12 ᠳ᠋ᠤᠭᠠᠷ ᠰᠠᠷ᠎ᠠ ᠶᠢᠨ 1 ᠤ ᠡᠳᠦᠷ᠂ ᠡᠵᠡᠨ᠎ᠡ ᠠᠴᠠ ᠰᠢᠨᠵᠢᠶᠠᠩ ᠤᠨ ᠬᠠᠮᠢ ᠬᠦᠷᠬᠦ ᠲᠡᠮᠦᠷ ᠵᠠᠮ ᠪᠦᠬᠦ | ᠱᠤᠭᠤᠮ ᠢᠶᠠᠷ ᠲᠡᠷᠭᠡ ᠨᠡᠪᠲᠡᠷᠡᠵᠦ ᠠᠰᠢᠭᠯᠠᠯᠲᠠ ᠳᠤ ᠣᠷᠣᠪᠠ᠃ ᠡᠬᠢᠯᠡᠵᠦ ᠨᠡᠪᠲᠡᠷᠡᠭᠰᠡᠨ ᠠᠩᠬᠠᠨ ᠤ | ᠬᠤᠭᠤᠴᠠᠭᠠᠨ ᠳᠤ᠂ ᠪᠠᠷᠠᠭ᠎ᠠ ᠵᠥᠭᠡᠭᠡᠪᠦᠷᠢᠯᠡᠬᠦ 3 ᠬᠤᠣᠰ ᠴᠤᠪᠤᠭ᠎ᠠ ᠲᠡᠷᠭᠡ ᠶᠢ ᠲᠣᠬᠢᠷᠠᠭᠤᠯᠪᠠ᠃ | ᠥᠩᠭᠡᠷᠡᠭᠰᠡᠨ ᠳᠤ ᠰᠢᠨᠵᠢᠶᠠᠩ ᠳᠤ ᠣᠷᠣᠬᠤ ᠡᠳ᠋ ᠪᠣᠳᠠᠰ ᠤᠨ ᠵᠥᠭᠡᠭᠡᠪᠦᠷᠢᠯᠡᠯᠲᠡ ᠶᠢᠨ ᠲᠡᠮᠦᠷ ᠵᠠᠮ ᠨᠢ ᠭᠠᠭᠴᠠ ᠬᠦ | ᠯᠠᠨᠵᠧᠦ — ᠰᠢᠨᠵᠢᠶᠠᠩ ᠤᠨ ᠬᠤᠭᠤᠷᠣᠨᠳᠤᠬᠢ ᠨᠢᠭᠡᠯᠬᠡᠨ ᠵᠤᠷᠪᠤᠰ ᠵᠠᠮ ᠲᠠᠢ ᠪᠠᠶᠢᠵᠠᠢ᠂ ᠬᠡᠷᠪᠡ ᠡᠵᠡᠨ᠎ᠡ — | ᠠᠯᠠᠱᠠ ᠶᠢᠨ ᠲᠡᠮᠦᠷ ᠵᠠᠮ ᠨᠡᠪᠲᠡᠷᠡᠪᠡᠯ᠂ ᠰᠢᠨᠵᠢᠶᠠᠩ ᠠᠴᠠ ᠤᠮᠠᠷᠠᠲᠤ ᠣᠷᠣᠨ ᠬᠦᠷᠬᠦ ᠲᠡᠮᠦᠷ ᠵᠠᠮ ᠤᠨ | ᠵᠥᠭᠡᠭᠡᠪᠦᠷᠢᠯᠡᠯᠲᠡ ᠶᠢᠨ ᠵᠠᠢ ᠶᠢ ᠶᠡᠬᠡᠬᠡᠨ ᠪᠣᠭᠤᠨᠢᠰᠬᠠᠵᠤ᠂ ᠥᠩᠭᠡᠷᠡᠭᠰᠡᠨ ᠤ ᠪᠤᠭᠤᠲᠤ — ᠯᠠᠨᠵᠧᠦ᠂ ᠯᠠᠨᠵᠧᠦ — | ᠰᠢᠨᠵᠢᠶᠠᠩ ᠤᠨ ᠲᠡᠮᠦᠷ ᠵᠠᠮ ᠠᠴᠠ ᠪᠠᠷᠤᠭ 760 ᠺᠢᠯᠣᠮᠧᠲᠷ ᠣᠶᠢᠷ᠎ᠠ ᠪᠣᠯᠵᠤ᠂ ᠯᠠᠨᠵᠧᠦ — ᠰᠢᠨᠵᠢᠶᠠᠩ᠂ ᠭᠠᠨ | ᠦᠥ ︵ᠭᠠᠨ ᠲᠠᠩ — ᠦᠸᠧᠢ︶᠂ ᠪᠤᠭᠤᠲᠤ — ᠯᠠᠨᠵᠧᠦ ᠬᠦᠷᠬᠦ ᠲᠡᠮᠦᠷ ᠵᠠᠮ ᠤᠨ ᠠᠶᠠᠯᠠᠯ ᠠᠴᠠ ᠪᠠᠷᠤᠭ 410 | ᠺᠢᠯᠣᠮᠧᠲᠷ ᠳᠤᠲᠠᠭᠤ ᠠᠶᠠᠯᠬᠤ ᠪᠣᠯᠵᠤ᠂ ᠵᠥᠭᠡᠭᠡᠪᠦᠷᠢᠯᠡᠯᠲᠡ ᠶᠢᠨ ᠥᠷᠲᠡᠭ ᠢ ᠶᠡᠭᠡ ᠬᠡᠮᠵᠢᠶ᠎ᠡ ᠪᠠᠷ ᠠᠷᠪᠢᠯᠠᠵᠤ᠂ | ᠵᠥᠭᠡᠭᠡᠪᠦᠷᠢᠯᠡᠬᠦ ᠪᠦᠲᠦᠮᠵᠢ ᠶᠢ ᠳᠡᠭᠡᠭᠰᠢᠯᠡᠭᠦᠯᠵᠦ᠂ ᠪᠠᠷᠠᠭᠤᠨ ᠬᠤᠶᠢᠲᠤ ᠶᠢᠨ ᠲᠡᠮᠦᠷ ᠵᠠᠮ ᠤᠨ ᠨᠡᠩ ᠳᠥᠭᠦᠮ | ᠨᠡᠪᠲᠡᠷᠡᠬᠦ ᠵᠠᠮ ᠢ ᠪᠦᠷᠢᠯᠳᠦᠭᠦᠯᠵᠡᠢ᠃ ᠲᠡᠦᠬᠡᠨ ᠲᠡᠮᠳᠡᠭᠯᠡᠯ ᠢ ᠦᠨᠳᠦᠰᠦᠯᠡᠪᠡᠯ ᠴᠢᠩ ᠤᠯᠤᠰ ᠤᠨ ᠪᠠᠳᠠᠷᠠᠭᠤᠯᠲᠤ | ᠲᠥᠷᠥ ᠶᠢᠨ ᠠᠩᠬᠠᠨ ᠤ ᠣᠨ ᠳᠤ ᠰᠦᠢᠶᠦᠸᠠᠨ ᠰᠢᠨᠵᠢᠶᠠᠩ ᠤᠨ ᠬᠤᠭᠤᠷᠣᠨᠳᠤᠬᠢ ᠲᠡᠮᠡᠭᠡᠨ ᠵᠢᠩ ᠤᠨ ᠵᠠᠮ ᠡᠬᠢᠯᠡᠨ | ᠪᠠᠳᠠᠷᠠᠵᠤ ᠬᠥᠭᠵᠢᠵᠡᠢ᠃ ᠬᠦᠬᠡᠬᠤᠲᠠ ᠠᠴᠠ ᠡᠬᠢᠯᠡᠨ ᠠᠯᠠᠱᠠ ᠶᠢ ᠳᠠᠭᠠᠷᠢᠵᠤ ᠭᠠᠨᠰᠤ ᠶᠢᠨ ᠰᠦᠪᠸᠢ ᠰᠢᠶᠠᠨ ᠤ ᠳᠡᠯ | ᠳᠠᠮᠵᠢᠨ ᠰᠢᠨᠵᠢᠶᠠᠩ ᠤᠨ ᠦᠷᠦᠮᠴᠢ ᠳᠤ ᠬᠦᠷᠳᠡᠭ ᠪᠠᠶᠢᠪᠠ᠂ ᠡᠨᠡ ᠨᠢ ᠲᠢᠶᠠᠨᠵᠢᠨ ᠤ ᠠᠷᠠᠯᠵᠢᠶᠠᠴᠢᠳ ᠴᠢᠩ ᠤᠨ | ᠴᠡᠷᠢᠭ ᠢ ᠰᠢᠨᠵᠢᠶᠠᠩ ᠣᠷᠣᠲᠠᠯ᠎ᠠ ᠮᠥᠷᠳᠡᠨ ᠳᠠᠭᠠᠵᠤ ᠪᠠᠶᠢᠭᠠᠳ ᠨᠡᠪᠲᠡᠷᠡᠭᠦᠯᠦᠭᠰᠡᠨ ᠠᠷᠠᠯᠵᠢᠶᠠᠨ ᠤ ᠲᠡᠮᠡᠭᠡᠨ | ᠵᠢᠩ ᠤᠨ ᠵᠠᠮ ᠪᠣᠯᠣᠨ᠎ᠠ᠃ ᠰᠦᠢᠶᠦᠸᠠᠨ ᠰᠢᠨᠵᠢᠶᠠᠩ ᠤᠨ ᠲᠡᠮᠡᠭᠡᠨ ᠵᠢᠩ ᠤᠨ ᠵᠠᠮ ᠨᠢ ᠪᠠᠷᠠᠭᠤᠨᠰᠢ ᠪᠠᠨ | ᠺᠠᠽᠠᠭᠰᠲ᠋ᠠᠠ ᠲᠠᠢ ᠵᠠᠯᠭᠠᠯᠳᠤᠵᠤ᠂ ᠳᠤᠮᠳᠠᠳᠤ ᠠᠽᠢᠶ᠎ᠠ ᠨᠡᠩ ᠴᠢᠨᠠᠭᠰᠢᠯᠠᠨ ᠪᠠᠷᠠᠭᠤᠨ ᠡᠸᠦ᠋ᠷᠦᠫᠡ ᠬᠦᠷᠴᠦ᠂ ᠵᠡᠭᠦᠨᠰᠢ | ᠪᠠᠨ ᠪᠡᠭᠡᠵᠢᠩ ᠲᠢᠶᠠᠨᠵᠢᠨ ᠬᠦᠷᠴᠦ᠂ ︽ᠲᠠᠯ᠎ᠠ ᠨᠣᠲᠤᠭ ᠤᠨ ᠲᠤᠷᠭᠠᠨ ᠵᠠᠮ ᠤᠨ ᠤᠮᠠᠷᠠᠲᠤ ᠵᠠᠮ︾ ᠬᠡᠮᠡᠨ | ᠨᠡᠷᠡᠯᠡᠭᠳᠡᠵᠡᠢ᠃ ᠥᠨᠥᠳᠥᠷ ᠤᠨ ᠡᠵᠡᠨ᠎ᠡ — ᠬᠠᠮᠢ ᠶᠢᠨ ᠲᠡᠮᠦᠷ ᠵᠠᠮ ᠦᠨᠳᠦᠰᠦᠨ ᠳᠡᠭᠡᠷ᠎ᠡ ᠪᠠᠨ ᠲᠤᠬᠠᠢ ᠶᠢᠨ | ᠦᠶ᠎ᠡ ᠶᠢᠨ ᠰᠦᠢᠶᠦᠸᠠᠨ ᠰᠢᠨᠵᠢᠶᠠᠩ ᠤᠨ ᠲᠡᠮᠡᠭᠡᠨ ᠵᠢᠩ ᠤᠨ ᠵᠠᠮ ᠳᠠᠭᠠᠤ ᠵᠠᠰᠠᠵᠠᠢ᠃ ᠣᠶᠢᠯᠠᠭᠠᠭᠰᠠᠨ ᠢᠶᠠᠷ᠂ ᠲᠤᠰ | ᠬᠡᠰᠡᠭ ᠤᠨ ᠲᠡᠮᠦᠷ ᠵᠠᠮ ᠨᠢ ᠤᠯᠤᠰ ᠤᠨ ᠳᠤᠮᠳᠠ ᠤᠷᠲᠤ ᠬᠤᠭᠤᠴᠠᠭᠠᠨ ᠤ ᠲᠡᠮᠦᠷ ᠵᠠᠮ ᠤᠨ ᠲᠣᠣᠷ ᠤᠨ | ᠲᠥᠯᠥᠪᠵᠢᠭᠦᠯᠭᠡ ᠶᠢᠨ ᠣᠷᠣᠨ ᠤ ᠬᠤᠭᠤᠷᠣᠨᠳᠤᠬᠢ ᠭᠤᠣᠯ ᠱᠤᠭᠤᠮ ᠪᠣᠯᠣᠨ᠎ᠠ᠃ ︽ᠲᠣᠷᠭᠠᠨ ᠵᠠᠮ ᠤᠨ ᠠᠵᠤ | ᠠᠬᠤᠢ ᠶᠢᠨ ᠪᠦᠰᠡ︾ ᠶᠢᠨ ᠳᠤᠮᠳᠠ ᠬᠡᠰᠡᠭ ᠤᠨ ᠤᠮᠠᠷᠠᠰᠢ ᠨᠡᠪᠲᠡᠷᠡᠬᠦ ᠭᠤᠣᠯ ᠵᠠᠮ ᠱᠤᠭᠤᠮ ᠪᠣᠯᠬᠤᠷ᠂ ᠲᠡᠭᠦᠨ ᠤ | ᠪᠠᠶᠢᠭᠤᠯᠤᠭᠳᠠᠵᠤ ᠠᠰᠢᠭᠯᠠᠯᠲᠠ ᠳᠤ ᠣᠷᠣᠭᠰᠠᠨ ᠨᠢ᠂ ᠮᠠᠨ ᠤ ᠣᠷᠣᠨ ᠤ ᠪᠠᠷᠠᠭᠤᠨ ᠣᠷᠣᠨ ᠤ ᠵᠠᠮ ᠲᠣᠣᠷ ᠤᠨ | ᠪᠦᠲᠦᠴᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠡᠭᠦᠨ ᠪᠠᠷᠠᠭᠤᠨ ᠢ ᠨᠡᠪᠲᠡᠷᠡᠭᠦᠯᠵᠦ᠂ ᠲᠢᠶᠠᠨᠵᠢᠨ ᠭᠠᠷᠠᠮ | ᠪᠣᠯᠣᠨ ᠠᠯᠠᠱᠠ ᠪᠣᠭᠤᠮᠲᠠ ᠶᠢ ᠬᠤᠯᠪᠣᠬᠤ ᠲᠡᠮᠦᠷ ᠵᠠᠮ ᠪᠣᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠴᠢᠬᠤᠯᠠ ᠪᠠᠶᠢᠯᠳᠤᠬᠤ ᠪᠣᠳᠣᠯᠭ᠎ᠠ ᠶᠢ ᠬᠤᠣᠰᠯᠠᠭᠰᠠᠨ ᠴᠢᠳᠠᠪᠬᠢ ᠲᠠᠢ ᠶᠤᠮ᠃ ᠡᠶᠢᠮᠦ ᠠᠴᠠ᠂ ᠲᠠᠯ᠎ᠠ ᠨᠤᠲᠤᠭ ᠤᠨ | ᠲᠣᠷᠭᠠᠨ ᠵᠠᠮ ᠰᠡᠷᠭᠦᠨ ᠮᠠᠨᠳᠤᠬᠤ ᠦᠶ᠎ᠡ ᠳᠤ ᠣᠷᠣᠵᠣ᠂ ᠮᠠᠨ ᠤ ᠤᠯᠤᠰ ᠤᠨ ᠪᠠᠷᠠᠭᠤᠨ ᠬᠤᠶᠢᠲᠤ ᠶᠢᠨ ᠲᠡᠮᠦᠷ | ᠵᠠᠮ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠨᠢᠭᠡᠨ ᠬᠠᠭᠤᠳᠠᠰᠤ ᠶᠢ ᠰᠡᠬᠦᠭᠰᠡᠨ ᠪᠠᠶᠢᠨ᠎ᠠ᠃ |