ᠬᠥᠬᠡᠬᠤᠲᠠ ᠶᠢᠨ ᠡᠪᠦᠯ ᠤᠨ ᠤᠯᠠᠷᠢᠯ ᠤᠨ ᠶᠡᠭᠡ ᠬᠡᠪᠴᠢᠶᠡᠨ ᠤ ᠴᠢᠳᠠᠪᠤᠷᠢᠲᠠᠨ ᠡᠯᠰᠡᠬᠦ ᠬᠤᠷᠠᠯ ᠥᠨᠳᠥᠷᠯᠡᠪᠡ
ᠨᠡᠶᠢᠲᠡᠯᠡᠭᠰᠡᠨ ᠴᠠᠭ᠄
2015/12/21
     12 ᠳ᠋ᠤᠭᠠᠷ ᠰᠠᠷ᠎ᠠ ᠶᠢᠨ 19᠎ ᠤ ᠡᠳᠦᠷ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ ᠠᠴᠠ ᠭᠤᠣᠯᠯᠠᠨ ᠡᠷᠬᠢᠯᠡᠵᠦ᠂ ᠬᠤᠲᠠ ᠶᠢᠨ ᠴᠢᠳᠠᠪᠤᠷᠢᠲᠠᠨ ᠤ ᠦᠢᠯᠡᠴᠢᠯᠡᠭᠡᠨ ᠤ ᠲᠥᠪ᠂ ᠥᠪᠥᠷ ᠮᠣᠩᠭᠤᠯ ᠤᠨ ᠲᠢᠶᠠᠨ ᠢᠦᠢ ᠬᠥᠮᠥᠨ ᠤ ᠬᠦᠴᠦᠨ ᠤ ᠡᠬᠢ ᠪᠠᠶᠠᠯᠢᠭ ᠤᠨ ᠨᠡᠭᠡᠭᠡᠯᠲᠡ ᠶᠢᠨ ︵ᠪᠦᠯᠦᠭᠯᠡᠯ︶ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠢᠲᠡᠭᠡᠮᠵᠢ ᠶᠢᠨ ᠬᠤᠳᠠᠯᠳᠤᠭᠠᠴᠢᠳ ᠤᠨ ᠡᠪᠯᠡᠯ᠂ 58 ᠲᠤᠩ ᠴᠧᠩ ᠠᠴᠠ ᠬᠠᠮᠲᠤᠷᠠᠨ ᠡᠷᠬᠢᠯᠡᠭᠰᠡᠨ ︽ᠬᠥᠬᠡᠬᠤᠲᠠ ᠶᠢᠨ ᠡᠪᠦᠯ ᠤᠨ ᠤᠯᠠᠷᠢᠯ ᠤᠨ ᠶᠡᠭᠡ ᠬᠡᠪᠴᠢᠶᠡᠨ ᠤ ᠴᠢᠳᠠᠪᠤᠷᠢᠲᠠᠨ ᠡᠯᠰᠡᠬᠦ ᠬᠤᠷᠠᠯ ᠵᠢᠴᠢ ᠠᠷᠪᠠᠨ ᠨᠠᠢᠮᠠᠳᠤᠭᠠᠷ ᠬᠤᠭᠤᠴᠠᠭᠠᠨ ᠤ ︿ᠴᠢᠳᠠᠪᠤᠷᠢᠲᠠᠨ ᠬᠤᠷᠠᠭᠰᠠᠨ ᠬᠥᠬᠡ ᠬᠤᠲᠠ﹀ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ ᠵᠥᠪᠳᠡᠯᠴᠡᠬᠦ ᠬᠤᠷᠠᠯ︾ ᠥᠪᠥᠷ ᠮᠣᠩᠭᠤᠯ ᠤᠨ ᠤᠯᠠᠨ ᠤᠯᠤᠰ ᠤᠨ ᠦᠵᠡᠰᠬᠦᠯᠡᠩ ᠤᠨ ᠲᠥᠪ ᠲᠤ ᠥᠨᠳᠥᠷᠯᠡᠪᠡ᠃ ᠣᠶᠢᠯᠭᠠᠭᠰᠠᠨ ᠢᠶᠠᠷ᠂ ᠲᠤᠰ ᠣᠳᠠᠭᠠᠨ ᠤ ᠴᠢᠳᠠᠪᠤᠷᠢᠲᠠᠨ ᠡᠯᠰᠡᠬᠦ ᠬᠤᠷᠠᠯ ᠨᠢ 2015 ᠣᠨ ᠤ ᠬᠠᠮᠤᠭ ᠰᠡᠭᠦᠯᠴᠢ ᠶᠢᠨ ᠲᠠᠯᠠᠪᠠᠢ ᠴᠢᠳᠠᠪᠤᠷᠢᠲᠠᠨ ᠤ ᠰᠣᠯᠢᠯᠴᠠᠭᠠᠨ ᠤ ᠬᠤᠷᠠᠯ ᠪᠣᠯᠣᠨ᠎ᠠ᠂ ᠨᠡᠶᠢᠲᠡ 240 ᠠᠵᠤ ᠠᠬᠤᠶᠢᠯᠠᠯ ᠬᠤᠷᠠᠯ ᠳᠤ ᠣᠷᠣᠯᠴᠠᠵᠤ᠂ 8246 ᠠᠵᠢᠯ ᠤᠨ ᠪᠠᠶᠢᠷᠢ ᠬᠠᠩᠭᠠᠵᠤ᠂ ᠲᠠᠯᠠᠪᠠᠢ ᠳᠤ ᠣᠴᠢᠵᠤ ᠠᠵᠢᠯ ᠬᠠᠶᠢᠭᠴᠢ 2 ᠲᠦᠮᠡ ᠭᠠᠷᠤᠢ ᠬᠥᠮᠥᠨ ᠤᠳᠠᠭ᠎ᠠ ᠬᠦᠷᠴᠦ᠂ ᠠᠵᠢᠯ ᠣᠯᠭᠤᠯᠲᠠ ᠶᠢᠨ ᠪᠦᠲᠦᠭᠰᠡᠨ ᠨᠤᠷᠮ᠎ᠠ ᠨᠢ 27%᠎ ᠳᠤ ᠬᠦᠷᠪᠡ᠃ ᠡᠭᠦᠨ ᠳᠤ᠂ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠠᠵᠢᠯ ᠤᠨ ᠪᠠᠶᠢᠷᠢ 36%᠎ ᠶᠢ ᠡᠵᠡᠯᠡᠵᠦ᠂ ᠳᠤᠮᠳᠠ ᠵᠢᠵᠢᠭ ᠬᠡᠯᠪᠡᠷᠢ ᠶᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠨᠢ ᠮᠥᠨ ᠬᠦ ᠶᠡᠭᠡ ᠳᠤᠮᠳᠠ ᠲᠣᠰᠬᠠᠢ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠢ ᠬᠦᠯᠢᠶᠡᠨ ᠠᠪᠬᠤ ᠭᠤᠣᠯ ᠹᠷᠦᠨᠲ ᠪᠤᠯᠤᠭᠰᠠᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号