ ᠵᠢᠷᠤᠮᠵᠢᠭᠤᠯᠬᠤ ᠬᠡᠷᠡᠭᠲᠡᠢ᠃ 10 ᠭᠠᠷᠤᠶ ᠤᠳᠠᠭ᠎ᠠ ᠡᠮ ᠤᠨ ᠵᠦᠢᠯ ᠢ | ᠡᠯᠧᠺᠲᠷᠣᠨ ᠬᠢᠨᠠᠨ ᠬᠠᠮᠢᠶᠠᠷᠬᠤ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠵᠤ᠂ ᠪᠦᠬᠦ ᠬᠤᠲᠠ ᠶᠢᠨ ᠡᠮ ᠤᠨ ᠵᠦᠢᠯ ᠢ | ᠪᠥᠭᠡᠮ ᠢᠶᠠᠷ ᠬᠤᠳᠠᠯᠳᠤᠬᠤ ᠠᠵᠤ ᠠᠬᠤᠶᠢᠯᠠᠯ᠂ ᠵᠢᠵᠢᠭᠯᠡᠨ ᠬᠤᠳᠠᠯᠳᠤᠬᠤ ᠬᠡᠯᠬᠢᠶ᠎ᠡ ᠶᠢᠨ ᠶᠡᠷᠦᠩᠬᠡᠶ ᠬᠡᠯᠲᠡᠰ ᠤᠨ | ᠬᠠᠷᠢᠭᠤᠴᠠᠯᠭᠠᠲᠠᠨ 42 ᠬᠥᠮᠦᠨ᠂ ᠡᠮ ᠤᠨ ᠵᠦᠢᠯ ᠢ ᠵᠢᠵᠢᠭᠯᠡᠨ ᠬᠤᠳᠠᠯᠳᠤᠬᠤ ︵ᠬᠡᠯᠬᠢᠶ᠎ᠡ︶ ᠠᠵᠤ ᠠᠬᠤᠶᠢᠯᠠᠯ ᠤᠨ | ᠠᠵᠢᠯᠯᠠᠭᠴᠢᠳ 1326 ᠬᠥᠮᠦᠨ ᠤᠳᠠᠭ᠎ᠠ ᠶᠢ ᠪᠣᠯᠪᠠᠰᠤᠷᠠᠭᠤᠯᠪᠠ᠃ ᠡᠮ ᠤᠨ ᠵᠦᠢᠯ ᠢ ᠪᠥᠭᠡᠮ ᠢᠶᠠᠷ ᠬᠤᠳᠠᠯᠳᠤᠬᠤ | ᠠᠵᠤ ᠠᠬᠤᠶᠢᠯᠠᠯ᠂ ᠵᠢᠵᠢᠭᠯᠡᠨ ᠬᠤᠳᠠᠯᠳᠤᠬᠤ ᠬᠡᠯᠬᠢᠶ᠎ᠡ ᠶᠢᠨ ᠶᠡᠷᠦᠩᠬᠡᠶ ᠬᠡᠯᠲᠡᠰ ᠤᠨ ᠬᠤᠯᠪᠣᠭᠳᠠᠯ ᠪᠦᠬᠦᠢ | ᠬᠥᠮᠦᠰ ᠤᠨ ᠲᠤᠰᠬᠠᠶ ᠬᠤᠷᠠᠯ ᠬᠤᠷᠠᠯᠳᠤᠭᠤᠯᠵᠤ ᠪᠠᠶᠢᠷᠢᠯᠠᠭᠤᠯᠤᠯᠲᠠ ᠬᠢᠬᠦ ᠶᠢ ᠵᠣᠬᠢᠶᠠᠨ ᠪᠠᠶᠢᠭᠤᠯᠵᠤ᠂ ᠡᠮ ᠤᠨ | ᠵᠦᠢᠯ ᠤᠨ ᠡᠯᠧᠺᠲᠷᠣᠨ ᠬᠢᠨᠠᠨ ᠬᠠᠮᠢᠶᠠᠷᠬᠤ ᠭᠦᠢᠯᠭᠡᠭᠡ ᠶᠢᠨ ᠵᠠᠩᠭᠢᠯᠠᠭ᠎ᠠ ᠶᠢᠨ ᠺᠣᠲ ᠰᠢᠷᠪᠢᠨ ᠰᠦᠯᠵᠢᠶᠡᠨ ᠳᠤ | ᠣᠷᠣᠭᠤᠯᠬᠤ ᠪᠠ ᠤᠷᠢᠳᠴᠢᠯᠠᠨ ᠰᠡᠷᠡᠮᠵᠢᠯᠡᠭᠦᠯᠬᠦ ᠶᠢ ᠰᠢᠢᠳᠪᠦᠷᠢᠯᠡᠬᠦ ᠵᠡᠷᠭᠡ ᠬᠤᠯᠪᠣᠭᠳᠠᠯ ᠪᠦᠬᠦᠢ ᠬᠡᠷᠡᠭ ᠶᠠᠪᠤᠳᠠᠯ ᠢ | ᠲᠣᠳᠣᠷᠬᠠᠶᠢᠯᠠᠪᠠ᠃ | ᠣᠳᠣᠬᠠᠨ ᠪᠣᠯᠲᠠᠯ᠎ᠠ᠂ ᠵᠢᠯ ᠤᠨ ᠡᠬᠢ ᠪᠠᠷ ᠪᠠᠭᠤᠯᠭᠠᠭᠰᠠᠨ 1012 ᠡᠮ ᠤᠨ ᠵᠦᠢᠯ ᠢ ᠵᠢᠵᠢᠭᠯᠡᠨ | ᠬᠤᠳᠠᠯᠳᠤᠬᠤ ᠠᠵᠤ ᠠᠬᠤᠶᠢᠯᠠᠯ ᠢ ᠲᠣᠣᠷ ᠲᠤ ᠣᠷᠣᠭᠤᠯᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ | ᠪᠦᠬᠦ ᠵᠢᠯ ᠳᠤ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠰᠡᠷᠡᠮᠵᠢᠯᠡᠭᠦᠯᠬᠦ ᠮᠡᠳᠡᠭᠡ ᠵᠠᠩᠭᠢ ᠶᠢ 15298 | ᠵᠤᠷᠪᠤᠰ ᠢ ᠦᠭᠡᠶᠢᠰᠬᠡᠪᠡ᠃ ᠪᠤᠶ ᠪᠦᠬᠦᠢ ᠡᠮ ᠤᠨ ᠨᠠᠶᠢᠷᠠᠯᠲᠠ ᠶᠢᠨ ᠲᠥᠷᠥᠯ ᠵᠦᠢᠯ᠂ ᠪᠦᠬᠦ ᠦᠢᠯᠡᠳᠪᠦᠷᠢᠯᠡᠯ ᠪᠠ | ᠭᠦᠢᠯᠭᠡᠭᠡᠨ ᠤ ᠶᠠᠪᠤᠴᠠ ᠶᠢ ᠪᠦᠬᠦ ᠲᠠᠯ᠎ᠠ ᠪᠠᠷ ᠪᠦᠷᠬᠦᠭᠦᠯᠬᠦ᠂ ᠦᠭᠰᠦᠨ ᠮᠥᠷᠳᠡᠵᠦ ᠪᠣᠯᠬᠤ ᠡᠮ ᠤᠨ ᠵᠦᠢᠯ ᠤᠨ | ᠡᠯᠧᠺᠲᠷᠣᠨ ᠬᠢᠨᠠᠨ ᠬᠠᠮᠢᠶᠠᠷᠤᠯᠲᠠ ᠶᠢᠨ ᠰᠢᠰᠲ᠋ᠧᠮᠵᠢ ᠶᠢ ᠪᠡᠶᠡᠯᠡᠭᠦᠯᠦᠨ ᠲᠡᠭᠦᠯᠳᠡᠷᠵᠢᠭᠦᠯᠪᠡ᠃ ᠬᠤᠶᠢᠰᠢᠳᠠ᠂ | ᠡᠮ ᠤᠨ ᠵᠦᠢᠯ ᠤᠨ ᠡᠯᠧᠺᠲᠷᠣᠨ ᠬᠢᠨᠠᠨ ᠬᠠᠮᠢᠶᠠᠷᠤᠯᠲᠠ ᠨᠢ ᠡᠮ ᠤᠨ ᠵᠦᠢᠯ ᠤᠨ ᠬᠢᠨᠠᠨ ᠬᠠᠮᠢᠶᠠᠷᠬᠤ ᠠᠵᠢᠯ ᠤᠨ | ᠳᠤᠮᠳᠠᠬᠢ ᠨᠢᠭᠡᠨ ᠬᠡᠪ ᠤᠨ ᠪᠠᠶᠢᠳᠠᠯ ᠤᠨ ᠬᠢᠨᠠᠨ ᠬᠠᠮᠢᠶᠠᠷᠬᠤ ᠮᠡᠷᠭᠡᠵᠢᠯ ᠤᠨ ᠠᠷᠭ᠎ᠠ ᠪᠠᠷᠢᠯ ᠪᠣᠯᠵᠤ᠂ ᠠᠷᠠᠳ | ᠣᠯᠠᠨ ᠤ ᠡᠮ ᠬᠡᠷᠡᠭᠯᠡᠬᠦ ᠠᠮᠤᠷ ᠲᠦᠪᠰᠢᠨ ᠳᠤ ᠬᠦᠴᠦᠲᠡᠶ ᠪᠠᠲᠤᠯᠠᠭ᠎ᠠ ᠬᠠᠩᠭᠠᠪᠠ᠃ |