ᠰᠢᠯᠢ ᠶᠢᠨ ᠭᠤᠣᠯ ᠠᠶᠢᠮᠠᠭ ᠤᠨ ᠥᠪᠡᠷᠲᠡᠭᠡᠨ ᠵᠠᠰᠠᠬᠤ ᠣᠷᠣᠨ ᠤ ᠳᠡᠰ ‍ᠦᠨ‌‍ᠲ᠋ᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ 8 ᠪᠤᠯᠪᠠ
ᠨᠡᠶᠢᠲᠡᠯᠡᠭᠰᠡᠨ ᠴᠠᠭ᠄
2015/12/22
     ᠣᠳᠣᠬᠠᠨ ᠳᠤ᠂ ᠰᠢᠯᠢ ᠶᠢᠨ ᠭᠤᠣᠯ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ 8 ᠲᠣᠭᠤᠷᠢᠭ ᠨᠢ ᠥᠪᠡᠷᠲᠡᠭᠡᠨ ᠵᠠᠰᠠᠬᠤ ᠣᠷᠣᠨ ᠤ ᠳᠡᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ︵ᠰᠠᠭᠤᠷᠢᠨ ᠭᠠᠵᠠᠷ︶ ᠭᠡᠵᠦ ᠬᠢᠨᠠᠨ ᠲᠤᠭᠲᠠᠭᠠᠭᠳᠠᠵᠠᠢ᠂ ᠡᠭᠦᠨ ᠳᠤ 3᠎ ᠨᠢ 2015 ᠣᠨ ᠳᠤ ᠬᠢᠨᠠᠨ ᠲᠤᠭᠲᠠᠭᠠᠭᠳᠠᠪᠠ᠂ ᠲᠤᠬᠠᠶᠢᠯᠠᠪᠠᠯ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ᠂ ᠰᠢᠯᠢ ᠶᠢᠨ ᠭᠤᠣᠯ ᠤᠨ ᠤᠯᠠᠭᠠᠶ ᠮᠢᠬᠠᠨ ᠤ ᠦᠬᠡᠷ ᠤᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ᠂ ᠰᠢᠯᠢ ᠶᠢᠨ ᠭᠤᠣᠯ ᠤᠨ ᠰᠥᠨᠢᠳ ᠪᠠᠷᠠᠭᠤᠨ ᠬᠤᠰᠢᠭᠤᠨ ᠤ ᠮᠢᠬᠠᠨ ᠤ ᠬᠤᠨᠢᠨ ᠤ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠪᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠬᠤ ᠨᠢ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠬᠦᠭᠵᠢᠯᠲᠡ ᠶᠢ ᠲᠦᠷᠭᠡᠳᠬᠡᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠳᠡᠭᠡᠭᠰᠢᠯᠡᠭᠦᠯᠵᠦ ᠴᠢᠳᠠᠬᠤ ᠪᠤᠯᠬᠤᠷ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠢ ᠬᠥᠭᠵᠢᠭᠦᠯᠦᠨ ᠪᠤᠵᠠᠭᠠᠶᠢᠷᠠᠭᠤᠯᠬᠤ ᠶᠢᠨ ᠪᠦᠲᠦᠮᠵᠢᠲᠡᠶ ᠠᠴᠢᠶᠠᠯᠠᠪᠤᠷᠢ ᠪᠣᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号