ᠤᠯᠤᠰ ᠤᠨ ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ ᠪᠤᠳᠤᠯᠭ᠎ᠠ ᠶᠢ ᠲᠤᠤᠱᠯᠠᠭᠤᠯᠬᠤ ᠶᠢᠨ ᠲᠥᠯᠥᠭᠡ᠂ | ᠬᠦᠷᠰᠢ ᠤᠯᠤᠰ ᠯᠤᠭ᠎ᠠ ᠶᠢᠨ ᠲᠦᠷᠦ ᠶᠢᠨ ᠪᠤᠳᠤᠯᠭ᠎ᠠ ᠶᠢ ᠶᠠᠪᠤᠭᠤᠯᠵᠤ᠂ ᠭᠤᠷᠪᠠᠨ ᠤᠯᠤᠰ ᠤᠨ ᠲᠡᠷᠢᠭᠦᠨ ᠨᠡᠷ ᠤᠨ | ᠦᠹᠡ ᠳᠤ ᠪᠤᠯᠤᠭᠰᠠᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠳᠤᠮᠳᠠᠳᠤ | ᠣᠷᠣᠰ ᠮᠣᠩᠭᠤᠯ ᠭᠤᠷᠪᠠᠨ ᠤᠯᠤᠰ ᠤᠨ ᠠᠵᠤ ᠠᠬᠤᠶ ᠶᠢᠨ ᠬᠤᠨᠭ᠍ᠬᠢᠯ ᠪᠤᠯᠬᠤ ᠦᠢᠯᠡᠳᠦᠯ ᠢᠶᠠᠨ ᠭᠦᠢᠴᠡᠳ | ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠣᠷᠣᠰ ᠮᠤᠩᠭᠤᠯ ᠤᠨ ᠬᠢᠯᠢ ᠰᠤᠨᠳᠠᠯᠠᠬᠤ ᠵᠢᠭᠤᠯᠴᠢᠯᠠᠯ ᠤᠨ ᠪᠣᠷᠣ | ᠲᠥᠯᠥᠪ ᠢ ᠬᠡᠷᠡᠭᠵᠢᠭᠦᠯᠬᠦ ᠪᠣᠳᠠᠲᠠᠶ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠢᠨ ᠲᠦᠯᠦᠭᠡ᠂ 12 ᠳ᠋ᠦ᠋ᠭᠡᠷ ᠰᠠᠷ᠎ᠠ ᠶᠢᠨ | 10 ᠤ ᠡᠳᠦᠷ᠂ 2015 ᠣᠨ ᠤ ᠪᠦᠬᠦ ᠣᠷᠣᠨ ᠤ ᠣᠷᠣᠰ ᠮᠣᠩᠭᠤᠯ ᠳᠤ ᠵᠢᠭᠤᠯᠴᠢᠯᠠᠬᠤ ᠠᠵᠢᠯ ᠤᠨ ᠬᠤᠷᠠᠯ | ᠬᠥᠯᠥᠨ ᠪᠤᠶᠢᠷ ᠬᠤᠲᠠ ᠳᠤ ᠬᠤᠷᠠᠯᠳᠤᠪᠠ᠃ ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ | ᠲᠣᠪᠴᠢᠶ᠎ᠠ ᠶᠢᠨ ᠳᠡᠳ᠋ ᠲᠣᠭᠤᠷᠢᠨ ᠪᠠᠶᠢᠴᠠᠭᠠᠭᠴᠢ ᠵᠧᠩ ᠵᠢᠶᠠ ᠨᠢᠩ ᠠᠴᠠ ᠲᠦᠷᠦᠭᠦᠦ ᠭᠤᠷᠪᠠᠨ ᠤᠯᠠᠷᠢᠯ ᠤᠨ | ᠮᠠᠨ ᠤ ᠣᠷᠣᠨ ᠤ ᠣᠷᠣᠰ ᠮᠣᠩᠭᠤᠯ ᠳᠤ ᠵᠢᠭᠤᠯᠴᠢᠯᠠᠬᠤ ᠠᠵᠢᠯ ᠤᠨ ᠪᠣᠳᠠᠲᠠᠶ ᠪᠠᠶᠢᠳᠠᠯ ᠢ ᠲᠣᠪᠴᠢ ᠵᠠᠳᠠᠯᠵᠤ᠂ | ᠪᠥᠬᠦ ᠣᠷᠣᠨ ᠤ ᠬᠤᠶᠢᠰᠢᠳᠠ ᠶᠢᠨ ᠨᠢᠭᠡ ᠬᠤᠭᠤᠴᠠᠭᠠᠨ ᠤ ᠣᠷᠣᠰ ᠮᠣᠩᠭᠤᠯ ᠳᠤ ᠵᠢᠭᠤᠯᠴᠢᠯᠠᠬᠤ ᠠᠵᠢᠯ ᠢ | ᠪᠠᠶᠢᠷᠢᠯᠠᠭᠤᠯᠵᠤ᠂ ︽ᠳᠤᠮᠳᠠᠳᠤ ᠣᠷᠣᠰ ᠮᠣᠩᠭᠤᠯ ᠭᠤᠷᠪᠠᠨ ᠤᠯᠤᠰ ᠲᠠᠪᠤᠨ ᠭᠠᠵᠠᠷ︾ ᠤᠨ ᠵᠢᠭᠤᠯᠴᠢᠯᠠᠯ ᠤᠨ | ᠲᠠᠪᠴᠠᠩ ᠵᠢᠴᠢ ︽ᠲᠦᠮᠡᠨ ᠭᠠᠵᠠᠷ ᠤᠨ ᠴᠠᠢ ᠶᠢᠨ ᠵᠠᠮ ︵ᠴᠠᠶ ᠶᠢᠨ ᠵᠠᠮ︶︾ ᠵᠡᠷᠭᠡ ᠵᠢᠭᠤᠯᠴᠢᠯᠠᠯ ᠤᠨ | ᠪᠦᠲᠦᠭᠡᠭᠳᠡᠬᠦᠨ ᠤ ᠱᠤᠭᠤᠮ ᠢᠶᠠᠷ ᠳᠠᠮᠵᠢᠭᠤᠯᠤᠨ᠂ ᠣᠯᠠᠨ ᠵᠦᠢᠯ ᠤᠨ ᠠᠵᠢᠯᠯᠠᠭ᠎ᠠ ᠦᠷᠨᠢᠭᠦᠯᠵᠦ᠂ ᠤᠷᠤᠰ | ᠮᠣᠩᠭᠤᠯ ᠬᠤᠶᠠᠷ ᠤᠯᠤᠰ ᠤᠨ ᠵᠢᠭᠤᠯᠴᠢᠯᠠᠯ ᠤᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠵᠢᠭᠤᠯᠴᠢᠯᠠᠯ ᠢᠶᠠᠷ | ᠤᠬᠠᠭᠤᠯᠭ᠎ᠠ ᠶᠢ ᠤᠷᠤᠯᠠᠬᠤ᠂ ᠵᠢᠭᠤᠯᠴᠢᠯᠠᠯ ᠢᠶᠠᠷ ᠤᠬᠠᠭᠤᠯᠭ᠎ᠠ ᠶᠢ ᠠᠬᠢᠭᠤᠯᠵᠤ᠂ ᠰᠣᠯᠢᠯᠴᠠᠭ᠎ᠠ ᠪᠠᠨ | ᠴᠢᠩᠭᠠᠳᠬᠠᠬᠤ ᠶᠢ ᠴᠢᠬᠤᠯᠠᠴᠢᠯᠠᠪᠠ᠃ |