ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠨᠤᠭᠤᠳ ᠤᠨ ᠰᠢᠯᠭᠠᠯᠲᠠ ᠦᠨᠦᠳᠦᠷ ᠠᠴᠠ ᠡᠬᠢᠯᠡᠵᠦ ᠨᠡᠷ᠎ᠡ ᠮᠡᠳᠡᠭᠦᠯᠦᠨ᠎ᠡ  2016 ᠣᠨ ᠤ ᠳᠡᠭᠡᠳᠦ ᠰᠤᠷᠭᠠᠭᠤᠯᠢ ᠨᠤᠭᠤᠳ ᠤᠨ ᠰᠢᠯᠭᠠᠯᠲᠠ ᠳᠤ ᠨᠥᠬᠦᠵᠦ ᠨᠡᠷ᠎ᠡ ᠮᠡᠳᠡᠭᠦᠯᠵᠦ ᠪᠣᠯᠬᠤ ᠦᠭᠡᠢ
ᠨᠡᠶᠢᠲᠡᠯᠡᠭᠰᠡᠨ ᠴᠠᠭ᠄
2015/12/2
     12 ᠳ᠋ᠤᠭᠠᠷ ᠰᠠᠷ᠎ᠠ ᠶᠢᠨ 1᠎ ᠤ ᠡᠳᠦᠷ 2016 ᠣᠨ ᠤ ᠳᠡᠭᠡᠳᠦ ᠰᠤᠷᠭᠠᠭᠤᠯᠢ ᠨᠤᠭᠤᠳ ᠤᠨ ᠰᠢᠯᠭᠠᠯᠲᠠ ᠡᠬᠢᠯᠡᠵᠦ ᠨᠡᠷ᠎ᠡ ᠮᠡᠳᠡᠭᠦᠯᠪᠡ᠂ ᠪᠣᠳᠠᠲᠠᠢ ᠴᠠᠭ ᠨᠢ 12 ᠳ᠋ᠤᠭᠠᠷ ᠰᠠᠷ᠎ᠠ ᠶᠢᠨ 1᠎ ᠤ ᠡᠳᠦᠷ ᠤᠨ 8 ᠴᠠᠭ 30 ᠮᠢᠨᠦ᠋ᠲ ᠠᠴᠠ 12 ᠰᠠᠷ᠎ᠠ ᠶᠢᠨ12᠎ ᠤᠨ ᠡᠳᠦᠷ ᠤᠨ 18 ᠴᠠᠭ ᠪᠣᠯᠣᠨ᠎ᠠ᠃ ᠪᠣᠢ ᠪᠦᠬᠦᠢ ᠰᠤᠷᠤᠭᠴᠢᠳ ᠲᠣᠭᠲᠠᠭᠰᠠᠨ ᠴᠠᠭ ᠤᠨ ᠳᠣᠲᠣᠷ᠎ᠠ ᠰᠦᠯᠵᠢᠶᠡᠨ ᠳᠡᠭᠡᠷ᠎ᠡ ᠤᠷᠢᠳᠴᠢᠯᠠᠨ ᠨᠡᠷ᠎ᠡ ᠮᠡᠳᠡᠭᠦᠯᠬᠦ᠂ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ ᠪᠠ ᠲᠤᠬᠠᠢ ᠶᠢᠨ ᠲᠠᠯᠠᠪᠠᠢ ᠳᠤ ᠨᠤᠲᠠᠯᠠᠬᠤ ᠵᠡᠷᠭᠡ ᠭᠠᠷᠳᠠᠮ ᠢ ᠬᠢᠵᠦ ᠳᠠᠭᠤᠰᠬᠠᠬᠤ ᠬᠡᠷᠡᠭᠲᠡᠢ ᠃ 2016 ᠣᠨ ᠤ ᠳᠡᠭᠡᠳᠦ ᠰᠤᠷᠭᠠᠭᠤᠯᠢ ᠨᠤᠭᠤᠳ ᠤᠨ ᠰᠢᠯᠭᠠᠯᠲᠠ ᠳᠤ ᠨᠥᠬᠦᠵᠦ ᠨᠡᠷ᠎ᠡ ᠮᠡᠳᠡᠭᠦᠯᠬᠦ ᠦᠭᠡᠢ᠃ ᠨᠥᠬᠦᠴᠡᠯ ᠳᠤ ᠨᠡᠶᠢᠴᠡᠬᠦ ᠡᠨᠡ ᠵᠢᠯ ᠤᠨ ᠲᠡᠭᠦᠰᠬᠦ ᠰᠤᠷᠤᠭᠴᠢᠳ ᠰᠤᠷᠤᠯᠴᠠᠵᠤ ᠪᠠᠶᠢᠭ᠎ᠠ ᠰᠤᠷᠭᠠᠭᠤᠯᠢ ᠳᠤ ᠪᠠᠨ ᠲᠤᠬᠠᠢ ᠶᠢᠨ ᠲᠠᠯᠠᠪᠠᠢ ᠳᠤ ᠨᠤᠲᠠᠯᠠᠯᠲᠠ ᠬᠢᠵᠦ᠂ ᠪᠣᠰᠣᠳ ᠰᠢᠯᠭᠠᠭᠤᠯᠤᠭᠰᠠᠳ ᠬᠤᠰᠢᠭᠤ ︵ᠰᠢᠶᠠᠨ᠂ ᠬᠤᠲᠠ᠂ ᠲᠤᠭᠤᠷᠢᠭ︶᠎ ᠶᠢᠨ ᠢᠶᠠᠨ ᠰᠤᠷᠤᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠶᠢᠨ ᠲᠤᠬᠠᠢ ᠶᠢᠨ ᠲᠠᠯᠠᠪᠠᠢ ᠳᠤ ᠨᠤᠲᠠᠯᠠᠯᠲᠠ ᠬᠢᠯᠭᠡᠨ᠎ᠡ᠃      ᠰᠢᠯᠭᠠᠭᠤᠯᠤᠭᠰᠠᠳ ᠡᠷᠦᠭᠡ ᠠᠮᠠ ᠶᠢᠨ ᠳᠠᠩᠰᠠ ᠨᠢ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠰᠤᠷᠤᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠳᠤ ᠨᠡᠷ᠎ᠡ ᠮᠡᠳᠡᠭᠦᠯᠦᠨ᠎ᠡ᠃ ᠣᠷᠣᠨ ᠤ ᠭᠠᠳᠠᠨ᠎ᠠ ᠬᠦᠴᠦ ᠶᠠᠪᠤᠭᠰᠠᠳ ᠤᠨ ᠦᠷ᠎ᠡ ᠬᠡᠦᠭᠡᠳ᠂ ᠠᠪᠤ ᠡᠵᠢ ᠶᠢᠨ ᠢᠶᠠᠨ ᠰᠠᠭᠤᠭ᠎ᠠ ᠭᠠᠵᠠᠷ ᠤᠨ ᠬᠤᠰᠢᠭᠤ ᠰᠢᠶᠠᠨ ᠳᠤ ᠨᠡᠷ᠎ᠡ ᠮᠡᠳᠡᠭᠦᠯᠦᠨ᠎ᠡ᠃      5 ᠲᠦᠷᠦᠯ ᠤᠨ ᠰᠢᠯᠭᠠᠭᠤᠯᠤᠭᠰᠠᠳ ᠰᠤᠷᠤᠯᠴᠠᠵᠤ ᠪᠠᠶᠢᠭ᠎ᠠ ᠰᠤᠷᠭᠠᠭᠤᠯᠢ ᠶᠢᠨ ᠢᠶᠠᠨ ᠬᠤᠰᠢᠭᠤ ᠰᠢᠶᠠᠨ ᠳᠤ ᠨᠡᠷ᠎ᠡ ᠮᠡᠳᠡᠭᠦᠯᠦᠨ᠎ᠡ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ ᠤᠨ ᠵᠥᠪᠰᠢᠶᠡᠷᠡᠭᠰᠡᠨ ᠰᠤᠷᠤᠭᠴᠢ ᠡᠯᠰᠡᠬᠦ ᠬᠦᠷᠢᠶ᠎ᠡ ᠬᠡᠪᠴᠢᠶᠡᠨ ᠳᠠᠬᠢ ᠠᠶᠢᠮᠠᠭ ᠬᠤᠲᠠ ᠠᠯᠤᠰᠯᠠᠨ ᠡᠯᠰᠡᠭᠰᠡᠨ ᠬᠤᠩ ᡁᠢ ᠠᠩᠭᠢ ᠶᠢᠨ ᠲᠡᠭᠦᠰᠬᠦ ᠰᠤᠷᠤᠭᠴᠢ︔ ᠠᠶᠢᠮᠠᠭ ᠬᠤᠲᠠ ᠶᠢᠨ ᠰᠢᠭᠤᠳ ᠬᠠᠷᠢᠶ᠎ᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠤᠰ ᠠᠶᠢᠮᠠᠭ ᠬᠤᠲᠠ ᠶᠢᠨ ᠡᠷᠦᠬᠡ ᠠᠮᠠ ᠶᠢᠨ ᠳᠠᠩᠰᠠᠨ ᠲᠠᠢ ᠲᠡᠭᠦᠰᠬᠦ ᠰᠤᠷᠤᠭᠴᠢ︔ ᠮᠣᠩᠭᠤᠯ ᠢᠶᠠᠷ ᠬᠢᠴᠢᠶᠡᠯᠯᠡᠵᠦ ᠪᠠᠶᠢᠭ᠎ᠠ ᠡᠯ᠎ᠡ ᠬᠢᠴᠢᠶᠡᠯ ᠲᠦᠷᠦᠯ ᠤᠨ ᠲᠡᠭᠦᠰᠬᠦ ᠰᠤᠷᠤᠭᠴᠢ︔ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠢᠰᠲ᠋ᠧᠮ ᠢᠶᠠᠷ ᠡᠯᠰᠡᠭᠰᠡᠨ ᠳᠣᠮᠳᠠᠳᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠲᠡᠭᠦᠰᠬᠦ ᠰᠤᠷᠤᠭᠴᠢ︔ ᠲᠠᠪᠤᠨ ᠵᠢᠯ ᠤᠨ ᠳᠦᠷᠢᠮᠲᠦ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠭᠤᠷᠪᠠ ᠬᠤᠶᠠᠷ ᠬᠤᠪᠢᠶᠠᠷᠢ ᠶᠢᠨ ᠲᠡᠭᠦᠰᠬᠦ ᠰᠤᠷᠤᠭᠴᠢ᠃      4 ᠲᠥᠷᠥᠯ ᠤᠨ ᠰᠢᠯᠭᠠᠭᠤᠯᠤᠭᠰᠠᠨ ᠠᠶᠢᠮᠠᠭ ᠬᠤᠲᠠ ᠶᠢᠨ ᠰᠤᠷᠤᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠶᠢᠨ ᠲᠣᠭᠲᠠᠭᠰᠠᠨ ᠭᠠᠵᠠᠷ ᠨᠡᠷ᠎ᠡ ᠮᠡᠳᠡᠭᠦᠯᠦᠨ᠎ᠡ᠄ ᠮᠣᠩᠭᠤᠯ ᠢᠶᠠᠷ ᠬᠢᠴᠢᠶᠡᠯᠯᠡᠵᠦ ᠪᠠᠶᠢᠭ᠎ᠠ ᠥᠩᠭᠡᠷᠡᠭᠰᠡᠨ ᠳᠤ ᠲᠡᠭᠦᠰᠦᠭᠰᠡᠨ ᠰᠤᠷᠤᠭᠴᠢ︔ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠢᠰᠲ᠋ᠧᠮ ᠢᠶᠠᠷ ᠡᠯᠰᠡᠭᠰᠡᠨ ᠳᠣᠮᠳᠠᠳᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠥᠩᠭᠡᠷᠡᠭᠰᠡᠨ ᠤ ᠲᠡᠭᠦᠰᠦᠭᠰᠡᠨ ᠰᠤᠷᠤᠭᠴᠢ︔ ᠬᠢᠲᠠᠳ ᠢᠶᠠᠷ ᠬᠢᠴᠢᠶᠡᠯᠯᠡᠵᠦ ᠪᠠᠶᠢᠭ᠎ᠠ ᠮᠣᠩᠭᠤᠯ ᠬᠡᠯᠡ ᠨᠡᠮᠡᠨ ᠰᠤᠷᠤᠭᠰᠠᠨ ᠬᠥᠬᠡᠭᠴᠢᠨ ᠳᠡᠰ ᠤᠨ ᠥᠩᠭᠡᠷᠡᠭᠰᠡᠨ ᠤ ᠲᠡᠭᠦᠰᠦᠭᠰᠡᠨ ᠪᠠ ᠲᠡᠭᠦᠰᠬᠦ ᠰᠤᠷᠤᠭᠴᠢ︔ ᠭᠠᠳᠠᠭᠠᠳᠤ ᠬᠡᠯᠡᠨ ᠤ ᠰᠢᠯᠭᠠᠯᠲᠠ ᠨᠢ ᠶᠠᠫᠤᠨ ᠬᠡᠯᠡ ᠪᠣᠶᠣ ᠣᠷᠣᠰ ᠬᠡᠯᠡ ᠪᠣᠯᠬᠤ ᠰᠢᠯᠭᠠᠭᠤᠯᠤᠭᠰᠠᠳ᠃ ᠰᠣᠯᠣᠩᠭᠤᠰ ᠬᠡᠯᠡ ᠪᠠᠷ ᠬᠢᠴᠢᠶᠡᠯᠯᠡᠬᠦ ᠰᠢᠯᠭᠠᠭᠤᠯᠤᠭᠰᠠᠳ ᠤᠯᠠᠭᠠᠨᠬᠤᠲᠠ ᠳᠤ ᠨᠢᠭᠡᠳᠦᠯᠲᠡᠢ ᠨᠡᠷ᠎ᠡ ᠮᠡᠳᠡᠭᠦᠯᠦᠨ᠎ᠡ᠂ ᠨᠡᠷ᠎ᠡ ᠮᠡᠳᠡᠭᠦᠯᠬᠦ ᠬᠡᠯᠪᠡᠷᠢ ᠨᠢ ᠰᠦᠯᠵᠢᠶᠡᠨ ᠳᠡᠭᠡᠷ᠎ᠡ ᠮᠡᠳᠡᠭᠦᠯᠦᠨ᠎ᠡ᠂ ᠪᠤᠲᠠᠳᠠᠢ ᠠᠵᠢᠯ ᠢᠶᠠᠨ ︽2016 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠳᠡᠭᠡᠳᠦ ᠰᠤᠷᠭᠠᠭᠤᠯᠢ ᠨᠤᠭᠤᠳ ᠤᠨ ᠰᠤᠷᠤᠭᠴᠢ ᠡᠯᠰᠡᠬᠦ ᠨᠡᠷ᠎ᠡ ᠮᠡᠳᠡᠭᠦᠯᠬᠦ ᠮᠡᠳᠡᠭᠡ ᠵᠠᠩᠭᠢ ᠴᠤᠭᠯᠠᠭᠤᠯᠬᠤ ᠠᠷᠭ᠎ᠠ︾ ᠶᠤᠰᠤᠭᠠᠷ ᠭᠦᠢᠴᠡᠳᠬᠡᠭᠡᠷᠡᠢ᠃      ᠳᠡᠭᠡᠷᠡᠬᠢ ᠪᠠᠶᠢᠳᠠᠯ ᠠᠴᠠ ᠭᠠᠳᠠᠨ᠎ᠠ᠂ ᠠᠶᠢᠮᠠᠭ᠂ ᠬᠤᠰᠢᠭᠤ ᠠᠯᠤᠰᠯᠠᠨ ᠨᠡᠷ᠎ᠡ ᠮᠡᠳᠡᠭᠦᠯᠵᠦ ᠪᠣᠯᠬᠤ ᠦᠭᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号