2015 ᠣᠨ ᠤ 12 ᠳ᠋ᠤᠭᠠᠷ ᠰᠠᠷ᠎ᠠ ᠶᠢᠨ 10 ᠤ ᠡᠳᠦᠷ᠂ ᠪᠦᠬᠦ ᠣᠷᠣᠨ ᠤ ᠮᠣᠩᠭᠤᠯ ᠦᠭᠡ ᠬᠡᠯᠡ | ᠦᠰᠦᠭ ᠪᠢᠴᠢᠭ ᠤᠨ ᠰᠢᠨᠵᠢᠯᠡᠬᠦ ᠤᠬᠠᠭᠠᠨ ᠤ ᠰᠣᠳᠣᠯᠣᠯ ᠤᠨ ᠠᠵᠢᠯ ᠤᠨ ᠬᠤᠷᠠᠯ ᠬᠥᠬᠡᠬᠤᠲᠠ ᠳᠤ ᠶᠠᠪᠤᠭᠳᠠᠪᠠ᠃ | ᠥᠪᠥᠷ ᠮᠣᠩᠭᠤᠯ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠳᠡᠳ᠋ ᠡᠷᠬᠢᠯᠡᠭᠴᠢ ᠰᠠᠴᠤᠷᠠᠯᠲᠤ ᠬᠤᠷᠠᠯ ᠳᠤ | ᠣᠷᠣᠯᠴᠠᠵᠤ ᠶᠠᠷᠢᠶ᠎ᠡ ᠲᠠᠯᠪᠢᠪᠠ᠃ ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ | ᠰᠣᠳᠣᠯᠣᠭᠴᠢ ᠪᠣᠯᠠᠭ ᠮᠣᠩᠭᠤᠯ ᠬᠡᠯᠡᠨ ᠤ ᠵᠦᠪ ᠪᠢᠴᠢᠯᠭᠡ ᠶᠢᠨ ᠳᠦᠷᠢᠮ ᠤᠨ ᠠᠵᠢᠯ ᠤᠨ ᠲᠤᠰᠬᠠᠢ ᠰᠡᠳᠦᠪᠲᠤ | ᠶᠠᠷᠢᠶ᠎ᠠ ᠲᠠᠯᠪᠢᠪᠠ᠂ ᠥᠪᠥᠷ ᠮᠣᠩᠭᠤᠯ ᠤᠨ ᠷᠠᠳᠢᠤ᠋ ᠲᠧᠯᠸᠢᠰ ᠬᠤᠷᠢᠶ᠎ᠡ ᠶᠢᠨ ᠨᠡᠪᠲᠡᠷᠡᠭᠦᠯᠭᠡ ᠶᠢᠨ ᠵᠢᠯᠤᠭᠤᠳᠤᠭᠴᠢ | ᠪᠠᠶᠠᠷᠲᠤ ᠮᠣᠩᠭᠤᠯ ᠬᠡᠯᠡᠨ ᠤ ᠪᠠᠷᠢᠮᠵᠢᠶ᠎ᠠ ᠠᠪᠢᠶᠡᠨ ᠤ ᠠᠵᠢᠯ ᠤᠨ ᠲᠤᠰᠬᠠᠢ ᠰᠡᠳᠦᠪᠲᠤ ᠶᠠᠷᠢᠶ᠎ᠠ ᠲᠠᠯᠪᠢᠪᠠ᠂ ᠥᠪᠥᠷ | ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠣᠳᠣᠯᠣᠭᠴᠢ ᠳ᠋᠊᠂ ᠪᠠᠭᠠᠲᠤᠷ ᠮᠣᠩᠭᠤᠯ | ᠬᠡᠯᠡᠨ ᠤ ᠨᠡᠷ᠎ᠡ ᠲᠣᠮᠢᠶ᠎ᠡ ᠶᠢᠨ ᠠᠵᠢᠯ ᠤᠨ ᠲᠤᠰᠬᠠᠢ ᠰᠡᠳᠦᠪᠲᠤ ᠶᠠᠷᠢᠶ᠎ᠠ ᠲᠠᠯᠪᠢᠪᠠ᠃ ᠡᠯ᠎ᠡ ᠠᠶᠢᠮᠠᠭ ᠬᠤᠲᠠ ᠶᠢᠨ | ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ︵ᠮᠣᠩᠭᠤᠯ ᠬᠡᠯᠡ ᠪᠢᠴᠢᠭ ᠤᠨ ᠵᠦᠪᠯᠡᠯ︶ ᠤᠨ ᠮᠣᠩᠭᠤᠯ ᠦᠭᠡ ᠬᠡᠯᠡ | ᠦᠰᠦᠭ ᠪᠢᠴᠢᠭ ᠤᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠡᠷᠬᠢᠯᠡᠭᠴᠢ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠮᠣᠩᠭᠤᠯ ᠬᠡᠯᠡᠨ ᠤ ᠨᠡᠷ᠎ᠡ ᠲᠣᠮᠢᠶ᠎ᠡ ᠶᠢᠨ ᠵᠦᠪᠯᠡᠯ᠂ ᠮᠣᠩᠭᠤᠯ ᠬᠡᠯᠡᠨ ᠤ ᠪᠠᠷᠢᠮᠵᠢᠶ᠎ᠠ ᠠᠪᠢᠶᠡᠨ ᠤ | ᠠᠵᠢᠯ ᠤᠨ ᠵᠦᠪᠯᠡᠯ᠂ ᠮᠣᠩᠭᠤᠯ ᠬᠡᠯᠡᠨ ᠤ ᠵᠦᠪ ᠪᠢᠴᠢᠯᠭᠡ ᠶᠢᠨ ᠳᠦᠷᠢᠮ ᠤᠨ ᠵᠦᠪᠯᠡᠯ ᠤᠨ ᠪᠥᠬᠦ ᠬᠡᠰᠢᠭᠦᠨ᠂ ᠡᠯ᠎ᠡ | ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠣᠳᠣᠯᠣᠯ ᠤᠨ ᠪᠠᠶᠢᠭᠤᠯᠤᠮᠵᠢ ᠶᠢᠨ ᠨᠡᠶᠢᠭᠡᠮ ᠤᠨ ᠰᠢᠨᠵᠢᠯᠡᠬᠦ | ᠤᠬᠠᠭᠠᠨ ᠤ ᠭᠠᠵᠠᠷ᠂ ᠮᠤᠩᠭᠤᠯ ᠰᠤᠳᠤᠯᠤᠯ ᠤᠨ ᠬᠦᠷᠢᠶᠡᠯᠡᠩ ︵ᠭᠠᠵᠠᠷ᠂ ᠰᠠᠯᠪᠦᠷᠢ︶ ᠤᠨ ᠬᠠᠷᠢᠭᠤᠴᠠᠯᠭᠠᠲᠠᠨ᠂ | ᠥᠪᠥᠷ ᠮᠣᠩᠭᠤᠯ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠬᠠᠮᠢᠶ᠎ᠡ ᠪᠥᠬᠦᠢ ᠭᠠᠵᠠᠷ ᠠᠯᠪᠠᠨ ᠭᠡᠷ ᠤᠨ | ᠠᠵᠢᠯᠲᠠᠳ ᠬᠤᠷᠠᠯ ᠳᠤ ᠣᠷᠣᠯᠴᠠᠪᠠ᠃ | ᠰᠠᠴᠤᠷᠠᠯᠲᠤ ᠨᠥᠬᠦᠷ ᠶᠠᠷᠢᠶ᠎ᠡ ᠳᠤ ᠪᠠᠨ ᠣᠷᠴᠢᠮ ᠤᠨ ᠵᠢᠯ ᠤᠳ ᠤᠨ ᠮᠠᠨ ᠤ ᠣᠷᠣᠨ ᠤ ᠮᠣᠩᠭᠤᠯ ᠦᠭᠡ | ᠬᠡᠯᠡ ᠦᠰᠦᠭ ᠪᠢᠴᠢᠭ ᠤᠨ ᠰᠢᠨᠵᠢᠯᠡᠬᠦ ᠤᠬᠠᠭᠠᠨ ᠤ ᠰᠣᠳᠣᠯᠣᠯ ᠤᠨ ᠠᠵᠢᠯ ᠤᠨ ᠣᠯᠣᠭᠰᠠᠨ ᠠᠮᠵᠢᠯᠲᠠ | ᠪᠥᠲᠦᠮᠵᠢ ᠶᠢ ᠳ᠋ᠦᠡᠭᠨᠡᠵᠦ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠣᠯᠣᠨ ᠲᠤᠳᠠᠭᠳᠠᠯ ᠲᠠᠢ | ᠲᠠᠯ᠎ᠠ ᠢ ᠵᠠᠳᠠᠯᠬᠤ ᠶᠢᠨ ᠬᠠᠮᠲᠤ ᠬᠤᠶᠢᠰᠢᠲᠠ ᠶᠢᠨ ᠠᠵᠢᠯ ᠳᠤ ᠱᠠᠭᠠᠷᠳᠠᠯᠭ᠎ᠠ ᠳᠤᠷᠠᠳᠪᠠ᠄ ᠨᠢᠭᠡ ᠳᠤ ᠦᠭᠡ ᠬᠡᠯᠡ | ᠦᠰᠦᠭ ᠪᠢᠴᠢᠭ ᠤᠨ ᠴᠢᠬᠤᠯᠡ ᠴᠢᠨᠠᠷ ᠪᠠ ᠵᠠᠶᠢᠯᠠᠰᠢ ᠦᠭᠡᠢ ᠴᠢᠨᠠᠷ ᠢ ᠭᠦᠢᠴᠡᠳ ᠲᠠᠨᠢᠵᠤ᠂ ᠮᠣᠩᠭᠤᠯ ᠦᠭᠡ ᠬᠡᠯᠡ | ᠦᠰᠦᠭ ᠪᠢᠴᠢᠭ ᠤᠨ ᠰᠢᠨᠵᠢᠯᠡᠬᠦ ᠤᠬᠠᠭᠠᠨ ᠤ ᠰᠣᠳᠣᠯᠣᠯ ᠤᠨ ᠴᠢᠳᠠᠪᠤᠷᠢ ᠪᠣᠯᠣᠨ ᠬᠢᠷᠢ ᠬᠡᠮᠵᠢᠶ᠎ᠡ ᠶᠢ ᠤᠯᠠᠨ ᠨᠢᠭᠡ | ᠠᠯᠬᠤᠮ ᠳᠡᠭᠡᠭᠰᠢᠯᠡᠭᠦᠯᠬᠦ ᠬᠡᠷᠡᠭᠲᠡᠢ︔ ᠬᠤᠶᠠᠷ ᠲᠤ ᠰᠢᠨ᠎ᠡ ᠪᠠᠶᠢᠳᠠᠯ ᠳᠤᠤᠷ᠎ᠠ ᠮᠣᠩᠭᠤᠯ ᠦᠭᠡ ᠬᠡᠯᠡ ᠦᠰᠦᠭ | ᠪᠢᠴᠢᠭ ᠤᠨ ᠰᠢᠨᠵᠢᠯᠡᠬᠦ ᠤᠬᠠᠭᠠᠨ ᠤ ᠰᠣᠳᠣᠯᠣᠯ ᠤᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ | ᠮᠣᠩᠭᠤᠯ ᠦᠭᠡ ᠬᠡᠯᠡ ᠦᠰᠦᠭ ᠪᠢᠴᠢᠭ ᠤᠨ ᠵᠢᠷᠤᠮᠵᠢᠭᠤᠯᠤᠯᠲᠠ ᠪᠠᠷᠢᠮᠵᠢᠶᠠᠵᠢᠭᠤᠯᠤᠯᠲᠠ ᠵᠢᠴᠢ ᠰᠢᠨᠵᠢᠯᠡᠬᠦ | ᠤᠬᠠᠭᠠᠨ ᠤ ᠰᠣᠳᠣᠯᠣᠯ ᠢ ᠤᠯᠠᠮ ᠨᠢᠭᠡ ᠠᠯᠬᠤᠮ ᠠᠬᠢᠭᠤᠯᠬᠤ ᠬᠡᠷᠡᠭᠲᠡᠢ᠃ | ᠬᠤᠷᠠᠯ ᠳᠡᠭᠡᠷ᠎ᠡ ᠪᠠᠰᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ | ᠦᠰᠦᠭ ᠪᠢᠴᠢᠭ ᠤᠨ ︿13.5﹀ ᠶᠢᠨ ᠲᠥᠯᠥᠪᠵᠢᠭᠦᠯᠭᠡ︾ ︵ᠶᠠᠷᠢᠯᠴᠠᠬᠤ ᠡᠬᠡ ᠨᠣᠣᠷᠠᠭ︶᠂ ︽ᠰᠢᠨ᠎ᠡ ᠪᠠᠶᠢᠳᠠᠯ | ᠳᠣᠣᠷ᠎ᠠ ᠮᠣᠩᠭᠤᠯ ᠦᠭᠡ ᠬᠡᠯᠡ ᠦᠰᠦᠭ ᠪᠢᠴᠢᠭ ᠤᠨ ᠰᠢᠨᠵᠢᠯᠡᠬᠦ ᠤᠬᠠᠭᠠᠨ ᠤ ᠰᠣᠳᠣᠯᠣᠯ ᠤᠨ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠣᠬᠠᠢ ᠰᠠᠨᠠᠯ︾ ︵ᠶᠠᠷᠢᠯᠴᠠᠬᠤ ᠡᠬᠡ ᠨᠣᠣᠷᠠᠭ︶᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠮᠣᠩᠭᠤᠯ ᠬᠡᠯᠡᠨ ᠤ ᠨᠡᠷ᠎ᠡ ᠲᠣᠮᠢᠶ᠎ᠡ ᠶᠢᠨ ᠵᠦᠪᠯᠡᠯ᠂ ᠮᠣᠩᠭᠤᠯ ᠬᠡᠯᠡᠨ ᠤ ᠪᠠᠷᠢᠮᠵᠢᠶ᠎ᠠ | ᠠᠪᠢᠶᠡᠨ ᠤ ᠠᠵᠢᠯ ᠤᠨ ᠵᠦᠪᠯᠡᠯ᠂ ᠮᠣᠩᠭᠤᠯ ᠬᠡᠯᠡᠨ ᠤ ᠵᠦᠪ ᠪᠢᠴᠢᠯᠭᠡ ᠶᠢᠨ ᠳᠦᠷᠢᠮ ᠤᠨ ᠵᠦᠪᠯᠡᠯ ᠤᠨ ᠠᠵᠢᠯ ᠤᠨ | ᠳᠦᠷᠢᠮ︾ ︵ᠶᠠᠷᠢᠯᠴᠠᠬᠤ ᠡᠬᠡ ᠨᠣᠣᠷᠠᠭ︶ ᠵᠢᠴᠢ ᠪᠦᠬᠦ ᠣᠷᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ | ᠰᠢᠨᠵᠢᠯᠡᠬᠦ ᠤᠬᠠᠭᠠᠨ ᠤ ᠰᠣᠳᠣᠯᠣᠯ ᠤᠨ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠣᠯᠣᠨ ᠲᠤᠳᠠᠭᠳᠠᠯ | ᠲᠠᠢ ᠲᠠᠯ᠎ᠠ ᠵᠢᠴᠢ ᠠᠷᠭᠠᠴᠠᠬᠤ ᠪᠣᠳᠣᠯᠭ᠎ᠠ ᠰᠠᠨᠠᠭᠤᠯᠭ᠎ᠠ ᠶᠢ ᠳᠤᠭᠤᠶᠢᠯᠠᠩ ᠬᠤᠪᠢᠶᠠᠨ ᠶᠠᠷᠢᠯᠴᠠᠪᠠ᠃ | |