︽ᠤᠯᠤᠰ ᠤᠨ ᠴᠡᠴᠡᠷᠯᠢᠭ ᠬᠤᠲᠠ ᠪᠠᠷ ᠭᠤᠶᠤᠴᠢᠯᠠᠨ ᠮᠡᠳᠡᠭᠦᠯᠬᠦ ᠪᠠ ᠬᠢᠨᠠᠨ ᠲᠣᠭᠲᠠᠭᠠᠬᠤ ᠠᠷᠭ᠎ᠠ︾ ᠵᠡᠷᠭᠡ | ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠣᠷᠣᠨ ᠰᠠᠭᠤᠴᠠ ᠪᠣᠯᠣᠨ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠤᠷᠭᠠᠨ | ᠶᠡᠷᠦᠩᠬᠡᠶᠢᠯᠡᠭᠰᠡᠨ ᠠᠯᠤᠰ ᠬᠡᠮᠵᠢᠯᠲᠡ᠂ ᠭᠤᠷᠪᠠᠳᠠᠭᠴᠢ ᠡᠲᠡᠭᠡᠳ ᠤᠨ ᠪᠠᠶᠢᠴᠠᠭᠠᠯᠲᠠ᠂ ᠮᠡᠷᠭᠡᠵᠢᠯᠲᠡᠳ ᠤᠨ ᠪᠣᠳᠠᠲᠤ | ᠭᠠᠵᠠᠷ ᠤᠨ ᠰᠢᠯᠭᠠᠨ ᠪᠠᠶᠢᠴᠠᠭᠠᠯᠲᠠ ᠪᠣᠯᠣᠨ ᠦᠷ᠎ᠡ ᠳ᠋ᠦᠩ ᠢ ᠬᠢᠨᠠᠨ ᠲᠣᠭᠲᠠᠭᠠᠬᠤ ᠢᠶᠠᠷ ᠳᠠᠮᠵᠢᠭᠤᠯᠤᠨ | ᠰᠤᠳᠤᠯᠬᠤ ᠪᠠᠷ ᠳᠠᠮᠵᠢᠭᠠᠳ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠵᠡᠷᠭᠡ 46 | ᠬᠤᠲᠠ ᠶᠢ ᠤᠯᠤᠰ ᠤᠨ ᠴᠡᠴᠡᠷᠯᠢᠭ ᠬᠤᠲᠠ ᠪᠠᠷ ᠨᠡᠷᠡᠶᠢᠳᠴᠡᠢ᠃ ᠤᠯᠤᠰ ᠤᠨ ᠴᠡᠴᠡᠷᠯᠢᠭ ᠬᠤᠲᠠ ᠪᠣᠯ ᠤᠯᠤᠰ ᠤᠨ | ᠳᠤᠲᠤᠭᠠᠳᠤ ᠶᠢᠨ ᠬᠤᠲᠠᠳ ᠤᠨ ᠴᠢᠬᠤᠯᠠ ᠲᠥᠷᠥᠯ ᠳᠡᠮᠳᠡᠭ ᠤᠨ ᠨᠢᠭᠡ ᠨᠢ ᠪᠣᠯᠣᠨ᠎ᠠ᠃ ᠣᠶᠢᠯᠭᠠᠭᠰᠠᠨ ᠢᠶᠠᠷ᠂ | 2010 ᠣᠨ ᠠᠴᠠ ᠡᠬᠢᠯᠡᠨ᠂ ᠬᠥᠬᠡᠬᠤᠲᠠ ᠤᠯᠤᠰ ᠤᠨ ᠴᠡᠴᠡᠷᠯᠢᠭ ᠬᠤᠲᠠ ᠶᠢ ᠡᠭᠦᠳᠦᠨ ᠪᠠᠶᠢᠭᠤᠯᠬᠤ | ᠠᠯᠬᠤᠮ ᠢᠶᠠᠨ ᠡᠬᠢᠯᠡᠭᠦᠯᠵᠦ᠂ 2012 ᠣᠨ ᠳᠤ ᠵᠢᠩᠬᠢᠨᠢ ᠪᠠᠷ ᠪᠦᠲᠦᠭᠡᠨ ᠪᠠᠶᠢᠭᠤᠯᠬᠤ ᠠᠵᠢᠯ ᠢᠶᠠᠨ ᠡᠬᠢᠯᠡᠭᠦᠯᠪᠡ᠃ | 2014 ᠣᠨ ᠤ ᠵᠢᠯ ᠤᠨ ᠰᠡᠭᠦᠯᠴᠢ ᠪᠣᠯᠲᠠᠯ᠎ᠠ᠂ ᠪᠦᠬᠦ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠤ | ᠨᠣᠭᠤᠭᠠᠷᠠᠭᠤᠯᠤᠯᠲᠠ ᠶᠢᠨ ᠲᠠᠯᠠᠪᠠᠢ 7804.87 ᠾᠧᠺᠲ᠋ᠠᠷ ᠲᠤ ᠬᠦᠷᠴᠦ᠂ ᠨᠣᠭᠤᠭᠠᠷᠠᠭᠤᠯᠤᠯᠲᠠ ᠶᠢᠨ ᠨᠤᠷᠮ᠎ᠠ | 33.93% ᠳᠤ ᠬᠦᠷᠴᠦ᠂ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠤᠷᠮ᠎ᠠ 36.82% ᠲᠤ ᠬᠦᠷᠴᠦ᠂ | ᠬᠥᠮᠥᠨ ᠪᠦᠷᠢ ᠶᠢᠨ ᠳᠤᠮᠳᠠᠴᠢ ᠴᠡᠴᠡᠷᠯᠢᠭ ᠨᠣᠭᠤᠭᠠᠨ ᠭᠠᠵᠠᠷ ᠤᠨ ᠲᠠᠯᠠᠪᠠᠢ 15.58 ᠲᠡᠭᠰᠢ ᠳᠥᠷᠪᠡᠯᠵᠢᠨ ᠮᠧᠲᠷ | ᠪᠣᠯᠵᠠᠢ᠃ ᠣᠶᠢᠷ᠎ᠠ ᠶᠢᠨ ᠵᠢᠯ ᠳᠤ᠂ ᠨᠣᠭᠤᠭᠠᠨ ᠭᠠᠵᠠᠷ᠂ ᠴᠡᠴᠡᠷᠯᠢᠭ᠂ ᠵᠤᠭᠠᠴᠠᠯ ᠤᠨ ᠬᠦᠷᠢᠶᠡᠯᠡᠩ ᠢ ᠬᠡᠯᠬᠢᠭᠰᠡᠨ | ᠨᠣᠭᠤᠭᠠᠨ ᠤᠷᠲᠤ ᠬᠤᠩᠭᠢᠯ ᠨᠢ ᠬᠥᠬᠡ ᠬᠤᠲᠠ ᠶᠢᠨ ᠬᠥᠮᠥᠰ ᠲᠤ ᠠᠯᠬᠤᠮ ᠪᠦᠷᠢ ᠦᠵᠡᠮᠵᠢ ᠲᠠᠢ᠂ ᠰᠡᠳᠬᠢᠯ | ᠬᠠᠨᠤᠮᠵᠢᠲᠠᠢ ᠵᠣᠯ ᠵᠢᠷᠭᠠᠯᠲᠤ ᠠᠮᠢᠳᠤᠷᠠᠯ ᠢ ᠡᠳ᠋ᠯᠡᠭᠦᠯᠪᠡ᠃ | |