ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ | ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ 2015 ᠣᠨ ᠤ | ᠰᠢᠨ᠎ᠡ ᠪᠠᠷ ᠨᠡᠮᠡᠭᠳᠡᠭᠰᠡᠨ ᠠᠺᠠᠳᠧᠮᠢᠴᠢ ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ ᠶᠢᠨ ᠮᠡᠳᠡᠭᠳᠡᠯ ᠢ | ᠪᠠᠭᠤᠯᠭᠠᠪᠠ᠃ ᠲᠦᠩᠯᠢᠶᠣᠤ ᠬᠤᠲᠠ ᠶᠢᠨ ᠥᠪᠥᠷ ᠮᠣᠩᠭᠤᠯ ᠤᠨ ᠶᠢᠨ ᠯᠢᠶᠠᠨ ᠬᠥᠩᠭᠡᠨᠴᠠᠭᠠᠨ ᠮᠠᠲ᠋ᠧᠷᠢᠶᠠᠯ ᠤᠨ | ᠬᠢᠵᠠᠭᠠᠷᠲᠤ ᠺᠣᠮᠫᠠᠨᠢ ᠶᠢᠨ ᠬᠠᠲᠠᠭᠤ ᠬᠠᠶᠠᠭᠳᠠᠮᠠᠯ ᠢ ᠡᠬᠢ ᠪᠠᠶᠠᠯᠢᠭᠵᠢᠭᠤᠯᠤᠨ ᠠᠰᠢᠭᠯᠠᠬᠤ ᠪᠠ ᠬᠦᠡᠭᠭᠡᠨᠴᠠᠭᠠᠨ ᠤ | ᠬᠠᠶᠢᠯᠤᠰᠢ ᠮᠠᠲ᠋ᠧᠷᠢᠶᠠᠯ ᠪᠣᠯᠪᠠᠰᠤᠷᠠᠭᠤᠯᠬᠤ ᠬᠢᠭᠡᠳ ᠪᠠᠷᠢᠯᠭ᠎ᠠ ᠨᠢ ᠬᠤᠶᠠᠷ ᠠᠺᠠᠳᠧᠮᠢᠴᠢ ᠲᠤᠰᠬᠠᠶ ᠮᠡᠷᠭᠡᠵᠢᠯᠲᠡᠨ ᠤ | ᠠᠵᠢᠯ ᠤᠨ ᠥᠷᠲᠡᠭᠡ ᠶᠢ ᠠᠰᠢᠭᠯᠠᠨ᠂ ᠥᠷᠲᠡᠭᠡ ᠪᠠᠶᠢᠭᠤᠯᠤᠭᠰᠠᠨ ᠨᠢᠭᠡᠴᠡ ᠭᠤᠶᠤᠴᠢᠯᠠᠯ ᠭᠠᠷᠭᠠᠬᠤ᠂ ᠠᠶᠢᠮᠠᠭ | ᠬᠤᠳᠠ ᠲᠠᠨᠢᠯᠴᠠᠭᠤᠯᠬᠤ᠂ ᠰᠠᠯᠠᠭ᠎ᠠ ᠮᠥᠴᠢᠷ ᠢᠶᠠᠷ ᠬᠢᠨᠠᠨ ᠵᠦᠪᠰᠢᠶᠡᠷᠡᠬᠦ ᠪᠠᠷ ᠳᠠᠮᠵᠢᠭᠤᠯᠤᠨ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠺᠠᠳᠧᠮᠢᠴᠢ ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ ᠶᠢᠨ ᠵᠤᠬᠢᠴᠠᠭᠤᠯᠬᠤ | ᠳᠤᠭᠤᠶᠢᠯᠠᠩ ᠬᠠᠮᠲᠤᠷᠠᠨ ᠬᠢᠨᠠᠭᠠᠳ᠂ 2015 ᠣᠨ ᠤ ᠰᠢᠨ᠎ᠡ ᠪᠠᠷ ᠨᠡᠮᠡᠭᠳᠡᠭᠰᠡᠨ ᠥᠪᠡᠷᠲᠡᠭᠡᠨ ᠵᠠᠰᠠᠬᠤ | ᠣᠷᠣᠨ ᠠᠴᠠ ᠦᠨᠡᠮᠰᠢᠭᠰᠡᠨ ᠠᠺᠠᠳᠧᠮᠢᠴᠢ ᠶᠢᠨ ᠠᠵᠢᠯ ᠤᠨ ᠦᠷᠲᠡᠭᠡ ᠶᠢ ᠵᠦᠪᠰᠢᠶᠡᠷᠡᠪᠡ᠃ ᠠᠺᠠᠳᠧᠮᠢᠴᠢ ᠶᠢᠨ | ᠠᠵᠢᠯ ᠤᠨ ᠦᠷᠲᠡᠭᠡ ᠪᠠᠶᠢᠭᠤᠯᠤᠭᠳᠠᠭᠰᠠᠨ ᠤ ᠳᠠᠷᠠᠭ᠎ᠠ᠂ ᠡᠯ᠎ᠡ ᠥᠷᠲᠡᠭᠡ ᠪᠠᠶᠢᠭᠤᠯᠤᠭᠰᠠᠨ ᠨᠢᠭᠡᠴᠡ ᠨᠤᠭᠤᠳ | ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ | ᠲᠠᠢ ᠤᠶᠠᠯᠳᠤᠭᠤᠯᠤᠨ᠂ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠲᠤᠰ ᠪᠡᠶ᠎ᠡ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠡᠭᠦᠳᠦᠯᠲᠡ ᠪᠤᠯᠤᠨ ᠬᠥᠭᠵᠢᠯᠲᠡ ᠶᠢᠨ ᠬᠡᠷᠡᠭᠴᠡᠭᠡ ᠲᠠᠢ ᠪᠠᠨ ᠨᠢᠭᠲᠠ ᠤᠶᠠᠯᠳᠤᠭᠤᠯᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠲᠥᠷᠥᠯ ᠵᠦᠢᠯ ᠤᠨ ᠵᠣᠯᠭᠠᠯᠲᠠ ᠶᠢ ᠢᠳᠡᠪᠬᠢᠲᠡᠶ ᠵᠣᠬᠢᠶᠠᠨ | ᠪᠠᠶᠢᠭᠤᠯᠤᠨ ᠥᠷᠨᠢᠭᠦᠯᠵᠦ᠂ ᠠᠺᠠᠳᠧᠮᠢᠴᠢ ᠶᠢᠨ ᠪᠦᠯᠬᠦᠮ ᠤᠨ ᠰᠢᠨ᠎ᠡ ᠶᠢ ᠡᠭᠦᠳᠴᠦ ᠬᠥᠲᠥᠯᠥᠨ ᠳᠠᠭᠠᠭᠤᠯᠬᠤ | ᠦᠢᠯᠡᠳᠦᠯ ᠢ ᠭᠦᠢᠴᠡᠳ ᠪᠠᠳᠠᠷᠠᠭᠤᠯᠵᠤ᠂ ᠤᠷᠤᠨ ᠨᠤᠲᠤᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠪᠦᠯᠬᠦᠮ ᠢ ᠴᠢᠷᠮᠠᠶᠢᠨ ᠪᠤᠶᠢᠵᠢᠭᠤᠯᠵᠤ᠂ ᠰᠢᠨ᠎ᠡ ᠶᠢ ᠡᠭᠦᠳᠬᠦ ᠡᠬᠢ ᠪᠠᠶᠠᠯᠢᠭ ᠢ ᠲᠥᠪᠯᠡᠷᠡᠭᠦᠯᠦᠨ᠂ ᠠᠵᠢᠯ | ᠲᠦᠷᠦᠯ ᠤᠨ ᠵᠠᠩᠭᠢᠯᠠᠭ᠎ᠠ ᠶᠢᠨ ᠮᠡᠷᠭᠡᠵᠢᠯ ᠤᠨ ᠬᠢᠵᠠᠭᠠᠷᠯᠠᠯ ᠢ ᠰᠢᠪᠲᠤᠯᠠᠵᠤ᠂ ᠠᠵᠢᠯ ᠲᠥᠷᠥᠯ ᠤᠨ ᠪᠡᠶ᠎ᠡ ᠪᠠᠨ | ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠨᠡᠮᠡᠭᠳᠡᠭᠦᠯᠬᠦ ᠪᠠ ᠰᠢᠨ᠎ᠡ ᠤᠶᠢᠷ᠎ᠠ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠥᠪᠡᠷᠲᠡᠭᠡᠨ ᠵᠠᠰᠠᠬᠤ | ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠪᠠᠨ ᠦᠵᠡᠭᠦᠯᠬᠦ | ᠪᠤᠯᠤᠨ᠎ᠠ᠃ |