ᠠᠯᠠᠱᠠ ᠨᠡᠬᠡᠬᠡᠯᠲᠡ ᠶᠢᠨ ᠤᠷᠤᠨ ᠭᠤᠷᠪᠠᠨ ᠵᠦᠢᠯ ᠤᠨ ᠠᠷᠭ᠎ᠠ ᠬᠡᠮᠵᠢᠶ᠎ᠡ ᠠᠪᠴᠤ ᠡᠶ᠎ᠡ ᠵᠣᠬᠢᠴᠠᠩᠭᠤᠢ ᠠᠭᠤᠷᠬᠠᠢ ᠶᠢᠨ ᠤᠷᠤᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2015/12/21
      ᠠᠯᠠᠱᠠ ᠨᠡᠬᠡᠬᠡᠯᠲᠡ ᠶᠢᠨ ᠤᠷᠤᠨ ᠤᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠡᠶ᠎ᠡ ᠵᠣᠬᠢᠴᠠᠩᠭᠤᠢ ᠠᠭᠤᠷᠬᠠᠢ ᠶᠢᠨ ᠤᠷᠤᠨ ᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠪᠣᠳᠠᠲᠤ ᠦᠷ᠎ᠡ ᠪᠦᠲᠦᠮᠵᠢ ᠣᠯᠪᠠ᠃      ᠨᠢᠭᠡ ᠳᠤ ᠠᠭᠤᠷᠬᠠᠢ ᠶᠢᠨ ᠤᠷᠤᠨ ᠤ ᠬᠢᠨᠠᠯᠲᠠ ᠬᠠᠮᠢᠶᠠᠷᠤᠯᠲᠠ ᠶᠢᠨ ᠤᠷᠳᠤ ᠬᠤᠭᠤᠴᠠᠭᠠᠨ ᠤ ᠬᠦᠴᠦᠨ ᠪᠦᠬᠦᠢ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠡᠢ᠃ ᠨᠡᠬᠡᠬᠡᠯᠲᠡ ᠶᠢᠨ ᠤᠷᠤᠨ ᠨᠢ ᠠᠭᠤᠷᠬᠠᠢ ᠶᠢᠨ ᠤᠷᠤᠨ ᠤ ᠠᠮᠢ ᠠᠬᠤᠢ ᠶᠢᠨ ᠤᠷᠴᠢᠨ ᠲᠣᠭᠤᠷᠢᠨ ᠤ ᠬᠠᠮᠠᠭᠠᠯᠠᠯᠲᠠ ᠬᠢᠭᠡᠳ ᠪᠦᠲᠦᠭᠡᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠴᠢᠯᠠᠨ ᠦᠵᠡᠵᠦ᠂ ᠠᠭᠤᠷᠬᠠᠢ ᠶᠢᠨ ᠤᠷᠤᠨ ᠤ ᠣᠷᠴᠢᠨ ᠲᠣᠭᠤᠷᠢᠨ ᠤ ᠶᠡᠷᠦᠩᠬᠡᠶᠢᠯᠡᠨ ᠵᠠᠰᠠᠬᠤ ᠠᠵᠢᠯ ᠲᠠᠢ ᠤᠶᠠᠯᠳᠤᠭᠤᠯᠵᠤ᠂ ᠠᠭᠤᠷᠬᠠᠶ ᠶᠢᠨ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠲᠤᠰᠬᠠᠢ ᠰᠢᠮᠳᠠᠭᠤᠯᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠠᠭᠤᠷᠬᠠᠢ ᠶᠢᠨ ᠠᠮᠢ ᠠᠬᠤᠢ ᠶᠢᠨ ᠤᠷᠴᠢᠨ ᠲᠣᠭᠤᠷᠢᠨ ᠤ ᠬᠠᠮᠠᠭᠠᠯᠠᠯᠲᠠ ᠬᠢᠭᠡᠳ ᠪᠦᠲᠦᠭᠡᠨ ᠪᠠᠶᠢᠭᠤᠯᠤᠯᠲᠠ ᠶᠢᠨ ᠠᠵᠢᠯ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠠᠭᠤᠷᠬᠠᠢ ᠳᠠᠷᠠᠭᠠᠯᠠᠨ ᠬᠢᠨᠠᠨ ᠪᠠᠶᠢᠴᠠᠭᠠᠵᠤ᠂ ᠠᠭᠤᠷᠬᠠᠢ ᠶᠢᠨ ᠤᠷᠤᠨ ᠤ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠬᠦ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠪᠠ ᠴᠣᠬᠢᠯᠲᠠ ᠥᠭᠴᠡᠢ᠃      ᠬᠤᠶᠠᠷ ᠲᠤ ᠠᠭᠤᠷᠬᠠᠢ ᠶᠢᠨ ᠤᠷᠤᠨ ᠪᠣᠯᠤᠨ ᠤᠷᠤᠨ ᠨᠤᠲᠤᠭ ᠤᠨ ᠵᠦᠷᠢᠴᠡᠯ ᠢ ᠲᠣᠬᠢᠷᠠᠮᠵᠢᠲᠠᠢ ᠠᠷᠢᠯᠭᠠᠵᠠᠢ᠃ ᠡᠶ᠎ᠡ ᠵᠣᠬᠢᠴᠠᠩᠭᠤᠢ ᠠᠭᠤᠷᠬᠠᠢ ᠶᠢᠨ ᠤᠷᠤᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠡᠯ᠎ᠡ ᠲᠦᠷᠦᠯ ᠤᠨ ᠵᠥᠷᠢᠴᠡᠯ ᠵᠢᠭᠤᠷᠠᠯᠳᠤᠭᠠᠨ ᠢ ᠢᠳᠡᠪᠬᠢᠲᠡᠢ ᠰᠡᠷᠭᠡᠶᠢᠯᠡᠬᠦ ᠪᠠ ᠲᠣᠬᠢᠷᠠᠮᠵᠢᠲᠠᠢ ᠰᠢᠢᠳᠪᠦᠷᠢᠯᠡᠬᠦ ᠶᠢᠨ ᠲᠤᠰᠠᠳᠠ᠂ ᠨᠡᠬᠡᠬᠡᠯᠲᠡ ᠶᠢᠨ ᠤᠷᠤᠨ ᠤ ᠪᠣᠳᠠᠲᠤ ᠪᠠᠶᠢᠳᠠᠯ ᠳᠤ ᠤᠶᠠᠯᠳᠤᠭᠤᠯᠤᠨ᠂ 2012 ᠣᠨ ᠠᠴᠠ2014 ᠣᠨ ᠪᠣᠯᠲᠠᠯ᠎ᠠ ︽ᠠᠯᠠᠱᠠ ᠠᠵᠤ ᠠᠬᠤᠢ ᠶᠢᠨ ᠨᠡᠬᠡᠬᠡᠯᠲᠡ ᠶᠢᠨ ᠤᠷᠤᠨ ᠤ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠲᠣᠪᠴᠢᠶᠠᠨ ᠤ ᠠᠭᠤᠷᠬᠠᠢ ᠶᠢᠨ ᠤᠷᠤᠨ ᠪᠣᠯᠤᠨ ᠤᠷᠤᠨ ᠨᠤᠲᠤᠭ ᠤᠨ ᠵᠢᠭᠤᠷᠠᠯᠳᠤᠭᠠᠨ ᠢ ᠵᠣᠬᠢᠴᠠᠭᠤᠯᠤᠨ ᠰᠢᠢᠳᠪᠦᠷᠢᠯᠡᠬᠦ ᠲᠣᠭᠲᠠᠴᠠ ᠶᠢᠨ ᠠᠵᠢᠯ ᠤᠨ ᠲᠦᠰᠦᠯ︾᠂ ︽ᠠᠭᠤᠷᠬᠠᠢ ᠶᠢᠨ ᠤᠷᠤᠨ ᠪᠣᠯᠤᠨ ᠤᠷᠤᠨ ᠨᠤᠲᠤᠭ ᠤᠨ ᠬᠠᠷᠢᠯᠴᠠᠨ ᠬᠠᠪᠰᠤᠷᠴᠤ ᠬᠠᠷᠢᠯᠴᠠᠨ ᠲᠤᠰᠠᠯᠠᠯᠴᠠᠬᠤ ᠳᠦᠷᠢᠮ︾ ᠪᠠ ︽ᠠᠯᠠᠱᠠ ᠠᠵᠤ ᠠᠬᠤᠢ ᠶᠢᠨ ᠨᠡᠬᠡᠬᠡᠯᠲᠡ ᠶᠢᠨ ᠤᠷᠤᠨ ᠤ ᠤᠯᠤᠰ ᠤᠨ ᠭᠠᠵᠠᠷ ᠰᠢᠷᠤᠢ ᠶᠢᠨ ᠲᠣᠪᠴᠢᠶᠠᠨ ᠤ ᠠᠭᠤᠷᠬᠠᠢ ᠶᠢᠨ ᠤᠷᠤᠨ ᠤ ᠨᠡᠬᠡᠬᠡᠯᠲᠡ ᠶᠢᠨ ᠲᠦᠷᠦᠯ ᠵᠦᠢᠯ ᠤᠨ ᠨᠡᠶᠢᠭᠡᠮ ᠤᠨ ᠠᠶᠤᠯ ᠲᠦᠭᠰᠢᠭᠦᠷᠢ ᠶᠢ ᠦᠨᠡᠯᠡᠨ ᠵᠢᠱᠢᠬᠦ ᠪᠠ ᠰᠠᠨᠠᠯ ᠰᠣᠨᠣᠰᠬᠤ ᠲᠦᠷᠢᠮ︾᠎ ᠢ ᠠᠯᠬᠤᠮ ᠳᠠᠷᠠᠭᠠᠯᠠᠨ ᠲᠣᠭᠲᠠᠭᠠᠪᠠ᠃ ᠠᠭᠤᠷᠬᠠᠢ ᠶᠢᠨ ᠡᠬᠢ ᠪᠠᠶᠠᠯᠢᠭ ᠤᠨ ᠨᠡᠬᠡᠬᠡᠨ ᠠᠰᠢᠭᠯᠠᠬᠤ ᠲᠠᠯ᠎ᠠ ᠪᠠᠷ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠤᠭᠳᠠᠬᠤ ᠣᠨᠴᠠ ᠶᠡᠭᠡ ᠶᠠᠪᠤᠳᠠᠯ ᠢ ᠴᠠᠭ ᠲᠤᠬᠠᠶ ᠳᠤᠨᠢ᠂ ᠢᠯᠡ ᠲᠣᠳᠣ᠂ ᠲᠥᠪ ᠭᠤᠣᠯᠴᠢ ᠪᠠᠶᠢᠯᠭᠠᠬᠤ ᠪᠠ ᠪᠤᠰᠤᠳᠴᠢ ᠵᠠᠷᠴᠢᠮ ᠢ ᠪᠠᠷᠢᠮᠳᠠᠯᠠᠵᠤ᠂ ︽ᠠᠯᠠᠱᠠ ᠠᠵᠤ ᠠᠬᠤᠶ ᠶᠢᠨ ᠨᠡᠭᠡᠭᠡᠯᠲᠡ ᠶᠢᠨ ᠤᠷᠤᠨ ᠤ ᠡᠶ᠎ᠡ ᠵᠣᠬᠢᠴᠠᠩᠭᠤᠢ ᠠᠭᠤᠷᠬᠠᠶ ᠶᠢᠨ ᠤᠷᠤᠨ ᠢ ᠪᠦᠲᠦᠭᠡᠨ ᠪᠠᠶᠢᠭᠤᠯᠬᠤ ᠠᠵᠢᠯ ᠤᠨ ᠲᠥᠰᠦᠯ︾᠎ ᠢ ᠲᠣᠭᠲᠠᠭᠠᠵᠠᠢ᠃      ᠭᠤᠷᠪᠠ ᠳᠤ ᠵᠥᠷᠢᠴᠡᠯ ᠵᠢᠭᠤᠷᠠᠯᠳᠤᠭᠠᠨ ᠤ ᠡᠳᠦᠷ ᠲᠤᠳᠤᠮ ᠤᠨ ᠵᠢᠭᠰᠠᠭᠠᠨ ᠪᠠᠶᠢᠴᠠᠭᠠᠬᠤ ᠠᠵᠢᠯ ᠢ ᠴᠢᠬᠤᠯᠠᠴᠢᠯᠠᠵᠠᠢ᠃ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠳᠤᠮᠳᠠ ᠬᠡᠷᠪᠡ ᠠᠭᠤᠷᠬᠠᠶ ᠶᠢᠨ ᠤᠷᠤᠨ ᠪᠣᠯᠤᠨ ᠤᠷᠤᠨ ᠨᠤᠲᠤᠭ ᠤᠨ ᠵᠦᠷᠢᠴᠡᠯ᠂ ᠠᠵᠤ ᠠᠬᠤᠶᠢᠯᠠᠯ ᠪᠣᠯᠤᠨ ᠤᠷᠤᠨ ᠨᠤᠲᠤᠭ ᠤᠨ ᠵᠦᠷᠢᠴᠡᠯ ᠡᠭᠦᠰᠬᠦ ᠬᠠᠨᠳᠤᠰᠢ ᠶᠢ ᠣᠯᠵᠤ ᠮᠡᠳᠡᠪᠡᠯ᠂ ᠲᠣᠪᠴᠢᠶᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠲᠦᠷᠦᠭᠦᠯᠦᠨ᠂ ᠪᠠᠯᠭᠠᠰᠤᠨ ᠤ ᠵᠠᠰᠠᠭ ᠤᠨ ᠣᠷᠳᠣᠨ᠂ ᠭᠠᠴᠠᠭ᠎ᠠ ᠨᠡᠶᠢᠭᠡᠮ ᠲᠣᠭᠤᠷᠢᠭ ᠵᠢᠴᠢ ᠬᠤᠯᠪᠣᠭᠳᠠᠯ ᠪᠦᠬᠦᠢ ᠠᠵᠤ ᠠᠬᠤᠶᠢᠯᠠᠯ᠂ ᠬᠤᠯᠪᠣᠭᠳᠠᠯ ᠪᠦᠬᠦᠢ ᠮᠠᠯᠴᠢᠳ ᠬᠠᠮᠲᠤ ᠪᠠᠷ ᠣᠷᠤᠯᠴᠠᠨ ᠡᠶᠡᠳᠡᠭᠦᠯᠦᠨ ᠰᠢᠢᠳᠪᠦᠷᠢᠯᠡᠵᠦ᠂ ᠵᠥᠷᠢᠴᠡᠯ ᠢ ᠦᠨᠳᠦᠰᠦᠨ ᠳᠡᠭᠡᠨ ᠴᠤᠬᠤᠶᠢᠵᠤ ᠪᠠᠶᠢᠬᠤ ᠦᠶ᠎ᠡ ᠳᠤᠨᠢ ᠰᠢᠢᠳᠪᠦᠷᠢᠯᠡᠨ᠂ ᠬᠤᠯᠪᠣᠭᠳᠠᠯ ᠪᠦᠬᠦᠢ ᠳᠦᠷᠢᠮ ᠢ ᠪᠣᠳᠠᠲᠤ ᠠᠵᠢᠯ ᠳᠤᠮᠳᠠ ᠲᠤᠤᠱᠯᠠᠭᠤᠯᠤᠨ ᠨᠠᠶᠢᠳᠠᠪᠤᠷᠢᠵᠢᠭᠤᠯᠵᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号