| ᠰᠤᠷᠪᠤᠯᠵᠢᠯᠠᠭᠰᠠᠨ ᠴᠠᠭ᠄ | 2015 ᠣᠨ ᠤ 11 ᠳ᠋ᠦ᠋ᠭᠡᠷ ᠰᠠᠷ᠎ᠠ ᠶᠢᠨ 30 ᠤ ᠡᠳᠦᠷ ᠤᠨ ᠦᠳᠡ ᠶᠢᠨ ᠡᠮᠦᠨᠡᠬᠢ 10 ᠴᠠᠭ | ᠰᠤᠷᠪᠤᠯᠵᠢᠯᠠᠭᠰᠠᠨ ᠵᠣᠴᠢᠳ᠄ | ᠤᠯᠠᠭᠠᠨᠬᠠᠳᠠ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠵᠣᠣ ᠸᠧᠨ ᡁᠢ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠤᠯᠠᠭᠠᠨᠬᠠᠳᠠ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠨᠢ 2013 ᠣᠨ ᠤ 8 ᠳ᠋ᠤᠭᠠᠷ ᠰᠠᠷ᠎ᠠ ᠶᠢᠨ 8 ᠤ ᠡᠳᠦᠷ᠂ ᠲᠥᠷᠥ ᠶᠢᠨ | ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠵᠦ᠂ ᠪᠣᠭᠤᠮᠲᠠ ᠶᠢᠨ ᠶᠡᠷᠦᠩᠬᠡᠶ ᠵᠠᠬᠢᠷᠭ᠎ᠠ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠭᠠᠶᠢᠯᠢ ᠶᠢᠨ ᠶᠠᠪᠤᠳᠠᠯ ᠤᠨ | ᠶᠡᠷᠦᠩᠬᠡᠶ ᠲᠣᠪᠴᠢᠶ᠎ᠠ ᠪᠣᠯᠤᠨ ᠤᠯᠤᠰ ᠤᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠳᠥᠷᠪᠡᠨ ᠶᠠᠮᠤᠨ ᠵᠥᠪᠯᠡᠯ ᠤᠨ ᠵᠥᠪᠰᠢᠶᠡᠷᠡᠯ ᠢᠶᠠᠷ | ᠪᠠᠶᠢᠭᠤᠯᠵᠤ᠂ 2014 ᠣᠨ ᠤ 9 ᠳ᠋ᠦ᠋ᠭᠡᠷ ᠰᠠᠷ᠎ᠠ ᠶᠢᠨ 12 ᠤ ᠡᠳᠦᠷ ᠤᠯᠤᠰ ᠠᠴᠠ ᠰᠢᠯᠭᠠᠨ ᠠᠪᠴᠤ᠂ ᠡᠨᠡ ᠵᠢᠯ ᠤᠨ 1 ᠳ᠋ᠦ᠋ᠭᠡᠷ ᠰᠠᠷ᠎ᠠ ᠶᠢᠨ1 ᠤ ᠡᠳᠦᠷ ᠠᠯᠪᠠᠨ | ᠶᠣᠰᠣᠭᠠᠷ ᠪᠣᠭᠤᠮᠲᠠ ᠶᠢᠨ ᠭᠠᠶᠢᠯᠢ ᠬᠤᠷᠢᠵᠤ ᠡᠵᠡᠩᠨᠡᠪᠡ᠂ ᠡᠨᠡ ᠨᠢ ᠮᠥᠨ ᠴᠦ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠭᠠᠶᠢᠯᠢ ᠪᠠᠲᠤᠯᠠᠬᠤ ᠪᠠᠷᠠᠭ᠎ᠠ ᠶᠢᠨ | ᠭᠦᠢᠯᠭᠡᠭᠡᠨ ᠤ ᠲᠥᠪ ᠪᠣᠯᠤᠨ᠎ᠠ᠃ ᠤᠯᠠᠭᠠᠨᠬᠠᠳᠠ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠤᠨ ᠬᠤᠯᠪᠣᠭᠳᠠᠯ ᠪᠦᠬᠦᠢ ᠪᠠᠶᠢᠳᠠᠯ ᠢ ᠨᠠᠷᠢᠨ | ᠣᠶᠢᠯᠠᠭᠠᠬᠤ ᠶᠢᠨ ᠲᠤᠰᠠᠳᠠ᠂ ᠣᠶᠢᠷ᠎ᠡ ᠳᠤ ᠪᠢᠳᠡ ᠤᠯᠠᠭᠠᠨᠬᠠᠳᠠ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ | ᠡᠷᠬᠢᠯᠡᠭᠴᠢ ᠵᠣᠣ ᠸᠧᠨ ᡁᠢ ᠶᠢ ᠤᠷᠢᠵᠤ ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶᠡᠨ ᠳᠡᠭᠡᠷ᠎ᠡ ᠲᠠ ᠨᠠᠷ ᠲᠠᠢ ᠶᠠᠷᠢᠯᠴᠠᠭᠤᠯᠬᠤ ᠪᠣᠯᠣᠨ᠎ᠠ᠂ ᠥᠷᠭᠡᠨ | ᠣᠯᠠᠨ ᠰᠦᠯᠵᠢᠶᠡᠨ ᠠᠨᠳᠠ ᠨᠠᠷ ᠲᠤᠬᠠᠶ ᠶᠢᠨ ᠴᠠᠭ ᠲᠤ ᠢᠳᠡᠪᠬᠢᠲᠡᠶ ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ︕ | ᠰᠤᠷᠪᠤᠯᠵᠢᠯᠠᠨ ᠶᠠᠷᠢᠯᠴᠠᠭᠰᠠᠨ ᠪᠣᠳᠠᠳᠤ ᠲᠡᠮᠳᠡᠭᠯᠡᠯ | ᠬᠥᠲᠥᠯᠥᠭᠴᠢ᠄ | ᠰᠦᠯᠵᠢᠶᠡᠨ ᠠᠨᠳᠠ ᠨᠠᠷ ᠡ ᠰᠠᠶᠢᠨ ᠪᠠᠶᠢᠨ᠎ᠠ ᠤᠤ︕ ᠲᠠ ᠪᠦᠬᠦᠨ ᠲᠣᠰ ᠬᠤᠭᠤᠴᠠᠭᠠᠨ ᠤ ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶᠡᠨ | ᠳᠡᠭᠡᠷᠡᠬᠢ ᠰᠤᠷᠪᠤᠯᠵᠢᠯᠠᠭ᠎ᠠ ᠶᠢ ᠬᠦᠯᠢᠶᠡᠨ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠂ ᠪᠢᠳᠡᠨ ᠤ ᠦᠨᠦᠳᠦᠷ ᠤᠨ ᠤᠷᠢᠵᠤ ᠢᠷᠡᠭᠰᠡᠨ ᠡᠷᠬᠢᠮ ᠵᠣᠴᠢᠳ ᠪᠣᠯ | ᠤᠯᠠᠭᠠᠨᠬᠠᠳᠠ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠵᠣᠣ ᠸᠧᠨ ᡁᠢ ᠪᠣᠯᠣᠨ᠎ᠠ᠂ ᠲᠡᠷᠡ | ᠪᠢᠳᠡᠨ ᠳᠤ ᠤᠯᠠᠭᠠᠨᠬᠠᠳᠠ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠤᠨ ᠪᠥᠳᠥᠭᠡᠨ ᠪᠠᠶᠢᠭᠤᠯᠤᠯᠲᠠ ᠡᠵᠡᠩᠨᠡᠯᠲᠡ ᠵᠡᠷᠭᠡ ᠲᠠᠯ᠎ᠠ ᠪᠠᠷ ᠬᠢ ᠪᠠᠶᠢᠳᠠᠯ ᠢ | ᠲᠠᠨᠢᠯᠴᠠᠭᠤᠯᠵᠤ ᠥᠭᠭᠦᠨ᠎ᠡ᠃ ᠵᠣᠣ ᠡᠷᠬᠢᠯᠡᠭᠴᠢ᠂ ᠲᠠᠨ ᠢ ᠪᠠᠶᠠᠷᠯᠠᠨ ᠤᠭᠲᠤᠵᠤ ᠪᠠᠶᠢᠨ᠎ᠠ︕ | ᠵᠣᠣ ᠸᠧᠨ ᡁᠢ᠄ | ᠬᠥᠲᠥᠯᠥᠭᠴᠢ ᠰᠠᠶᠢᠨ ᠪᠠᠶᠢᠨ᠎ᠠ ᠤᠤ︕ ᠰᠦᠯᠵᠢᠶᠡᠨ ᠤ ᠨᠠᠶᠢᠵᠠ ᠨᠠᠷ ᠲᠤ ᠮᠡᠨᠳᠦ ᠠᠶᠢᠯᠠᠳᠬᠠᠶ᠎ᠠ︕ | ᠬᠥᠲᠥᠯᠥᠭᠴᠢ᠄ | ᠵᠤᠤ ᠡᠷᠬᠢᠯᠡᠭᠴᠢ ᠡ᠂ ᠪᠢᠳᠠᠨ ᠤ ᠣᠶᠢᠯᠠᠭᠠᠭᠰᠠᠨ ᠢᠶᠠᠷ᠂ ᠤᠯᠠᠭᠠᠨᠬᠠᠳᠠ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠨᠢ 2013 ᠣᠨ ᠤ 8 | ᠳ᠋ᠤᠭᠠᠷ ᠰᠠᠷ᠎ᠠ ᠶᠢᠨ 8 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠵᠦ᠂ ᠪᠣᠭᠤᠮᠲᠠ ᠶᠢᠨ ᠶᠡᠷᠦᠩᠬᠡᠶ ᠵᠠᠬᠢᠷᠭ᠎ᠠ᠂ ᠡᠳ᠋ ᠤᠨ ᠵᠠᠰᠠᠭ ᠤᠨ ᠶᠠᠮᠤᠨ | ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠪᠣᠯᠤᠨ ᠤᠯᠤᠰ ᠤᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠵᠡᠷᠭᠡ | ᠳᠥᠷᠪᠡᠨ ᠶᠠᠮᠤᠨ ᠵᠥᠪᠯᠡᠯ ᠤᠨ ᠵᠥᠪᠰᠢᠶᠡᠷᠡᠯ ᠢᠶᠠᠷ ᠪᠠᠶᠢᠭᠤᠯᠵᠤ᠂ 2014 ᠣᠨ ᠤ 9 ᠳ᠋ᠦ᠋ᠭᠡᠷ ᠰᠠᠷ᠎ᠠ ᠶᠢᠨ 12 ᠤ ᠡᠳᠦᠷ ᠤᠯᠤᠰ ᠠᠴᠠ ᠰᠢᠯᠭᠠᠨ ᠠᠪᠴᠤ᠂ ᠡᠨᠡ | ᠵᠢᠯ ᠤᠨ 1 ᠳ᠋ᠦ᠋ᠭᠡᠷ ᠰᠠᠷ᠎ᠠ ᠶᠢᠨ 1 ᠤ ᠡᠳᠦᠷ ᠠᠯᠪᠠᠨ ᠶᠣᠰᠣᠭᠠᠷ ᠪᠣᠭᠤᠮᠲᠠ ᠶᠢᠨ ᠭᠠᠶᠢᠯᠢ ᠬᠤᠷᠢᠵᠤ ᠡᠵᠡᠩᠨᠡᠪᠡ᠂ ᠡᠨᠡ ᠨᠢ ᠮᠥᠨ ᠴᠦ ᠥᠪᠡᠷᠲᠡᠭᠡᠨ ᠵᠠᠰᠠᠬᠤ | ᠣᠷᠣᠨ ᠤ ᠠᠩᠬᠠᠳᠠᠭᠴᠢ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠪᠣᠯᠤᠨ᠎ᠠ᠃ ᠵᠣᠣ ᠡᠷᠬᠢᠯᠡᠭᠴᠢ ᠡ᠂ ᠲᠠ ᠤᠯᠠᠭᠠᠨᠬᠠᠳᠠ ᠭᠠᠶᠢᠯᠢ ᠪᠠᠲᠤᠯᠠᠬᠤ | ᠪᠠᠷᠠᠭ᠎ᠠ ᠶᠢᠨ ᠭᠦᠢᠯᠭᠡᠭᠡᠨ ᠤ ᠲᠥᠪ ᠤᠨ ᠪᠠᠶᠢᠭᠤᠯᠤᠭᠳᠠᠭᠰᠠᠨ ᠠᠬᠤᠶ ᠪᠠᠶᠢᠳᠠᠯ ᠵᠢᠴᠢ ᠲᠡᠭᠦᠨ ᠤ ᠴᠢᠳᠠᠪᠬᠢ ᠦᠢᠯᠡᠳᠦᠯ ᠢ ᠶᠠᠷᠢᠭᠠᠳ ᠥᠭᠭᠦᠨ᠎ᠡ ᠤᠤ︖ | ᠵᠣᠣ ᠸᠧᠨ ᡁᠢ᠄ | ᠤᠯᠠᠭᠠᠨᠬᠠᠳᠠ ᠭᠠᠵᠠᠷ ᠣᠷᠣᠨ ᠪᠣᠯ ᠥᠪᠥᠷ ᠮᠣᠩᠭᠤᠯ ᠡᠾᠧᠪᠸᠢ ᠯᠢᠶᠣᠤᠨᠢᠩ ᠤᠨ ᠵᠠᠬ᠎ᠠ ᠨᠡᠶᠢᠯᠡᠭᠰᠡᠨ ᠬᠡᠰᠡᠭ ᠢᠶᠠᠷ ᠪᠠᠶᠢᠷᠢᠯᠠᠵᠤ᠂ ᠵᠡᠭᠦᠨ ᠬᠤᠶᠢᠲᠤ ᠣᠷᠣᠨ | ᠬᠢᠭᠡᠳ ᠤᠮᠠᠷᠠᠲᠤ ᠣᠷᠣᠨ ᠤ ᠠᠭᠤᠯᠵᠠᠷ ᠬᠡᠰᠡᠭ ᠲᠤ ᠪᠠᠶᠢᠷᠢᠯᠠᠨ᠂ ᠵᠡᠭᠦᠨ ᠬᠤᠶᠢᠲᠤ ᠶᠢᠨ ᠠᠵᠤ ᠠᠬᠤᠶ ᠶᠢᠨ ᠲᠣᠭᠤᠷᠢᠭ ᠪᠣᠯᠤᠨ ᠨᠡᠶᠢᠰᠯᠡᠯ ᠤᠨ ᠠᠵᠤ ᠠᠬᠤᠶ ᠶᠢᠨ | ᠲᠣᠭᠤᠷᠢᠭ ᠤᠨ ᠴᠢᠬᠤᠯᠠ ᠪᠦᠷᠢᠯᠳᠦᠬᠦᠨ ᠬᠡᠰᠡᠭ ᠮᠦᠨ᠂ ᠪᠠᠰᠠ ᠴᠤ ᠪᠥᠸᠧᠬᠠᠢ ᠲᠠᠩᠭᠢᠰ ᠳᠠᠭᠠᠤ ᠠᠵᠤ ᠠᠬᠤᠶ ᠶᠢᠨ ᠬᠦᠷᠢᠶ᠎ᠡ ᠶᠢᠨ ᠴᠢᠬᠤᠯᠠ ᠬᠡᠰᠡᠭ ᠮᠦᠨ᠂ | ᠤᠯᠠᠨ ᠠᠴᠠ ᠬᠡᠲᠦ᠋ᠢᠳᠦᠭᠰᠡᠨ ᠭᠠᠵᠠᠷ ᠣᠷᠣᠨ ᠤ ᠳᠠᠪᠠᠭᠤᠯᠢᠭ ᠲᠠᠯ᠎ᠠ ᠲᠠᠢ ᠶᠤᠮ᠃ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶ᠎ᠠ ᠪᠣᠯᠣᠨ | ᠪᠣᠯᠪᠠᠰᠤᠷᠠᠭᠤᠯᠬᠤ ᠠᠷᠠᠯᠵᠢᠶ᠎ᠠ ᠶᠢᠨ ᠥᠷᠨᠢᠨ ᠬᠥᠭᠵᠢᠵᠦ᠂ ᠤᠯᠠᠨ ᠤᠯᠤᠰ ᠤᠨ ᠪᠠᠷᠠᠭ᠎ᠠ ᠶᠢᠨ ᠭᠦᠢᠯᠭᠡᠭᠡᠨ ᠤ ᠬᠡᠷᠡᠭᠴᠡᠭᠡ ᠱᠠᠭᠠᠷᠳᠠᠯᠭ᠎ᠠ ᠯᠤᠲᠤ ᠶᠡᠭᠡ ᠪᠠᠶᠢᠭ᠎ᠠ ᠠᠬᠤᠶ | ᠪᠠᠶᠢᠳᠠᠯ ᠤᠨ ᠳᠣᠣᠷ᠎ᠠ᠂ ᠤᠯᠠᠭᠠᠨᠬᠠᠳᠠ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠪᠠᠶᠢᠭᠤᠯᠤᠭᠳᠠᠭᠰᠠᠨ ᠶᠤᠮ᠃ ᠡᠭᠦᠨ ᠤ ᠬᠠᠮᠲᠤ ︽ᠭᠠᠳᠠᠭᠰᠢᠯ ᠠᠵᠤ | ᠠᠬᠤᠶ︾ ᠶᠢᠨ ᠬᠥᠭᠵᠢᠯᠲᠡ ᠶᠢᠨ ᠰᠡᠳᠭᠢᠮᠵᠢ ᠪᠠᠷ ᠭᠠᠳᠠᠭᠠᠳᠤ ᠠᠴᠠ ᠣᠷᠣᠭᠤᠯᠬᠤ ᠪᠠᠷᠠᠭᠠᠨ ᠤ ᠭᠠᠶᠢᠯᠢ ᠪᠠᠲᠤᠯᠠᠬᠤ ᠰᠠᠩ ᠬᠥᠮᠥᠷᠭᠡ᠂ ᠭᠠᠳᠠᠭᠠᠳᠤ ᠳᠤ ᠭᠠᠷᠭᠠᠬᠤ | ᠡᠳ᠋ ᠪᠠᠷᠠᠭᠠᠨ ᠤ ᠲᠣᠭᠤᠷᠢᠭ ᠲᠤ ᠣᠷᠣᠭᠤᠯᠵᠤ ᠭᠠᠶᠢᠯᠢ ᠶᠢ ᠪᠤᠴᠠᠭᠠᠬᠤ᠂ ᠤᠯᠠᠨ ᠤᠯᠤᠰ ᠤᠨ ᠪᠠᠷᠠᠭ᠎ᠠ ᠶᠢᠨ ᠭᠦᠢᠯᠭᠡᠭᠡᠨ ᠢ ᠬᠤᠪᠢᠶᠠᠨ ᠰᠠᠯᠭᠠᠵᠤ ᠲᠣᠬᠢᠷᠠᠭᠤᠯᠤᠨ | ᠬᠦᠷᠭᠡᠬᠦ᠂ ᠭᠠᠷᠠᠮ ᠳᠠᠮᠵᠢᠭᠰᠠᠨ ᠠᠷᠠᠯᠵᠢᠶ᠎ᠠ᠂ ᠭᠠᠶᠢᠯᠢ ᠪᠠᠲᠤᠯᠠᠬᠤ ᠳᠡᠯᠭᠡᠨ ᠦᠵᠡᠭᠦᠯᠦᠭᠡ᠂ ᠡᠩ ᠤᠨ ᠪᠣᠯᠪᠠᠰᠤᠷᠠᠭᠤᠯᠭᠠ ᠵᠢᠴᠢ ᠦᠷᠳᠡᠭ ᠨᠡᠮᠡᠭᠳᠡᠭᠰᠡᠨ ᠦᠢᠯᠡᠴᠢᠯᠡᠭᠡ | ᠵᠡᠷᠭᠡ ᠴᠢᠳᠠᠪᠬᠢ ᠶᠢ ᠬᠦᠴᠦᠯᠡᠨ ᠪᠠᠶᠢᠭᠤᠯᠤᠨ ᠪᠦᠷᠢᠨᠰᠢᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠳᠤᠷᠠᠳᠤᠭᠰᠠᠨ ︽ᠤᠮᠠᠷᠠᠲᠤ ᠬᠢᠯᠢ ᠶᠢᠨ ᠥᠩᠭᠡ | ᠢᠯᠭᠠᠷᠠᠭᠰᠠᠨ ᠦᠵᠡᠮᠵᠢ ᠶᠢᠨ ᠣᠷᠣᠨ ᠢ ᠴᠣᠭᠴᠠᠯᠠᠬᠤ ᠪᠠ ᠤᠮᠠᠷᠠᠰᠢ ᠨᠡᠭᠡᠭᠡᠬᠦ ᠬᠥᠭᠦᠷᠭᠡᠨ ᠪᠠᠬᠢᠯᠡᠯᠲᠡ︾ ᠶᠢᠨ ᠪᠠᠷᠠᠭᠠᠯᠬᠢᠯᠠᠯᠳᠤ ᠴᠢᠨᠠᠷ ᠲᠠᠢ ᠬᠥᠭᠵᠢᠯᠲᠡ ᠶᠢᠨ | ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠳᠤ ᠪᠠᠲᠤ ᠪᠠᠬᠢ ᠪᠣᠳᠠᠰ ᠤᠨ ᠰᠠᠭᠤᠷᠢ ᠲᠠᠯᠪᠢᠵᠤ᠂ ᠤᠯᠠᠭᠠᠨᠬᠠᠳᠠ ᠶᠢᠨ ᠠᠵᠤ ᠠᠬᠤᠶ ᠶᠢᠨ ᠣᠷᠣᠨ | ᠪᠠᠶᠢᠷᠢᠰᠢᠯ ᠤᠨ ᠳᠠᠪᠠᠭᠤᠯᠢᠭ ᠲᠠᠯ᠎ᠠ ᠶᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠠᠵᠤ ᠦᠢᠯᠡᠰ ᠤᠨ ᠰᠠᠴᠤᠷᠠᠭ ᠤᠨ ᠥᠷᠭᠡᠴᠡ ᠶᠢ ᠨᠡᠮᠡᠭᠳᠡᠭᠦᠯᠵᠦ᠂ ᠬᠤᠲᠠ ᠶᠢᠨ | ᠲᠥᠪᠯᠡᠷᠡᠯ ᠤᠨ ᠦᠢᠯᠡᠳᠦᠯ ᠳᠡᠭᠡᠭᠰᠢᠯᠡᠭᠦᠯᠬᠦ ᠳᠤ ᠪᠠᠶᠢᠭᠤᠯᠤᠯ ᠤᠨ ᠴᠢᠨᠠᠷᠲᠠᠶ ᠪᠠᠲᠤᠯᠠᠭ᠎ᠠ ᠣᠯᠭᠤᠪᠠ᠃ ᠤᠯᠠᠭᠠᠨᠬᠠᠳᠠ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ | ᠲᠥᠪ ᠤᠨ ᠲᠤᠬᠠᠶᠢᠯᠠᠭᠰᠠᠨ ᠠᠵᠢᠯ ᠨᠢ ᠤᠯᠠᠭᠠᠨᠬᠠᠳᠠ ᠬᠤᠲᠠ᠂ ᠲᠦᠩᠯᠢᠶᠣᠤ ᠬᠤᠳᠠ᠂ ᠰᠢᠯᠢ ᠶᠢᠨ ᠭᠤᠣᠯ ᠠᠶᠢᠮᠠᠭ᠂ ᠯᠢᠶᠣᠤᠨᠢᠩ ᠤᠨ ᠪᠠᠷᠠᠭᠤᠨ ᠬᠡᠰᠡᠭ᠂ | ᠡᠾᠧᠪᠸᠢ ᠶᠢᠨ ᠬᠤᠶᠢᠲᠤ ᠬᠡᠰᠡᠭ ᠢ ᠪᠦᠷᠬᠦᠵᠦ᠂ ᠲᠡᠷᠡᠴᠢᠯᠡᠨ ᠤᠯᠠᠭᠠᠨᠬᠠᠳᠠ ᠬᠤᠳᠠ ᠬᠢᠭᠡᠳ ᠲᠢᠶᠠᠨᠵᠢᠨ᠂ ᠵᠢᠨᠵᠧᠦ ᠵᠡᠷᠭᠡ ᠭᠠᠵᠠᠷ ᠲᠠᠢ ᠭᠠᠶᠢᠯᠢ ᠪᠠᠲᠤᠯᠠᠬᠤ | ᠲᠣᠭᠤᠷᠢᠭ ᠭᠠᠷᠠᠮ ᠲᠠᠢ ᠬᠠᠮᠲᠤᠷᠠᠨ ᠬᠥᠳᠡᠯᠦᠯᠴᠡᠬᠦ ᠶᠢ ᠤᠯᠠᠮ ᠴᠢᠨᠠᠭᠰᠢᠳᠠ ᠨᠢᠭᠲᠠᠷᠠᠭᠤᠯᠵᠤ᠂ ᠤᠯᠠᠭᠠᠨᠬᠠᠳᠠ ᠬᠤᠳᠠ ᠵᠢᠴᠢ ᠬᠦᠷᠰᠢ ᠵᠡᠷᠭᠡᠯᠡᠳᠡᠭᠡ ᠭᠠᠵᠠᠷ ᠣᠷᠣᠨ ᠤ | ᠭᠠᠳᠠᠭᠰᠢᠯ ᠠᠵᠤ ᠠᠬᠤᠶ ᠶᠢᠨ ᠬᠤᠷᠳᠤᠴᠠ ᠪᠠᠨ ᠨᠡᠮᠡᠭᠳᠡᠭᠦᠯᠦᠨ ᠬᠦᠭᠵᠢᠬᠦ ᠶᠢ ᠲᠦᠯᠬᠢᠨ ᠠᠬᠢᠭᠤᠯᠪᠠ᠃ ᠤᠯᠠᠭᠠᠨᠬᠠᠳᠠ ᠭᠠᠶᠢᠯᠢ ᠪᠠᠲᠤᠯᠠᠬᠤ ᠪᠠᠷᠠᠭ᠎ᠠ ᠶᠢᠨ | ᠭᠦᠢᠯᠭᠡᠭᠡᠨ ᠤ ᠲᠥᠪ ᠤᠨ ᠲᠣᠭᠤᠷᠢᠨ ᠳᠤ ᠪᠡᠶᠡᠯᠡᠭᠳᠡᠭᠰᠡᠨ ᠰᠦᠯᠵᠢᠶᠡᠨ ᠤ ᠠᠵᠤ ᠠᠬᠤᠶ ᠨᠢ ᠤᠯᠠᠭᠠᠨᠬᠠᠳᠠ ᠬᠤᠳᠠ ᠬᠢᠭᠡᠳ ᠬᠦᠷᠰᠢ ᠵᠡᠷᠭᠡᠯᠡᠳᠡᠭᠡ ᠭᠠᠵᠠᠷ ᠣᠷᠣᠨ ᠤ | ᠪᠡᠯᠡ ᠮᠥᠩᠭᠦ᠂ ᠲᠧᠭᠨᠢᠭ ᠮᠡᠷᠭᠡᠵᠢᠯ᠂ ᠮᠡᠳᠡᠭᠡ ᠵᠠᠩᠭᠢ᠂ ᠬᠥᠳᠡᠯᠮᠦᠷᠢ ᠶᠢᠨ ᠬᠦᠴᠦ ᠵᠡᠷᠭᠡ ᠦᠢᠯᠡᠳᠪᠦᠷᠢᠯᠡᠯ ᠤᠨ ᠴᠢᠬᠤᠯᠠ ᠬᠦᠴᠦᠨ ᠵᠦᠢᠯ ᠤᠨ ᠡᠷᠭᠢᠯᠲᠡ ᠶᠢ | ᠬᠦᠴᠦᠲᠡᠢ ᠲᠦᠯᠬᠢᠨ ᠠᠬᠢᠭᠤᠯᠵᠤ᠂ ᠠᠳᠠᠯᠢᠳᠬᠠᠯ ᠳᠠᠪᠠᠭᠤᠯᠢᠭ ᠪᠠᠷ ᠢᠶᠠᠨ ᠳᠠᠮᠵᠢᠭᠤᠯᠤᠨ᠂ ᠡᠯ᠎ᠡ ᠲᠦᠷᠦᠯ ᠤᠨ ᠦᠢᠯᠡᠳᠪᠦᠷᠢᠯᠡᠯ ᠤᠨ ᠴᠢᠬᠤᠯᠠ ᠬᠦᠴᠦᠨ ᠵᠦᠢᠯ ᠢ | ᠠᠳᠠᠯᠢ ᠪᠤᠰᠤ ᠦᠢᠯᠡᠳᠪᠦᠷᠢᠯᠡᠯ ᠤᠨ ᠣᠷᠣᠨ ᠪᠦᠰᠡ ᠶᠢᠨ ᠬᠤᠭᠤᠷᠣᠨᠳᠣ ᠵᠦᠢ ᠵᠣᠬᠢᠰᠲᠠᠶ ᠲᠣᠬᠢᠷᠠᠭᠤᠯᠵᠤ᠂ ᠡᠭᠦᠨ ᠤ ᠤᠯᠠᠮ ᠢᠶᠠᠷ ᠬᠦᠷᠰᠢ ᠵᠡᠷᠭᠡᠯᠡᠳᠡᠭᠡ ᠣᠷᠣᠨ ᠤ | ᠠᠵᠤ ᠠᠬᠤᠶ ᠶᠢ ᠨᠦᠯᠦᠭᠡᠯᠡᠨ ᠨᠢᠭᠡ ᠴᠣᠭᠴᠠᠵᠢᠭᠤᠯᠬᠤ ᠶᠢ ᠲᠦᠯᠬᠢᠨ ᠠᠬᠢᠭᠤᠯᠬᠤ ᠪᠣᠯᠣᠨ᠎ᠠ᠃ | ᠬᠥᠲᠦᠯᠦᠭᠴᠢ᠄ | ᠵᠣᠣ ᠡᠷᠬᠢᠯᠡᠭᠴᠢ ᠡ᠂ ᠤᠯᠠᠭᠠᠨᠬᠠᠳᠠ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠤᠨ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ | ᠪᠠᠶᠢᠳᠠᠯ ᠨᠢ ᠶᠠᠮᠠᠷ ᠪᠠᠶᠢᠬᠤ ᠪᠣᠢ︖ | ᠵᠣᠣ ᠸᠧᠨ ᡁᠢ᠄ | ᠤᠯᠠᠭᠠᠨᠬᠠᠳᠠ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠨᠢ ᠤᠯᠠᠭᠠᠨᠬᠠᠳᠠ ᠬᠤᠲᠠ ᠶᠢᠨ ᠬᠤᠩ ᠱᠠᠨ ᠲᠣᠭᠤᠷᠢᠭ ᠤᠨ ᠬᠦᠭᠦᠷᠭᠡ ᠶᠢᠨ | ᠠᠷᠤ ᠳᠠᠬᠢ ᠡᠳ᠋ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠲᠣᠭᠤᠷᠢᠭ ᠲᠤ ᠪᠠᠶᠢᠷᠢᠯᠠᠵᠤ᠂ ᠤᠯᠠᠭᠠᠨᠬᠠᠳᠠ ᠬᠤᠲᠠ᠂ ᠬᠤᠩ ᠱᠠᠨ ᠲᠣᠭᠤᠷᠢᠭ ᠤᠨ ᠬᠤᠶᠠᠷ ᠱᠠᠲᠤᠨ ᠤ | ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠬᠠᠮᠲᠤ ᠪᠠᠷ ᠪᠠᠶᠢᠭᠤᠯᠪᠠ᠃ ᠪᠠᠷᠠᠭ᠎ᠠ ᠶᠢᠨ ᠭᠦᠢᠯᠭᠡᠭᠡᠨ ᠤ ᠲᠥᠪ ᠤᠨ ᠲᠦᠯᠦᠪᠵᠢᠭᠦᠯᠦᠭᠰᠡᠨ ᠲᠠᠯᠠᠪᠠᠢ ᠨᠢ1.43 | ᠲᠡᠭᠰᠢ ᠳᠦᠷᠪᠡᠯᠵᠢᠨ ᠺᠢᠯᠤᠮᠧᠲᠷ᠂ ᠨᠢᠭᠡᠳᠦᠭᠡᠷ ᠬᠤᠭᠤᠴᠠᠭᠠᠨ ᠤ ᠬᠦᠷᠢᠶᠡᠯᠡᠭᠰᠡᠨ ᠲᠣᠣᠷ ᠤᠨ ᠲᠠᠯᠠᠪᠠᠢ ᠨᠢ18.41 ᠲᠦᠮᠡᠨ ᠲᠡᠭᠰᠢ ᠳᠦᠷᠪᠡᠯᠵᠢᠨ ᠮᠧᠲᠷ ᠪᠠᠶᠢᠵᠤ᠂ | ᠲᠦᠷᠦᠯ ᠵᠦᠢᠯ ᠤᠨ ᠶᠡᠷᠦᠩᠬᠡᠢ ᠪᠡᠯᠡ ᠣᠷᠤᠭᠤᠯᠤᠯᠲᠠ ᠨᠢ 7.2 ᠳ᠋ᠦᠩᠰᠢᠭᠤᠷ ᠲᠦᠭᠦᠷᠢᠭ ᠪᠣᠯᠤᠨ᠎ᠠ᠃ ᠬᠦᠷᠢᠶᠡᠯᠡᠭᠰᠡᠨ ᠲᠣᠣᠷ ᠤᠨ ᠳᠣᠲᠤᠷ᠎ᠠ ᠲᠥᠪ ᠤᠨ | ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠲᠠᠢ᠂ ᠬᠠᠲᠠᠭᠤ ᠲᠣᠨᠤᠭ ᠤᠨ ᠪᠦᠲᠦᠭᠡᠨ ᠪᠠᠶᠢᠭᠤᠯᠤᠯᠲᠠ ᠭᠡᠪᠡᠯ ᠬᠤᠷᠢᠭ᠎ᠠ ᠵᠢᠴᠢ | ᠲᠤᠬᠠᠶᠢᠯᠠᠭᠰᠠᠨ ᠠᠵᠢᠯ ᠤᠨ ᠶᠡᠷᠦᠩᠬᠡᠶᠢᠯᠡᠭᠰᠡᠨ ᠨᠢᠭᠡ ᠠᠰᠠᠷ ᠪᠣᠢ︔ ᠬᠢᠯᠢ ᠶᠢᠨ ᠪᠣᠭᠤᠮᠲᠠ ᠶᠢᠨ ᠪᠠᠶᠢᠴᠠᠭᠠᠨ ᠰᠢᠯᠭᠠᠬᠤ ᠬᠦᠮᠦᠷᠭᠡ ᠨᠢᠭᠡ ᠪᠣᠢ︔ ᠭᠠᠶᠢᠯᠢ ᠪᠠᠲᠤᠯᠠᠬᠤ | ᠬᠦᠮᠦᠷᠭᠡ 6 ᠪᠠᠶᠢᠵᠤ ᠨᠡᠶᠢᠲᠡ 3.2 ᠲᠦᠮᠡᠨ ᠲᠡᠭᠰᠢ ᠳᠦᠷᠪᠡᠯᠵᠢᠨ ᠮᠧᠲᠷ ᠲᠠᠯᠠᠪᠠᠢ ᠲᠠᠢ︔ ᠪᠠᠷᠠᠭ᠎ᠠ ᠣᠪᠤᠭᠠᠯᠠᠬᠤ ᠵᠠᠳᠠᠭᠠᠢ ᠲᠠᠯᠠᠪᠤᠷ 2 ᠪᠠᠶᠢᠵᠤ ᠨᠡᠶᠢᠲᠡ 2 | ᠲᠦᠮᠡᠨ ᠲᠡᠭᠰᠢ ᠳᠦᠷᠪᠡᠯᠵᠢᠨ ᠮᠧᠲᠷ ᠲᠠᠯᠠᠪᠠᠢ ᠲᠠᠢ᠃ ᠬᠦᠷᠢᠶᠡᠯᠡᠭᠰᠡᠨ ᠲᠣᠣᠷ ᠤᠨ ᠭᠠᠳᠠᠨ᠎ᠠ ᠢᠵᠢ ᠪᠦᠷᠢᠳᠦᠭᠦᠯᠦᠨ ᠪᠦᠲᠦᠭᠡᠨ ᠪᠠᠶᠢᠭᠤᠯᠤᠭᠰᠠᠨ 3 ᠵᠣᠷᠪᠤᠰ ᠲᠡᠮᠦᠷ | ᠵᠠᠮ ᠤᠨ ᠲᠡᠭᠡᠭᠡᠪᠦᠷᠢ ᠶᠢᠨ ᠲᠤᠰᠬᠠᠢ ᠱᠤᠭᠤᠮ ᠲᠠᠢ᠂ 3 ᠲᠦᠮᠡᠨ ᠲᠦᠮᠡᠨ ᠲᠡᠭᠰᠢ ᠳᠦᠷᠪᠡᠯᠵᠢᠨ ᠮᠧᠲᠷ ᠤᠨ ᠴᠢᠨᠡᠭᠡᠯᠢᠭ ᠤᠨ ᠪᠠᠷᠠᠭ᠎ᠠ ᠣᠪᠤᠭᠠᠯᠠᠬᠤ ᠲᠠᠯᠠᠪᠤᠷ ᠵᠢᠴᠢ 1 | ᠲᠦᠮᠡᠨ ᠲᠡᠭᠰᠢ ᠳᠦᠷᠪᠡᠯᠵᠢᠨ ᠮᠧᠲᠷ ᠤᠨ ᠦᠷᠲᠡᠭᠡᠨ ᠲᠠᠪᠴᠠᠩ ᠤᠨ ᠤᠷᠳᠤᠳᠬᠠᠭᠰᠠᠨ ᠬᠦᠮᠦᠷᠭᠡ ᠪᠠᠶᠢᠨ᠎ᠠ᠃ | ᠤᠯᠠᠭᠠᠨᠬᠠᠳᠠ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠤᠨ ᠴᠢᠳᠠᠪᠤᠷᠢ ᠶᠢ ᠤᠯᠠᠮ ᠲᠡᠭᠦᠯᠳᠡᠷᠵᠢᠭᠦᠯᠵᠦ᠂ ᠰᠠᠭᠤᠭᠠᠯᠢ ᠠᠷᠠᠳ ᠤᠨ ᠬᠡᠷᠡᠭᠯᠡᠭᠡᠨ ᠤ | ᠳᠡᠰ ᠢ ᠳᠡᠪᠰᠢᠭᠦᠯᠬᠦ ᠬᠡᠷᠡᠭᠴᠡᠭᠡ ᠶᠢ ᠬᠠᠩᠭᠠᠵᠤ᠂ ᠤᠯᠠᠭᠠᠨᠬᠠᠳᠠ ᠶᠢᠨ ᠠᠷᠠᠯᠵᠢᠶ᠎ᠠ ᠬᠤᠳᠠᠯᠳᠤᠭᠠᠨ ᠤ ᠦᠢᠯᠡᠰ ᠤᠨ ᠬᠦᠭᠵᠢᠯᠲᠡ ᠶᠢᠨ ᠪᠦᠲᠦᠴᠡ ᠶᠢ | ᠰᠢᠯᠢᠳᠡᠭᠵᠢᠭᠦᠯᠬᠦ ᠶᠢᠨ ᠲᠤᠰᠠᠳᠠ᠂ 2015 ᠣᠨ ᠤ 5 ᠳ᠋ᠤᠭᠠᠷ ᠰᠠᠷ᠎ᠠ ᠳᠤ ᠤᠯᠠᠭᠠᠨᠬᠠᠳᠠ ᠭᠠᠶᠢᠯᠢ ᠪᠠᠲᠤᠯᠠᠬᠤ ᠲᠠᠸᠠᠷ ᠤᠨ ᠦᠵᠡᠭᠦᠯᠦᠯᠭᠡ ᠠᠷᠠᠯᠵᠢᠶ᠎ᠠ | ᠰᠣᠯᠢᠯᠴᠠᠭᠠᠨ ᠤ ᠲᠥᠪ ᠤᠨ ᠪᠦᠲᠦᠭᠡᠨ ᠪᠠᠶᠢᠭᠤᠯᠤᠯᠲᠠ ᠪᠠ ᠪᠡᠯᠡᠳᠬᠡᠯ ᠠᠵᠢᠯ ᠢ ᠵᠢᠩᠬᠢᠨᠢ ᠪᠠᠷ ᠡᠬᠢᠯᠡᠭᠦᠯᠵᠦ᠂ 8 ᠳ᠋ᠤᠭᠠᠷ ᠰᠠᠷ᠎ᠠ ᠶᠢᠨ 16 ᠤ ᠡᠳᠦᠷ ᠵᠢᠩᠬᠢᠨᠢ ᠪᠠᠷ | ᠠᠰᠢᠭᠯᠠᠯᠲᠠ ᠳᠤ ᠣᠷᠤᠭᠤᠯᠪᠠ᠃ ᠤᠯᠠᠭᠠᠨᠬᠠᠳᠠ ᠭᠠᠶᠢᠯᠢ ᠪᠠᠲᠤᠯᠠᠬᠤ ᠲᠠᠸᠠᠷ ᠤᠨ ᠦᠵᠡᠭᠦᠯᠦᠯᠭᠡ ᠠᠷᠠᠯᠵᠢᠶ᠎ᠠ ᠰᠣᠯᠢᠯᠴᠠᠭᠠᠨ ᠤ ᠲᠥᠪ ᠤᠨ ᠪᠠᠷᠢᠯᠭ᠎ᠠ ᠶᠢᠨ ᠲᠠᠯᠠᠪᠠᠢ ᠨᠢ | 2400 ᠲᠡᠭᠰᠢ ᠳᠦᠷᠪᠡᠯᠵᠢᠨ ᠮᠧᠲᠷ ᠪᠠᠶᠢᠵᠤ᠂ ᠨᠡᠶᠢᠲᠡ 1200 ᠲᠦᠮᠡᠨ ᠲᠦᠭᠦᠷᠢᠭ ᠤᠨ ᠪᠡᠯᠡ ᠣᠷᠤᠭᠤᠯᠵᠤ᠂ ︽ᠡᠮᠦᠨ᠎ᠡ ᠨᠢ ᠳᠡᠯᠭᠡᠭᠦᠷ + ᠬᠤᠶᠢᠨ᠎ᠠ ᠨᠢ | ᠬᠦᠮᠦᠷᠭᠡ︾ ᠶᠢᠨ ᠴᠢᠳᠠᠮᠵᠢ ᠲᠠᠢ ᠪᠠᠶᠢᠷᠢᠰᠢᠭᠤᠯᠵᠤ᠂ ᠡᠮᠦᠨᠡᠬᠢ ᠳᠡᠯᠭᠡᠭᠦᠷ ᠢ ᠭᠠᠶᠢᠯᠢ ᠪᠠᠲᠤᠯᠠᠬᠤ ᠲᠠᠸᠠᠷ ᠤᠨ ᠦᠵᠡᠭᠦᠯᠦᠯᠭᠡ ᠠᠷᠠᠯᠵᠢᠶ᠎ᠠ ᠰᠣᠯᠢᠯᠴᠠᠭᠠᠨ ᠤ ᠲᠥᠪ᠂ | ᠬᠤᠶᠢᠨᠠᠬᠢ ᠬᠦᠮᠦᠷᠭᠡ ᠶᠢ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠤᠨ ᠭᠠᠶᠢᠯᠢ ᠪᠠᠲᠤᠯᠠᠬᠤ ᠬᠦᠮᠦᠷᠭᠡ ᠪᠣᠯᠭᠠᠵᠤ᠂ ᠳᠣᠲᠤᠷ᠎ᠠ ᠨᠢ 3 ᠴᠢᠳᠠᠮᠵᠢ ᠶᠢᠨ | ᠲᠣᠭᠤᠷᠢᠭ ᠪᠠᠶᠢᠭᠤᠯᠵᠤ᠂ ᠲᠤᠰ ᠲᠤᠰ ᠭᠠᠶᠢᠯᠢ ᠪᠠᠲᠤᠯᠠᠬᠤ ᠲᠠᠸᠠᠷ ᠤᠨ ᠦᠵᠡᠭᠦᠯᠦᠯᠭᠡ ᠪᠠ ᠠᠷᠠᠯᠵᠢᠶ᠎ᠠ ᠰᠣᠯᠢᠯᠴᠠᠭᠠᠨ ᠤ ᠲᠣᠭᠤᠷᠢᠭ᠂ ᠠᠵᠢᠯᠯᠠᠬᠤ ᠲᠣᠭᠤᠷᠢᠭ ᠪᠠ | ᠵᠥᠪᠯᠡᠨ ᠶᠠᠷᠢᠯᠴᠠᠬᠤ ᠲᠣᠭᠤᠷᠢᠭ ᠭᠠᠷᠭᠠᠵᠠᠢ᠃ | ᠠᠰᠳᠠᠭᠠᠨ ᠪᠠᠰᠠ ᠤᠯᠤᠰ ᠤᠨ ᠮᠢᠬᠠᠨ ᠤ ᠲᠦᠷᠦᠯ ᠵᠢᠴᠢ ᠲᠡᠭᠦᠨ ᠤ ᠪᠦᠲᠦᠭᠡᠭᠳᠡᠬᠦᠨ ᠢ ᠪᠠᠶᠢᠴᠠᠭᠠᠨ ᠰᠢᠯᠭᠠᠬᠤ ᠤᠷᠤᠨ ᠬᠤᠪᠢᠶᠠᠷᠢ ᠶᠢᠨ ᠴᠢᠨᠠᠷ ᠲᠠᠢ ᠭᠤᠣᠯ | ᠲᠤᠷᠰᠢᠯᠲᠠ ᠶᠢᠨ ᠲᠠᠰᠤᠭ ᠵᠢᠴᠢ ᠢᠵᠢ ᠪᠦᠷᠢᠳᠦᠭᠦᠯᠦᠭᠰᠡᠨ ᠪᠡᠯᠡᠳᠭᠡᠮᠵᠢ ᠶᠢ ᠨᠢᠭᠡᠨᠲᠡ ᠪᠠᠶᠢᠭᠤᠯᠤᠨ ᠳᠠᠭᠤᠰᠴᠤ᠂ ᠣᠳᠣ ᠶᠠᠭ ᠦᠷᠦᠭᠡᠨ ᠳᠣᠲᠤᠷᠠᠬᠢ ᠶᠢ ᠨᠢ ᠵᠠᠰᠠᠨ | ᠴᠢᠮᠡᠵᠦ ᠪᠠᠶᠢᠨ᠎ᠠ᠃ ᠤᠯᠤᠰ ᠤᠨ ᠮᠢᠬᠠᠨ ᠤ ᠲᠦᠷᠦᠯ ᠵᠢᠴᠢ ᠲᠡᠭᠦᠨ ᠤ ᠪᠦᠲᠦᠭᠡᠭᠳᠡᠬᠦᠨ ᠢ ᠪᠠᠶᠢᠴᠠᠭᠠᠨ ᠰᠢᠯᠭᠠᠬᠤ ᠤᠷᠤᠨ ᠬᠤᠪᠢᠶᠠᠷᠢ ᠶᠢᠨ ᠴᠢᠨᠠᠷ ᠲᠠᠢ ᠭᠤᠣᠯ | ᠲᠤᠷᠰᠢᠯᠲᠠ ᠶᠢᠨ ᠲᠠᠰᠤᠭ ᠢ ᠪᠠᠶᠢᠭᠤᠯᠤᠭᠰᠠᠨ ᠨᠢ ᠤᠯᠠᠭᠠᠨᠬᠠᠳᠠ ᠶᠢᠨ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠤᠨ ᠬᠢᠯᠢ ᠪᠠᠷ ᠣᠷᠣᠭᠤᠯᠵᠤ ᠭᠠᠷᠭᠠᠬᠤ | ᠲᠠᠸᠠᠷ ᠦᠢᠯᠡᠴᠢᠯᠡᠭᠡ ᠶᠢ ᠬᠢᠨᠠᠨ ᠬᠠᠮᠢᠶᠠᠷᠬᠤ ᠴᠢᠳᠠᠪᠤᠷᠢ ᠶᠢ ᠤᠯᠠᠮ ᠳᠡᠭᠡᠭᠰᠢᠯᠡᠭᠦᠯᠬᠦ ᠪᠣᠯᠤᠨ᠎ᠠ᠃ | ᠬᠦᠲᠦᠯᠦᠭᠴᠢ᠄ | ᠣᠳᠣ ᠶᠠᠮᠠᠷ ᠶᠠᠮᠠᠷ ᠰᠠᠯᠠᠭ᠎ᠠ ᠮᠦᠴᠢᠷ ᠨᠢᠭᠡᠨᠲᠡ ᠲᠥᠪ ᠲᠤ ᠣᠷᠤᠵᠤ ᠰᠠᠭᠤᠭᠰᠠᠨ ᠪᠣᠢ︖ ᠲᠥᠪ ᠲᠤ ᠣᠷᠤᠵᠤ ᠰᠠᠭᠤᠭᠰᠠᠨ ᠠᠵᠤ ᠠᠬᠤᠶᠢᠯᠠᠯ ᠶᠠᠮᠠᠷ ᠶᠠᠮᠠᠷ | ᠬᠠᠷᠠᠭᠠᠯᠵᠠᠯ ᠤᠨ ᠲᠥᠷᠦ ᠶᠢᠨ ᠪᠣᠳᠤᠯᠭ᠎ᠠ ᠬᠦᠷᠲᠡᠬᠦ ᠪᠣᠢ︖ | ᠣᠳᠣᠬᠠᠨ ᠳᠤ᠂ ᠬᠢᠯᠢ ᠶᠢᠨ ᠪᠣᠭᠤᠮᠲᠠ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ᠂ ᠪᠠᠩᠬᠢ᠂ ᠭᠠᠶᠢᠯᠢ ᠶᠢᠨ ᠶᠠᠪᠤᠳᠠᠯ᠂ ᠳᠠᠭᠠᠳᠬᠠᠯ᠂ ᠭᠠᠳᠠᠭᠠᠳᠤ | ᠭᠤᠪᠢᠭᠤᠯᠭ᠎ᠠ᠂ ᠡᠳ᠋ ᠪᠠᠷᠠᠭ᠎ᠠ ᠣᠷᠣᠯᠠᠨ ᠭᠦᠢᠴᠡᠳᠬᠡᠬᠦ ᠵᠡᠷᠭᠡ ᠰᠠᠯᠠᠭ᠎ᠠ ᠮᠦᠴᠢᠷ ᠤᠳ ᠲᠥᠪ ᠲᠤ ᠣᠷᠤᠵᠤ ᠰᠠᠭᠤᠪᠠ᠃ ᠱᠠᠩᠬᠠᠶ ᠶᠢᠨ ᠴᠢᠯᠥᠭᠡᠲᠦ ᠠᠷᠠᠯᠵᠢᠶᠠᠨ ᠤ | ᠣᠷᠣᠨ ᠤ ᠬᠢᠯᠢ ᠶᠢᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠰᠢᠨ᠎ᠡ ᠡᠭᠦᠳᠦᠯᠲᠡ ᠶᠢᠨ 14 ᠳᠦᠷᠢᠮ ᠢ ᠲᠥᠪ ᠲᠡᠭᠡᠨ ᠰᠢᠯᠵᠢᠭᠦᠯᠵᠦ ᠪᠣᠯᠬᠤ ᠪᠦᠭᠡᠳ ᠣᠳᠣ | ᠨᠢᠭᠡᠨᠲᠡ ︽ᠤᠷᠢᠳᠠᠪᠡᠷ ᠲᠣᠭᠤᠷᠢᠭ ᠲᠤ ᠣᠷᠤᠵᠤ ᠳᠠᠷᠠᠭ᠎ᠠ ᠨᠢ ᠪᠣᠭᠤᠮᠲᠠ ᠳᠤ ᠮᠡᠳᠡᠭᠦᠯᠬᠦ︾᠂ ︽ᠲᠣᠭᠤᠷᠢᠭ ᠤᠨ ᠳᠣᠲᠤᠷ᠎ᠠ ᠦᠪᠡᠰᠦᠪᠡᠨ ᠲᠡᠭᠡᠭᠡᠪᠦᠷᠢᠯᠡᠬᠦ︾᠂ ︽ | ᠭᠠᠶᠢᠯᠢ ᠪᠠᠲᠤᠯᠠᠬᠤ ᠦᠵᠡᠭᠦᠯᠦᠯᠭᠡ ᠶᠢᠨ ᠰᠣᠯᠢᠯᠴᠠᠭ᠎ᠠ ᠠᠷᠠᠯᠵᠢᠶ᠎ᠠ ᠬᠢᠬᠦ︾᠂ ︽ᠪᠣᠭᠤᠮᠲᠠ ᠪᠠᠷ ᠥᠩᠭᠡᠷᠡᠬᠦ ᠠᠵᠢᠯ ᠤᠨ ᠳᠠᠭᠠᠯᠳᠤᠭᠤᠯᠬᠤ ᠬᠠᠭᠤᠳᠠᠰᠤ ᠪᠠᠷᠢᠮᠲᠠ ᠶᠢ | ᠳᠦᠭᠦᠮᠴᠢᠯᠡᠬᠦ︾᠂ ︽ᠨᠠᠷᠢᠨ ᠳᠠᠩᠰᠠ ᠶᠢ ᠨᠢᠭᠡᠳᠦᠯᠲᠡᠶ ᠳᠠᠩᠰᠠᠯᠠᠬᠤ︾᠂ ︽ᠪᠦᠭᠡᠮ ᠤᠳᠠᠭ᠎ᠠ ᠪᠠᠷ ᠣᠷᠤᠭᠤᠯᠵᠤ ᠭᠠᠷᠭᠠᠬᠤ ᠶᠢ ᠲᠥᠪᠯᠡᠷᠡᠭᠦᠯᠦᠨ ᠭᠤᠶᠤᠴᠢᠯᠠᠬᠤ︾᠂ | ︽ᠲᠥᠪᠯᠡᠷᠡᠭᠦᠯᠦᠨ ᠬᠤᠷᠢᠶᠠᠩᠭᠤᠶᠢᠯᠠᠵᠤ ᠪᠠᠶᠢᠭᠠᠳ ᠭᠠᠶᠢᠯᠢ ᠲᠤᠰᠢᠶᠠᠬᠤ︾ ᠪᠠ ︽ᠤᠶᠤᠨᠴᠢᠯᠠᠭᠰᠠᠨ ᠬᠤᠷᠢᠭ᠎ᠠ ᠪᠠᠷ ᠰᠢᠯᠭᠠᠨ ᠪᠠᠶᠢᠴᠠᠭᠠᠬᠤ ᠦᠩᠭᠡᠷᠡᠭᠦᠯᠬᠦ | ᠬᠠᠮᠢᠶᠠᠷᠬᠤ︾ ᠵᠡᠷᠭᠡ ᠨᠠᠢᠮᠠᠨ ᠵᠦᠢᠯ ᠤᠨ ᠲᠤᠬᠠᠶᠢᠯᠠᠭᠰᠠᠨ ᠠᠵᠢᠯ ᠢ ᠦᠷᠨᠢᠭᠦᠯᠵᠦ᠂ ᠲᠥᠪ ᠤᠨ ︽ᠨᠢᠭᠡ ᠦᠷᠲᠡᠭᠡᠨ ᠤ ᠬᠡᠯᠪᠡᠷᠢ︾ ᠶᠢᠨ ᠲᠦᠷᠭᠡᠨ ᠢᠶᠠᠷ ᠪᠣᠭᠤᠮᠲᠠ | ᠦᠩᠭᠡᠷᠡᠭᠦᠯᠬᠦ ᠵᠠᠭᠪᠤᠷ ᠢ ᠠᠮᠢᠳᠤᠯᠢᠭ ᠪᠣᠯᠭᠠᠪᠠ᠃ ᠪᠣᠰᠤᠳ ᠬᠠᠷᠠᠭᠠᠯᠵᠠᠯ ᠦᠵᠡᠭᠦᠯᠬᠦ ᠲᠦᠷᠦ ᠶᠢᠨ ᠪᠤᠳᠤᠯᠭ᠎ᠠ ᠶᠢᠨ ᠲᠠᠯ ᠪᠠᠷ᠂ ᠣᠷᠤᠵᠤ ᠰᠠᠭᠤᠭᠰᠠᠨ ᠠᠵᠤ | ᠠᠬᠤᠶᠢᠯᠠᠯ ᠪᠠᠰᠠ ︽ᠨᠢᠭᠡᠳᠦᠭᠡᠷ ᠵᠢᠯ ᠳᠤ ᠬᠡᠯᠲᠦᠷᠢᠭᠦᠯᠦᠨ ᠬᠤᠶᠠᠳᠤᠭᠠᠷ ᠵᠢᠯ ᠳᠤ ᠬᠠᠭᠠᠰ ᠢ ᠬᠠᠰᠤᠬᠤ︾ ᠭᠠᠶᠢᠯᠢ ᠪᠠᠲᠤᠯᠠᠬᠤ ᠬᠦᠮᠦᠷᠭᠡ ᠶᠢ ᠳᠦᠷᠢᠶᠡᠰᠦᠯᠡᠬᠦ | ᠲᠦᠷᠦ ᠶᠢᠨ ᠪᠤᠳᠤᠯᠭ᠎ᠠ ᠶᠢ ᠬᠦᠷᠲᠡᠵᠦ ᠪᠣᠯᠤᠨ᠎ᠠ᠂ ᠲᠤᠬᠠᠶᠢᠯᠠᠪᠠᠯ 2015 ᠣᠨ ᠳᠤ ᠲᠥᠪ ᠲᠤ ᠣᠷᠤᠵᠤ ᠰᠠᠭᠤᠭᠰᠠᠨ ᠠᠵᠤ ᠠᠬᠤᠶᠢᠯᠠᠯ ᠠᠴᠠ ᠭᠠᠶᠢᠯᠢ ᠪᠠᠲᠤᠯᠠᠬᠤ | ᠬᠦᠮᠦᠷᠭᠡ ᠳᠤ ᠬᠥᠮᠥᠷᠭᠡᠯᠡᠨ ᠬᠠᠳᠠᠭᠠᠯᠠᠬᠤ ᠰᠦᠢᠳᠬᠡᠯ ᠢ ᠥᠯᠥ ᠬᠤᠷᠢᠶᠠᠬᠤ᠂ 2016 ᠣᠨ ᠠᠴᠠ2017 ᠣᠨ ᠳᠤ ᠲᠥᠪ ᠲᠤ ᠣᠷᠤᠵᠤ ᠰᠠᠭᠤᠭᠰᠠᠨ ᠠᠵᠤ | ᠠᠬᠤᠶᠢᠯᠠᠯ ᠠᠴᠠ ᠭᠠᠶᠢᠯᠢ ᠪᠠᠲᠤᠯᠠᠬᠤ ᠬᠦᠮᠦᠷᠭᠡ ᠳᠤ ᠬᠥᠮᠥᠷᠭᠡᠯᠡᠨ ᠬᠠᠳᠠᠭᠠᠯᠠᠬᠤ ᠰᠦᠢᠳᠬᠡᠯ ᠢ ᠬᠠᠭᠠᠰ ᠢᠶᠠᠷ ᠬᠤᠷᠢᠶᠠᠬᠤ ᠪᠣᠯᠤᠨ᠎ᠠ᠃ ᠡᠭᠦᠨ ᠤ ᠬᠠᠮᠲᠤ ᠲᠥᠪ ᠲᠤ | ᠣᠷᠤᠵᠤ ᠰᠠᠭᠤᠬᠤ ᠠᠵᠤ ᠠᠬᠤᠶᠢᠯᠠᠯ ᠤᠨ ᠪᠠᠶᠢᠭᠤᠯᠬᠤ᠂ ᠬᠤᠪᠢᠷᠠᠭᠤᠯᠬᠤ᠂ ᠲᠠᠩᠰᠠ ᠡᠪᠬᠡᠮᠡᠯ ᠢ ᠪᠠᠶᠢᠴᠠᠭᠠᠨ ᠠᠰᠠᠭᠤᠬᠤ᠂ ᠡᠵᠡᠩᠨᠡᠯᠲᠡ ᠶᠢᠨ ᠦᠨᠡᠮᠯᠡᠯ ᠤᠨ ᠬᠥᠯᠥᠰᠥ | ᠦᠷᠳᠡᠭ ᠤᠨ ᠵᠠᠷᠤᠳᠠᠯ ᠪᠣᠯᠤᠨ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠤᠭᠤᠯᠤᠭᠰᠠᠨ ᠠᠵᠤ ᠠᠬᠤᠶᠢᠯᠠᠯ ᠤᠨ ᠪᠠᠶᠢᠭᠤᠯᠬᠤ ᠳᠠᠩᠰᠠᠯᠠᠭᠤᠯᠬᠤ ᠪᠠ ᠬᠤᠪᠢᠷᠠᠭᠤᠯᠬᠤ | ᠵᠠᠷᠤᠳᠠᠯ᠂ ᠣᠨ ᠤ ᠪᠠᠶᠢᠴᠠᠭᠠᠯᠲᠠ ᠵᠡᠷᠭᠡ ᠠᠵᠤ ᠦᠢᠯᠡᠳᠪᠦᠷᠢ ᠬᠤᠳᠠᠯᠳᠤᠭᠠᠨ ᠤ ᠵᠠᠷᠤᠳᠠᠯ ᠢ ᠬᠡᠯᠲᠦᠷᠢᠭᠦᠯᠦᠨ᠎ᠡ᠃ | ᠬᠦᠲᠦᠯᠦᠭᠴᠢ᠄ | ᠵᠣᠤ ᠡᠷᠬᠢᠯᠡᠭᠴᠢ ᠡ᠂ ᠣᠳᠣᠬᠠᠨ ᠳᠤ ᠲᠥᠪ ᠤᠨ ᠡᠵᠡᠩᠨᠡᠯᠲᠡ ᠶᠢᠨ ᠪᠠᠶᠢᠳᠠᠯ ᠨᠢ ᠶᠠᠮᠠᠷ ᠪᠠᠶᠢᠨ᠎ᠠ ᠪᠣᠢ︖ | ᠵᠣᠣ ᠸᠧᠨ ᡁᠢ᠄ | ᠣᠳᠣᠬᠠᠨ ᠳᠤ᠂ ᠲᠥᠪ ᠲᠤ ᠣᠷᠤᠵᠤ ᠰᠠᠭᠤᠭᠰᠠᠨ ᠠᠵᠤ ᠠᠬᠤᠶᠢᠯᠠᠯ 14 ᠪᠠᠶᠢᠵᠤ᠂ ᠲᠤᠬᠠᠶᠢᠯᠠᠭᠰᠠᠨ ᠠᠵᠢᠯ ᠤᠨ ᠠᠵᠢᠯᠯᠠᠭ᠎ᠠ 206 ᠤᠳᠠᠭ᠎ᠠ ᠦᠷᠨᠢᠭᠦᠯᠪᠡ | ᠃ ᠭᠠᠳᠠᠭᠠᠳᠤ ᠳᠤ ᠭᠠᠷᠭᠠᠵᠤ ᠪᠠᠶᠢᠭ᠎ᠠ ᠲᠠᠸᠠᠷ ᠨᠢ ᠭᠤᠣᠯᠳᠠᠭᠤ ᠤᠯᠠᠭᠠᠨᠬᠠᠳᠠ ᠶᠢᠨ ᠸᠧᠢ ᠰᠢᠨ ᠺᠣᠮᠫᠠᠨᠢ ᠠᠴᠠ ᠶᠠᠫᠤᠨ ᠤ ᠶᠤᠺᠤᠬᠠᠮᠠ᠂ ᠤᠤᠰᠠᠺᠠ ᠳᠤ ᠭᠠᠷᠭᠠᠵᠤ | ᠪᠠᠶᠢᠭ᠎ᠠ ᠬᠤᠨᠢᠨ ᠤ ᠬᠠᠶᠢᠴᠢᠮᠠᠯ ᠨᠣᠯᠤᠤᠷ ᠤᠨ ᠲᠠᠩᠽᠢ ᠳᠡᠪᠢᠰᠬᠡᠷ︔ ᠦᠪᠦᠷ ᠮᠣᠩᠭᠤᠯ ᠤᠨ ᠢ ᠫᠢᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠺᠣᠮᠫᠠᠨᠢ ᠠᠴᠠ ᠸᠢᠶᠧᠲᠨᠡᠮ ᠤᠨ ᠳᠠᠯᠠᠢ ᠶᠢᠨ ᠬᠠᠮᠠᠭᠠᠯᠠᠯᠲᠠ ᠳᠤ ᠭᠠᠷᠭᠠᠵᠤ ᠪᠠᠶᠢᠭ᠎ᠠ ᠯᠢᠰᠢᠨ ᠬᠦᠴᠢᠯ︔ ᠦᠪᠦᠷ ᠮᠣᠩᠭᠤᠯ ᠤᠨ ᠭᠧᠯᠢᠨᠲ ᠡᠮ ᠦᠢᠯᠡᠳᠬᠦ ᠺᠣᠮᠫᠠᠨᠢ ᠠᠴᠠ | ᠫᠠᠺᠢᠰᠲ᠋ᠠᠨ ᠤ ᠺᠠᠷᠠᠴᠢ ᠳᠤ ᠭᠠᠷᠭᠠᠵᠤ ᠪᠠᠶᠢᠭ᠎ᠠ ᠰᠢᠩᠭᠡᠨ ᠶᠡᠭᠦᠯᠡᠬᠦ ᠪᠠᠭᠠᠵᠢ᠂ ᠡᠨᠡᠳᠬᠡᠭ ᠤᠨ ᠨᠠᠸᠠᠰᠢᠸᠠ ᠭᠠᠷᠭᠠᠵᠤ ᠪᠠᠶᠢᠭ᠎ᠠ ᠭᠷᠢᠰᠧᠤᠹᠦ᠋ᠯᠸᠢᠢᠨ ᠵᠡᠷᠭᠡ ᠪᠠᠶᠢᠨ᠎ᠠ᠃ | ᠣᠷᠤᠭᠤᠯᠵᠤ ᠪᠠᠶᠢᠭ᠎ᠠ ᠲᠠᠸᠠᠷ ᠨᠢ ᠭᠤᠣᠯᠳᠠᠭᠤ ᠺᠣᠷᠢᠶᠠ ᠶᠢᠨ ᠵᠠᠰᠠᠯ ᠴᠢᠮᠡᠭ ᠤᠨ ᠡᠳ᠋᠂ ᠬᠡᠷ ᠤᠨ ᠴᠠᠬᠢᠯᠭᠠᠨ ᠬᠡᠷᠡᠭᠰᠡᠯ ᠪᠠ ᠬᠤᠪᠴᠠᠰᠤ ᠬᠤᠨᠠᠷ᠂ ᠶᠠᠫᠤᠨ ᠤ | ᠵᠢᠷᠮᠦᠰᠦᠨ ᠡᠬᠡᠨᠡᠷ ᠪᠠ ᠨᠢᠯᠬ᠎ᠠ ᠬᠡᠤᠬᠡᠳ ᠤᠨ ᠬᠡᠷᠡᠭᠰᠡᠯ᠂ ᠧᠦ᠋ᠷᠣᠫᠠ ᠲᠢᠪ ᠤᠨ ᠤᠯᠠᠭᠠᠨ ᠠᠷᠢᠬᠢ᠂ ᠤᠮᠠᠷᠠᠲᠤ ᠠᠮᠧᠷᠢᠺᠠ ᠲᠢᠪ ᠤᠨ ᠢᠳᠡᠭᠡᠨ᠂ ᠣᠷᠣᠰ ᠤᠨ ᠭᠤᠯᠢᠷ | ᠵᠢᠴᠢ ᠦᠺᠷᠠᠢᠨ ᠤ ᠨᠡᠷᠡᠨ ᠬᠤᠸᠠᠷ ᠤᠨ ᠲᠣᠰᠣ ᠵᠡᠷᠭᠡ ᠪᠠᠶᠢᠵᠤ᠂ 10 ᠭᠠᠷᠤᠢ ᠤᠯᠤᠰ ᠤᠷᠤᠨ ᠳᠤ ᠬᠤᠯᠪᠤᠭᠳᠠᠬᠤ 1600 ᠭᠠᠷᠤᠢ ᠲᠠᠸᠠᠷ ᠪᠠᠶᠢᠨ᠎ᠠ᠃ | ᠣᠷᠤᠭᠤᠯᠵᠤ ᠭᠠᠷᠭᠠᠵᠤ ᠪᠠᠶᠢᠭ᠎ᠠ ᠬᠢᠨᠠᠨ ᠬᠠᠮᠢᠶᠠᠷᠬᠤ ᠪᠠᠷᠠᠭ᠎ᠠ ᠶᠢᠨ ᠦᠷᠲᠡᠭ ᠨᠢ 2000 ᠭᠠᠷᠤᠢ ᠲᠦᠮᠡᠨ ᠲᠦᠭᠦᠷᠢᠭ ᠬᠦᠷᠴᠦ᠂ 200 ᠭᠠᠷᠤᠢ ᠲᠦᠮᠡᠨ | ᠲᠦᠭᠦᠷᠢᠭ ᠤᠨ ᠭᠠᠶᠢᠯᠢ ᠲᠤᠰᠢᠶᠠᠵᠤ ᠪᠠᠶᠢᠨ᠎ᠠ᠃ | ᠬᠥᠲᠥᠯᠥᠭᠴᠢ᠄ | ᠡᠨᠡ ᠵᠢᠯ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠨᠢ ᠶᠠᠮᠠᠷ ᠶᠠᠮᠠᠷ ᠭᠤᠣᠯᠳᠠᠯᠭ᠎ᠠ ᠲᠠᠢ ᠠᠵᠢᠯ ᠤᠨ ᠡᠭᠦᠷᠭᠡ ᠡᠭᠦᠷᠭᠡᠯᠡᠭᠰᠡᠨ ᠪᠤᠢ︖ | ᠵᠣᠣ ᠸᠧᠨ ᡁᠢ᠄ | ᠡᠨᠡ ᠵᠢᠯ ᠤᠨ ᠠᠵᠢᠯ ᠢ ᠭᠤᠣᠯᠳᠠᠭᠤ ᠳᠣᠣᠷᠠᠬᠢ ᠵᠢᠷᠭᠤᠭᠠᠨ ᠵᠦᠢᠯ ᠤᠨ ᠭᠤᠣᠯᠳᠠᠯᠭ᠎ᠠ ᠶᠢᠨ ᠲᠣᠭᠤᠷᠢᠨ ᠳᠤ ᠥᠷᠨᠢᠭᠦᠯᠪᠡ᠃ ᠪᠣᠳᠠᠲᠠᠶ ᠪᠠᠷ ᠬᠡᠯᠡᠪᠡᠯ᠄ | ᠨᠢᠭᠡ ᠳᠤ ᠣᠷᠣᠨ ᠬᠤᠪᠢᠶᠠᠷᠢ ᠶᠢᠨ ᠪᠣᠭᠤᠮᠲᠠ ᠥᠩᠭᠡᠷᠡᠬᠦ ᠶᠢ ᠨᠢᠭᠡ ᠴᠤᠭᠴᠠᠵᠢᠭᠤᠯᠬᠤ ᠥᠭᠡᠷᠡᠴᠢᠯᠡᠯᠲᠡ ᠶᠢ ᠠᠬᠢᠭᠤᠯᠵᠤ᠂ ᠠᠵᠤ ᠠᠬᠤᠶᠢᠯᠠᠯ ᠤᠳ ᠲᠤ | ᠪᠣᠭᠤᠮᠲᠠ ᠪᠠᠷ ᠥᠩᠭᠡᠷᠡᠬᠦ ᠳᠤ ᠲᠥᠬᠦᠮ ᠦᠵᠡᠭᠦᠯᠪᠡ᠃ ᠰᠠᠯᠠᠭ᠎ᠠ ᠮᠥᠴᠢᠷ ᠤᠳ ᠤᠨ ᠨᠡᠪᠲᠡᠷᠡᠯᠴᠡᠭᠡᠨ ᠵᠣᠬᠢᠴᠠᠯᠳᠤᠬᠤ ᠶᠢ ᠴᠢᠩᠭᠠᠳᠬᠠᠵᠤ᠂ ︽ᠨᠢᠭᠡ ᠤᠳᠠᠭ᠎ᠠ | ᠭᠤᠶᠤᠴᠢᠯᠠᠬᠤ᠂ ᠨᠢᠭᠡ ᠤᠳᠠᠭ᠎ᠠ ᠪᠠᠶᠢᠴᠠᠭᠠᠨ ᠰᠢᠯᠭᠠᠬᠤ᠂ ᠨᠢᠭᠡ ᠤᠳᠠᠭ᠎ᠠ ᠳᠡᠭᠡᠷ᠎ᠡ ᠥᠩᠭᠡᠷᠡᠭᠦᠯᠬᠦ︾ ᠬᠡᠪ ᠵᠠᠭᠪᠤᠷ ᠢ ᠳᠡᠯᠭᠡᠷᠡᠭᠦᠯᠬᠦ ᠠᠵᠢᠯ ᠢ ᠭᠤᠣᠯᠳᠠᠯᠭ᠎ᠠ ᠲᠠᠢ | ᠰᠠᠶᠢᠲᠤᠷ ᠬᠢᠵᠦ᠂ ᠳᠠᠪᠬᠤᠷᠳᠠᠭᠤᠯᠤᠨ ᠪᠠᠶᠢᠴᠠᠭᠠᠨ ᠰᠢᠯᠭᠠᠬᠤ ᠠᠴᠠ ᠵᠠᠶᠢᠯᠠᠰᠬᠢᠵᠤ᠂ ᠪᠣᠭᠤᠮᠲᠠ ᠪᠠᠷ ᠥᠩᠭᠡᠷᠡᠬᠦ ᠭᠠᠷᠳᠠᠮ ᠢ ᠪᠦᠲᠦᠮᠵᠢᠲᠡᠶ ᠳᠥᠭᠦᠮᠴᠢᠯᠡᠵᠦ᠂ | ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ | ᠬᠤᠶᠠᠷ ᠲᠤ᠂ ᠠᠷᠠᠯᠵᠢᠶᠠᠴᠢᠨ ᠤᠷᠢᠵᠤ ᠪᠡᠯᠡ ᠲᠠᠲᠠᠬᠤ ᠡᠷᠴᠢᠮ ᠢ ᠨᠡᠮᠡᠭᠳᠡᠭᠦᠯᠵᠦ᠂ ᠡᠯ᠎ᠡ ᠵᠦᠢᠯ ᠤᠨ ᠦᠢᠯᠡᠴᠢᠯᠡᠭᠡᠨ ᠤ ᠠᠵᠢᠯ ᠢ ᠰᠢᠯᠢᠳᠡᠭᠵᠢᠭᠦᠯᠪᠡ᠃ | ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠤᠨ ᠪᠣᠭᠤᠮᠲᠠ ᠶᠢᠨ ᠣᠨᠴᠠᠭᠠᠶ ᠬᠢᠨᠠᠨ ᠬᠠᠮᠢᠶᠠᠷᠬᠤ ᠲᠦᠷᠦ ᠶᠢᠨ ᠪᠤᠳᠤᠯᠭ᠎ᠠ ᠶᠢᠨ ᠳᠠᠪᠠᠭᠤᠯᠢᠭ ᠪᠣᠯᠤᠨ | ᠲᠡᠳᠬᠦᠬᠦ ᠲᠦᠷᠦ ᠶᠢᠨ ᠪᠤᠳᠤᠯᠭ᠎ᠠ ᠶᠢᠨ ᠬᠥᠲᠥᠯᠥᠨ ᠵᠢᠯᠣᠭᠤᠳᠬᠤ ᠦᠢᠯᠡᠳᠦᠯ ᠢ ᠪᠠᠳᠠᠷᠠᠭᠤᠯᠵᠤ᠂ ᠤᠯᠤᠰ ᠤᠨ ᠳᠣᠲᠣᠭᠠᠳᠤ ᠶᠢᠨ ᠪᠣᠭᠤᠮᠲᠠ ᠶᠢᠨ ᠬᠠᠮᠢᠶᠠᠷᠤᠯᠲᠠ ᠶᠢᠨ | ᠰᠠᠯᠠᠭ᠎ᠠ ᠮᠥᠴᠢᠷ᠂ ᠭᠠᠷᠠᠮ ᠪᠠ ᠪᠣᠭᠤᠮᠲᠠ ᠶᠢᠨ ᠣᠨᠴᠠᠭᠠᠶ ᠬᠢᠨᠠᠨ ᠬᠠᠮᠢᠶᠠᠷᠬᠤ ᠣᠷᠣᠨ ᠪᠦᠰᠡ ᠯᠤᠭ᠎ᠠ ᠶᠢᠨ ᠬᠠᠷᠢᠴᠠᠭ᠎ᠠ ᠬᠠᠮᠵᠢᠯᠴᠠᠭ᠎ᠠ ᠶᠢ ᠴᠢᠩᠭᠠᠳᠬᠠᠵᠤ᠂ | ᠪᠣᠭᠤᠮᠲᠠ ᠥᠩᠭᠡᠷᠡᠬᠦ᠂ ᠭᠠᠷᠠᠮ ᠤᠨ ᠶᠠᠪᠤᠳᠠᠯ᠂ ᠪᠠᠷᠠᠭᠠᠨ ᠤ ᠭᠦᠢᠯᠭᠡᠭᠡ ᠵᠡᠷᠭᠡ ᠲᠠᠯ᠎ᠠ ᠪᠠᠷ ᠳᠠᠯᠠᠢ ᠳᠠᠭᠠᠤ ᠣᠷᠣᠨ ᠤ ᠭᠠᠷᠠᠮ ᠪᠠ ᠪᠣᠭᠤᠮᠲᠠ ᠶᠢᠨ ᠣᠨᠴᠠᠭᠠᠶ ᠬᠢᠨᠠᠨ | ᠬᠠᠮᠢᠶᠠᠷᠬᠤ ᠣᠷᠣᠨ ᠪᠦᠰᠡ ᠯᠦᠭᠡ ᠨᠢᠭᠲᠠ ᠬᠤᠷᠰᠢᠯᠴᠠᠭ᠎ᠠ ᠶᠢ ᠥᠷᠨᠢᠭᠦᠯᠵᠦ᠂ ᠣᠷᠣᠨ ᠪᠦᠰᠡ ᠪᠠ ᠭᠠᠷᠠᠮ ᠤᠨ ᠬᠠᠮᠲᠤᠷᠠᠨ ᠬᠥᠳᠡᠯᠦᠯᠴᠡᠬᠦ᠂ ᠵᠠᠪᠰᠠᠷ ᠦᠭᠡᠶ | ᠵᠣᠯᠭᠠᠯᠳᠤᠭᠤᠯᠬᠤ ᠶᠢ ᠲᠦᠯᠬᠢᠨ ᠠᠬᠢᠭᠤᠯᠪᠠ᠃ | ᠭᠤᠷᠪᠠ ᠳᠤ ᠭᠠᠶᠢᠯᠢ ᠪᠠᠲᠤᠯᠠᠬᠤ ᠲᠠᠸᠠᠷ ᠤᠨ ᠦᠵᠡᠭᠦᠯᠦᠯᠭᠡ ᠠᠷᠠᠯᠵᠢᠶ᠎ᠠ ᠰᠣᠯᠢᠯᠴᠠᠭᠠᠨ ᠤ ᠲᠤᠬᠠᠶᠢᠯᠠᠭᠰᠠᠨ ᠠᠵᠢᠯ ᠢ ᠲᠦᠯᠬᠢᠨ ᠠᠬᠢᠭᠤᠯᠵᠤ᠂ ᠲᠥᠪ ᠤᠨ | ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠦᠨ ᠥᠷᠭᠡᠳᠬᠡᠪᠡ᠃ 2015 ᠣᠨ ᠤ 8 ᠳ᠋ᠤᠭᠠᠷ ᠰᠠᠷ᠎ᠠ ᠳᠤ᠂ ᠳᠤᠮᠳᠠᠳᠤ ᠤᠯᠤᠰ ︵ᠤᠯᠠᠭᠠᠨᠬᠠᠳᠠ︶ ᠤᠨ ᠭᠠᠶᠢᠯᠢ | ᠪᠠᠲᠤᠯᠠᠬᠤ ᠲᠠᠸᠠᠷ ᠤᠨ ᠦᠵᠡᠭᠦᠯᠦᠯᠭᠡ ᠠᠷᠠᠯᠵᠢᠶ᠎ᠠ ᠰᠣᠯᠢᠯᠴᠠᠭᠠᠨ ᠤ ᠲᠥᠪ ᠵᠢᠩᠬᠢᠨᠢ ᠪᠠᠷ ᠠᠵᠢᠯᠯᠠᠭ᠎ᠠ ᠪᠠᠨ ᠡᠬᠢᠯᠡᠭᠦᠯᠵᠦ᠂ ᠧᠦ᠋ᠷᠣᠫᠠ ᠠᠮᠧᠷᠢᠺᠠ᠂ ᠶᠠᠫᠣᠨ ᠺᠣᠷᠢᠶᠠ᠂ | ᠠᠦ᠋ᠰᠲᠷᠠᠯᠢᠶ᠎ᠠ᠂ ᠣᠷᠣᠰ ᠵᠡᠷᠭᠡ ᠤᠯᠤᠰ ᠣᠷᠣᠨ ᠤ 1600 ᠵᠦᠢᠯ ᠤᠨ ᠭᠠᠳᠠᠭᠠᠳᠤ ᠠᠴᠠ ᠣᠷᠣᠭᠤᠯᠤᠭᠰᠠᠨ ᠣᠯᠠᠨ ᠵᠦᠢᠯ ᠤᠨ ᠲᠠᠸᠠᠷ ᠢ ᠳᠡᠯᠭᠡᠨ ᠠᠷᠠᠯᠵᠢᠶᠠᠯᠠᠵᠤ᠂ | ᠭᠤᠣᠯᠳᠠᠭᠤ ᠤᠯᠠᠭᠠᠨ ᠠᠷᠢᠬᠢ᠂ ᠢᠳᠡᠭᠡᠨ᠂ ᠵᠠᠰᠠᠯ ᠴᠢᠮᠡᠭ ᠤᠨ ᠡᠳ᠋᠂ ᠡᠷᠡᠭᠦᠯᠵᠢᠯ ᠤᠨ ᠡᠳ᠋᠂ ᠵᠢᠷᠮᠤᠰᠤᠨ ᠡᠮᠡᠭᠲᠡᠢ ᠪᠠ ᠨᠢᠯᠬ᠎ᠠ ᠬᠡᠦᠬᠡᠳ ᠤᠨ ᠬᠡᠷᠡᠭᠰᠡᠯ᠂ ᠭᠡᠷ ᠤᠨ | ᠴᠠᠬᠢᠯᠭᠠᠨ ᠬᠡᠷᠡᠭᠰᠡᠯ ᠵᠡᠷᠭᠡ ᠡᠳᠦᠷ ᠲᠤᠳᠤᠮ ᠤᠨ ᠲᠦᠷᠭᠡᠨ ᠬᠡᠷᠡᠭᠯᠡᠭᠡᠨ ᠤ ᠵᠦᠢᠯ ᠢᠶᠠᠷ ᠭᠤᠣᠯ ᠪᠣᠯᠭᠠᠪᠠ᠃ ᠳᠤᠮᠳᠠᠳᠤ ᠤᠯᠤᠰ ︵ᠤᠯᠠᠭᠠᠨᠬᠠᠳᠠ︶ ᠤᠨ ᠭᠠᠶᠢᠯᠢ | ᠪᠠᠲᠤᠯᠠᠬᠤ ᠲᠠᠸᠠᠷ ᠤᠨ ᠦᠵᠡᠭᠦᠯᠦᠯᠭᠡ ᠠᠷᠠᠯᠵᠢᠶ᠎ᠠ ᠰᠣᠯᠢᠯᠴᠠᠭᠠᠨ ᠤ ᠲᠥᠪ ᠤᠨ ᠲᠥᠷᠥᠯ ᠵᠦᠢᠯ ᠢ ᠬᠡᠷᠡᠭᠵᠢᠭᠦᠯᠦᠭᠰᠡᠨ ᠨᠢ᠂ ᠮᠠᠰᠢ ᠣᠬᠤᠷᠬᠠᠨ ᠴᠠᠭ ᠤᠨ ᠲᠣᠲᠣᠷ᠎ᠠ | ᠤᠯᠠᠭᠠᠨᠬᠠᠳᠠ ᠶᠢᠨ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠤᠨ ᠲᠤᠬᠠᠶᠢᠯᠠᠭᠰᠠᠨ ᠠᠵᠢᠯ ᠢ ᠬᠥᠭᠵᠢᠶᠡᠨᠲᠡᠢ ᠪᠣᠯᠭᠠᠭᠰᠠᠨ ᠮᠥᠷᠲᠡᠭᠡᠨ ᠪᠠᠰᠠ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠵᠦ᠂ ᠠᠵᠢᠯ ᠣᠯᠭᠤᠯᠲᠠ ᠶᠢ ᠠᠬᠢᠭᠤᠯᠵᠤ᠂ ᠭᠠᠶᠢᠯᠢ ᠶᠢᠨ ᠡᠬᠢ ᠰᠤᠷᠪᠤᠯᠵᠢ ᠶᠢ ᠪᠣᠶᠢᠵᠢᠭᠤᠯᠪᠠ᠃ | ᠳᠥᠷᠪᠡ ᠳᠤ ᠣᠯᠠᠨ ᠤᠯᠤᠰ ᠤᠨ ᠲᠦᠷᠭᠡᠨ ᠬᠦᠷᠭᠡᠬᠦ ᠵᠦᠢᠯ ᠤᠨ ᠬᠢᠨᠠᠨ ᠬᠠᠮᠢᠶᠠᠷᠤᠯᠲᠠ ᠶᠢᠨ ᠲᠥᠪ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠵᠤ᠂ | ᠭᠠᠳᠠᠭᠠᠳᠤ ᠠᠷᠠᠯᠵᠢᠶᠠᠨ ᠤ ᠦᠢᠯᠡᠰ ᠤᠨ ᠰᠠᠭᠤᠷᠢ ᠶᠢ ᠢᠵᠢ ᠪᠦᠷᠢᠳᠦᠭᠦᠯᠦᠨ ᠲᠡᠭᠦᠯᠳᠡᠷᠵᠢᠭᠦᠯᠪᠡ᠃ ᠳᠤᠮᠳᠠᠳᠤ ᠤᠯᠤᠰ ᠤᠨ ᠰᠢᠦᠳᠠᠨ ᠤ ᠲᠦᠷᠭᠡᠨ ᠬᠦᠷᠭᠡᠬᠦ | ᠪᠠᠷᠠᠭ᠎ᠠ ᠶᠢᠨ ᠭᠦᠢᠯᠭᠡᠭᠡᠨ ᠤ ᠬᠤᠪᠢ ᠣᠷᠤᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠤᠯᠠᠭᠠᠨᠬᠠᠳᠠ ᠬᠤᠲᠠ ᠳᠠᠬᠢ ᠬᠤᠪᠢᠶᠠᠷᠢ ᠺᠣᠮᠫᠠᠨᠢ ᠲᠠᠢ ᠬᠠᠮᠵᠢᠯᠴᠠᠨ | ᠪᠣᠭᠤᠮᠲᠠ ᠶᠢᠨ ᠳᠠᠩᠰᠠᠯᠠᠭᠤᠯᠤᠯ ᠢ ᠬᠢᠨᠠᠨ ᠵᠥᠪᠰᠢᠶᠡᠷᠡᠬᠦ ᠭᠠᠷ ᠭᠦᠢᠴᠡᠳᠬᠡᠯ ᠢ ᠤᠷᠤᠭᠰᠢᠲᠠᠶ ᠭᠦᠢᠴᠡᠳᠬᠡᠬᠦ ᠪᠣᠯᠭᠠᠭᠰᠠᠨ ᠤ ᠬᠠᠮᠲᠤ ᠤᠯᠠᠨ ᠤᠯᠤᠰ ᠤᠨ ᠲᠦᠷᠭᠡᠨ | ᠬᠦᠷᠭᠡᠬᠦ ᠵᠦᠢᠯ ᠢ ᠬᠢᠨᠠᠨ ᠬᠠᠮᠢᠶᠠᠷᠬᠤ ᠲᠥᠪ ᠤᠨ ᠲᠥᠷᠥᠯ ᠵᠦᠢᠯ ᠢ ᠲᠥᠯᠥᠪᠵᠢᠭᠦᠯᠦᠨ ᠵᠢᠷᠤᠭᠯᠠᠨ ᠲᠥᠯᠥᠪᠯᠡᠬᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ | ᠲᠥᠬᠦᠭᠡᠷᠦᠮᠵᠢ ᠬᠤᠳᠠᠯᠳᠤᠨ ᠠᠪᠬᠤ ᠵᠡᠷᠭᠡ ᠲᠠᠯ᠎ᠠ ᠪᠠᠷ ᠮᠥᠨ ᠴᠢᠨᠠᠷ ᠤᠨ ᠠᠬᠢᠯᠳᠠ ᠲᠠᠢ ᠪᠣᠯᠬᠤ ᠶᠢ ᠢᠳᠡᠪᠬᠢᠲᠡᠢ ᠠᠬᠢᠭᠤᠯᠵᠤ᠂ ᠲᠤᠰ ᠲᠥᠷᠥᠯ ᠵᠦᠢᠯ ᠢ ᠡᠷᠲᠡᠬᠡᠨ | ᠡᠵᠡᠩᠨᠡᠯᠲᠡ ᠳᠤ ᠣᠷᠣᠭᠤᠯᠬᠤ ᠪᠠᠷ ᠴᠢᠷᠮᠠᠶᠢᠪᠠ᠃ | ᠲᠠᠪᠤ ᠳᠤ ᠺᠣᠷᠢᠶᠠ ᠶᠢᠨ interpark ᠺᠣᠮᠫᠠᠨᠢ ᠯᠤᠭ᠎ᠠ ᠲᠤᠬᠠᠶᠢᠯᠠᠭᠰᠠᠨ ᠠᠵᠢᠯ ᠢ ᠵᠣᠯᠭᠠᠯᠳᠤᠭᠤᠯᠬᠤ ᠶᠢ ᠢᠳᠡᠪᠬᠢᠲᠡᠢ ᠪᠠᠷ ᠥᠷᠨᠢᠭᠦᠯᠵᠦ᠂ ᠬᠢᠯᠢ | ᠠᠯᠤᠰᠯᠠᠭᠰᠠᠨ ᠠᠷᠠᠯᠵᠢᠶᠠᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠭᠤᠶᠤᠴᠢᠯᠠᠨ ᠮᠡᠳᠡᠭᠦᠯᠬᠦ ᠬᠢᠨᠠᠨ ᠵᠥᠪᠰᠢᠶᠡᠷᠡᠬᠦ ᠠᠵᠢᠯ ᠢ ᠲᠦᠷᠭᠡᠳᠬᠡᠨ ᠠᠬᠢᠭᠤᠯᠪᠠ᠃ | ᠭᠤᠶᠤᠴᠢᠯᠠᠨ ᠮᠡᠳᠡᠭᠦᠯᠬᠦ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠪᠥᠭᠡᠳ ᠪᠣᠭᠤᠮᠲᠠ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ᠂ ᠡᠯᠧᠺᠲᠷᠣᠨ | ᠬᠤᠳᠠᠯᠳᠤᠭᠠᠨ ᠤ ᠠᠵᠤ ᠠᠬᠤᠶᠢᠯᠠᠯ ᠵᠡᠷᠭᠡ ᠭᠤᠣᠯ ᠴᠣᠭᠴᠠ ᠶᠢ ᠵᠣᠬᠢᠴᠠᠭᠤᠯᠵᠤ᠂ ᠬᠢᠯᠢ ᠠᠯᠤᠰᠯᠠᠭᠰᠠᠨ ᠠᠷᠠᠯᠵᠢᠶ᠎ᠠ ᠬᠤᠳᠠᠯᠳᠤᠭᠠᠨ ᠤ ᠡᠯᠧᠺᠲᠷᠣᠨ ᠠᠷᠠᠯᠵᠢᠶᠠᠨ ᠤ | ᠶᠠᠪᠤᠳᠠᠯ ᠤᠨ ᠲᠠᠪᠴᠠᠩ ᠢ ᠨᠡᠭᠡᠭᠡᠨ ᠠᠰᠢᠭᠯᠠᠵᠤ ᠪᠦᠲᠦᠭᠡᠨ ᠪᠠᠶᠢᠭᠤᠯᠬᠤ ᠠᠵᠢᠯ ᠢ ᠬᠠᠮᠲᠤ ᠪᠠᠷ ᠲᠦᠯᠬᠢᠨ ᠠᠬᠢᠭᠤᠯᠪᠠ᠃ | ᠵᠢᠷᠭᠤᠭ᠎ᠠ ᠳᠤ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠣᠭᠤᠷᠢᠭ ᠤᠨ ᠳᠡᠰ ᠳᠡᠪᠰᠢᠭᠦᠯᠬᠦ ᠠᠵᠢᠯ ᠢ ᠡᠬᠢᠯᠡᠭᠦᠯᠪᠡ᠃ ᠶᠡᠷᠦᠩᠬᠡᠶᠢᠯᠡᠭᠰᠡᠨ ᠭᠠᠶᠢᠯᠢ ᠪᠠᠲᠤᠯᠠᠬᠤ | ᠲᠣᠭᠤᠷᠢᠭ ᠪᠣᠯ ᠮᠠᠨ ᠤ ᠤᠯᠤᠰ ᠤᠨ ᠨᠡᠭᠡᠭᠡᠯᠲᠡ ᠬᠢᠬᠦ ᠲᠡᠰ ᠳᠠᠪᠬᠤᠷᠭ᠎ᠠ ᠬᠠᠮᠤᠭ ᠥᠨᠳᠥᠷ᠂ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠬᠠᠮᠤᠭ ᠣᠯᠠᠨ᠂ | ᠴᠢᠳᠠᠮᠵᠢ ᠨᠢ ᠬᠠᠮᠤᠭ ᠤᠨ ᠪᠦᠷᠢᠨ ᠭᠦᠢᠴᠡᠳ᠂ ᠭᠠᠷ ᠭᠦᠢᠴᠡᠳᠬᠡᠯ ᠨᠢ ᠬᠠᠮᠤᠭ ᠳᠦᠭᠦᠮ ᠨᠡᠬᠡᠬᠡᠯᠳᠠ ᠶᠢᠨ ᠣᠨᠴᠠᠭᠠᠶ ᠣᠷᠣᠨ ᠪᠣᠯᠣᠨ᠎ᠠ᠃ ᠭᠠᠶᠢᠯᠢ ᠪᠠᠲᠤᠯᠠᠬᠤ | ᠪᠠᠷᠠᠭ᠎ᠠ ᠶᠢᠨ ᠭᠦᠢᠯᠭᠡᠭᠡᠨ ᠤ ᠲᠥᠪ ᠲᠠᠢ ᠠᠳᠠᠯᠢᠳᠬᠠᠪᠠᠯ᠂ ᠣᠯᠠᠨ ᠤᠯᠤᠰ ᠤᠨ ᠬᠤᠳᠠᠯᠳᠤᠨ ᠠᠪᠬᠤ ᠶᠢ ᠰᠠᠯᠭᠠᠨ ᠪᠣᠷᠣᠯᠠᠭᠤᠯᠬᠤ ᠪᠠ ᠲᠣᠬᠢᠷᠠᠭᠤᠯᠤᠨ ᠬᠦᠷᠭᠡᠬᠦ᠂ | ᠣᠯᠠᠨ ᠤᠯᠤᠰ ᠤᠨ ᠭᠠᠷᠠᠮ ᠳᠠᠮᠵᠢᠬᠤ ᠠᠷᠠᠯᠵᠢᠶ᠎ᠠ᠂ ᠤᠯᠠᠨ ᠤᠯᠤᠰ ᠤᠨ ᠬᠤᠭᠤᠷᠣᠨᠳᠣ ᠳᠠᠮᠵᠢᠭᠤᠯᠬᠤ ᠵᠡᠷᠭᠡ ᠴᠢᠳᠠᠪᠬᠢ ᠲᠠᠢ ᠠᠴᠠ ᠭᠠᠳᠠᠨ᠎ᠠ ᠪᠠᠰᠠ ᠰᠤᠳᠤᠯᠤᠨ | ᠨᠡᠭᠡᠭᠡᠬᠦ᠂ ᠪᠣᠯᠪᠠᠰᠤᠷᠠᠭᠤᠯᠬᠤ᠂ ᠦᠢᠯᠡᠳᠬᠦ ᠵᠡᠷᠭᠡ ᠴᠢᠳᠠᠪᠬᠢ ᠶᠢ ᠪᠠᠳᠠᠷᠠᠭᠤᠯᠵᠤ ᠪᠤᠯᠤᠨ᠎ᠠ᠃ ᠤᠯᠠᠭᠠᠨᠬᠠᠳᠠ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ | ᠲᠥᠪ ᠤᠨ ᠠᠮᠵᠢᠯᠲᠠ ᠲᠠᠢ ᠪᠠᠶᠢᠭᠤᠯᠤᠭᠳᠠᠭᠰᠠᠨ ᠪᠠ ᠤᠷᠤᠭᠰᠢᠲᠠᠶ ᠡᠵᠡᠩᠨᠡᠭᠰᠡᠨ ᠶᠠᠪᠤᠳᠠᠯ ᠨᠢ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠣᠭᠤᠷᠢᠭ ᠢ ᠳᠡᠰ | ᠳᠡᠪᠰᠢᠭᠦᠯᠬᠦ ᠰᠠᠭᠤᠷᠢ ᠶᠢ ᠪᠠᠲᠤᠵᠢᠭᠤᠯᠵᠤ ᠥᠭᠪᠡ᠃ | ᠬᠥᠲᠥᠯᠥᠭᠴᠢ᠄ | ᠰᠠᠶ᠋ᠢ ᠵᠣᠣ ᠡᠷᠬᠢᠯᠡᠭᠴᠢ ᠪᠢᠳᠡᠨ ᠳᠤ ᠤᠯᠠᠭᠠᠨᠬᠠᠳᠠ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠤᠨ ᠪᠠᠶᠢᠳᠠᠯ ᠢ ᠲᠠᠨᠢᠯᠴᠠᠭᠤᠯᠵᠤ᠂ ᠪᠢᠳᠡ | ᠤᠯᠠᠭᠠᠨᠬᠠᠳᠠ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠨᠢ ᠤᠯᠠᠭᠠᠨᠬᠠᠳᠠ ᠵᠢᠴᠢ ᠪᠦᠬᠦ ᠣᠷᠣᠨ ᠤ ᠠᠵᠤ ᠠᠬᠤᠶ ᠨᠡᠶᠢᠭᠡᠮ ᠳᠤ ᠢᠳᠡᠪᠬᠢᠲᠡᠶ ᠬᠥᠲᠥᠯᠥᠨ | ᠳᠠᠭᠠᠭᠤᠯᠬᠤ ᠪᠠ ᠳᠠᠶᠢᠴᠢᠯᠠᠬᠤ ᠦᠢᠯᠡᠳᠦᠯ ᠦᠵᠡᠭᠦᠯᠬᠦ ᠨᠢ ᠯᠠᠪᠲᠠᠢ ᠶᠤᠮ ᠭᠡᠳᠡᠭ ᠢ ᠤᠯᠠᠮ ᠨᠢᠭᠡ ᠠᠯᠬᠤᠮ ᠣᠶᠢᠯᠠᠭᠠᠵᠤ ᠮᠡᠳᠡᠯ᠎ᠡ᠃ ᠵᠣᠣ ᠡᠷᠬᠢᠯᠡᠭᠴᠢ ᠶᠢᠨ | ᠲᠠᠶᠢᠯᠪᠤᠷᠢᠯᠠᠯᠲᠠ ᠳᠤ ᠲᠠᠯᠠᠷᠬᠠᠵᠤ ᠪᠠᠶᠢᠨ᠎ᠠ᠂ ᠮᠥᠨᠴᠦ ᠰᠦᠯᠵᠢᠶᠡᠨ ᠤ ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠳᠤ ᠲᠠᠯᠠᠷᠬᠠᠵᠤ ᠪᠠᠶᠢᠨ᠎ᠠ᠃ ᠲᠤᠰ | ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠳᠠᠷᠠᠭᠠᠴᠢ ᠶᠢᠨ ᠫᠷᠦᠭᠷᠠᠮ ᠳᠤ ᠵᠣᠯᠭᠠᠶ᠎ᠠ ︕ | | ᠤᠯᠠᠭᠠᠨᠬᠠᠳᠠ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠤᠨ ᠬᠥᠮᠥᠷᠭᠡ ᠶᠢᠨ ᠭᠠᠳᠠᠨᠠᠬᠢ ᠦᠵᠡᠮᠵᠢ | | | ᠳᠤᠮᠳᠠᠳᠤ ᠤᠯᠤᠰ ︵ᠤᠯᠠᠭᠠᠨᠬᠠᠳᠠ︶ ᠤᠨ ᠭᠠᠶᠢᠯᠢ ᠪᠠᠲᠤᠯᠠᠬᠤ ᠲᠠᠸᠠᠷ ᠤᠨ ᠦᠵᠡᠭᠦᠯᠦᠯᠭᠡ ᠠᠷᠠᠯᠵᠢᠶ᠎ᠠ ᠰᠣᠯᠢᠯᠴᠠᠭᠠᠨ ᠤ ᠲᠥᠪ ᠤᠨ ᠳᠣᠲᠣᠷᠠᠬᠢ ᠦᠵᠡᠮᠵᠢ | | ᠤᠯᠠᠭᠠᠨᠬᠠᠳᠠ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠤᠨ ᠪᠣᠭᠤᠮᠲᠠ ᠳᠤ ᠮᠡᠳᠡᠭᠦᠯᠬᠦ ᠪᠠᠶᠢᠴᠠᠭᠠᠯᠲᠠ ᠳᠤ ᠮᠡᠳᠡᠭᠦᠯᠬᠦ ᠲᠢᠩᠬᠢᠮ | | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠡᠯᠧᠺᠲᠷᠤᠨ ᠵᠠᠰᠠᠭ ᠤᠨ ᠶᠠᠪᠤᠳᠠᠯ ᠤᠨ ᠭᠠᠵᠠᠷ ᠤᠨ ᠳᠠᠷᠤᠭ᠎ᠠ ᠡᠾᠧ ᠪᠢᠶᠤᠤ | ᠡᠷᠬᠢᠮ ᠵᠣᠴᠢᠨ ᠳᠤ ᠪᠠᠷ᠎ᠠ ᠪᠣᠯᠵᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠶᠢ ᠲᠣᠭᠤᠷᠢᠨ ᠦᠵᠡᠵᠦ ᠪᠠᠶᠢᠭ᠎ᠠ ᠨᠢ |