2015 ᠣᠨ ᠤ 12 ᠳ᠋ᠤᠭᠠᠷ ᠰᠠᠷ᠎ᠠ ᠳᠤ᠂ ᠤᠯᠤᠰ ᠤᠨ ᠵᠢᠭᠤᠯᠴᠢᠯᠠᠯ ᠤᠨ ᠲᠣᠪᠴᠢᠶ᠎ᠠ ᠠᠩᠬᠠᠳᠠᠭᠴᠢ | ᠪᠦᠯᠦᠭ ᠤᠯᠤᠰ ᠤᠨ ᠳᠡᠰ ᠤᠨ ᠵᠢᠭᠤᠯᠴᠢᠯᠠᠯ ᠤᠨ ᠦᠢᠯᠡᠰ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ 20 | ᠬᠤᠰᠢᠭᠤᠴᠢ ᠣᠷᠣᠨ ᠤ ᠨᠡᠷᠡᠰ ᠢ ᠨᠡᠶᠢᠲᠡᠯᠡᠵᠦ᠂ ᠮᠠᠨ ᠤ ᠣᠷᠣᠨ ᠤ ᠬᠥᠯᠥᠨ ᠪᠤᠶᠢᠷ ᠬᠤᠲᠠ ᠪᠣᠯᠤᠨ ᠣᠷᠳᠣᠰ | ᠬᠤᠲᠠ ᠰᠣᠩᠭᠤᠭᠳᠠᠵᠤ ᠤᠷᠤᠭᠰᠠᠨ ᠪᠠᠶᠢᠨ᠎ᠠ᠃ ᠵᠢᠭᠤᠯᠴᠢᠯᠠᠯ ᠤᠨ ᠦᠢᠯᠡᠰ ᠤᠨ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠬᠤᠰᠢᠭᠤᠴᠢ ᠣᠷᠣᠨ ᠪᠣᠯ ︽ᠨᠢᠭᠡᠳᠦᠯᠲᠡᠶ ᠲᠥᠯᠥᠪᠯᠡᠬᠦ ᠡᠭᠦᠷᠭᠡ ᠴᠢᠳᠠᠪᠤᠷᠢ ᠶᠢ ᠰᠢᠨᠡᠴᠢᠯᠡᠬᠦ᠂ | ᠳᠦᠷᠦ ᠶᠢᠨ ᠪᠤᠲᠤᠯᠭ᠎ᠠ ᠠᠷᠭ᠎ᠠ ᠬᠡᠮᠵᠢᠶ᠎ᠡ ᠶᠢ ᠰᠢᠨᠡᠴᠢᠯᠡᠬᠦ᠂ ᠠᠵᠤ ᠦᠢᠯᠡᠰ ᠤᠨ ᠬᠥᠲᠥᠯᠥᠨ ᠵᠢᠯᠣᠭᠤᠳᠬᠤ ᠶᠢ | ᠰᠢᠨᠡᠴᠢᠯᠡᠬᠦ︾ ᠪᠠᠷ ᠵᠢᠯᠤᠭᠤᠳᠤᠯᠭ᠎ᠠ ᠪᠣᠯᠭᠠᠨ᠂ ᠬᠤᠲᠠ ᠰᠢᠶᠠᠨ ᠤ ᠵᠠᠰᠠᠭ ᠤᠨ ᠣᠷᠳᠣᠨ ᠢᠶᠠᠷ ᠥᠭᠡᠷᠡᠴᠢᠯᠡᠯᠲᠡ ᠶᠢᠨ | ᠭᠤᠣᠯ ᠴᠣᠭᠴᠠ ᠪᠠᠨ ᠪᠣᠯᠭᠠᠵᠤ᠂ ᠵᠢᠭᠤᠯᠴᠢᠯᠠᠯ ᠤᠨ ᠦᠢᠯᠡᠰ ᠤᠨ ᠪᠠᠶᠢᠭᠤᠯᠤᠯ ᠤᠨ ᠲᠣᠭᠲᠠᠴᠠ ᠪᠠᠷ | ᠥᠭᠡᠷᠡᠴᠢᠯᠡᠯᠲᠡ ᠶᠢᠨ ᠠᠭᠤᠯᠭ᠎ᠠ ᠪᠠᠨ ᠪᠣᠯᠭᠠᠵᠤ᠂ ᠵᠢᠭᠤᠯᠴᠢᠯᠠᠯ ᠤᠨ ᠵᠣᠷᠢᠭᠰᠠᠨ ᠭᠠᠵᠠᠷ ᠤᠨ ᠪᠦᠬᠦᠯᠢ ᠴᠣᠭᠴᠠ ᠶᠢᠨ | ᠬᠥᠭᠵᠢᠯᠲᠡ ᠶᠢ ᠪᠡᠶᠡᠯᠡᠭᠦᠯᠬᠦ ᠪᠠᠷ ᠭᠤᠣᠯ ᠬᠠᠷᠠᠯᠲᠠ ᠪᠠᠨ ᠪᠣᠯᠭᠠᠭᠰᠠᠨ ᠵᠢᠭᠤᠯᠴᠢᠯᠠᠯ ᠤᠨ ᠥᠭᠡᠷᠡᠴᠢᠯᠡᠯᠲᠡ ᠶᠢ | ᠤᠷᠢᠳᠠᠪᠠᠷ ᠬᠢᠵᠦ ᠤᠷᠢᠳᠠᠪᠠᠷ ᠲᠤᠷᠰᠢᠬᠤ ᠭᠠᠵᠠᠷ ᠣᠷᠣᠨ ᠮᠦᠨ᠂ ᠤᠯᠤᠰ ᠤᠨ ᠵᠢᠭᠤᠯᠴᠢᠯᠠᠯ ᠤᠨ ᠲᠣᠪᠴᠢᠶ᠎ᠠ ᠠᠴᠠ | ᠵᠢᠭᠤᠯᠴᠢᠯᠠᠯ ᠤᠨ ᠦᠢᠯᠡᠰ ᠲᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠨᠢᠭᠡ ᠤᠳᠠᠭᠠᠨ ᠤ ᠪᠦᠲᠦᠮᠵᠢᠲᠡᠢ | ᠲᠤᠷᠰᠢᠯᠲᠠ ᠪᠣᠯᠣᠨ᠎ᠠ᠃ ᠬᠤᠰᠢᠭᠤᠴᠢ ᠣᠷᠣᠨ ᠤ ᠵᠢᠭᠤᠯᠴᠢᠯᠠᠯ ᠤᠨ ᠬᠠᠮᠢᠶᠠᠷᠤᠯᠲᠠ ᠶᠢᠨ ᠪᠠᠶᠢᠭᠤᠯᠤᠯ ᠨᠢ ᠴᠢᠨᠠᠷ ᠤᠨ | ᠦᠰᠦᠷᠦᠯᠲᠡ ᠶᠢ ᠪᠡᠶᠡᠯᠡᠭᠦᠯᠵᠦ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠬᠤᠷᠳᠤᠴᠠ ᠪᠣᠯᠣᠨ ᠴᠢᠨᠠᠷ | ᠴᠢᠨᠰᠠᠭ᠎ᠠ ᠶᠢ ᠪᠦᠬᠦ ᠤᠯᠤᠰ ᠤᠨ ᠳᠤᠮᠳᠠᠴᠢ ᠬᠢᠷᠢ ᠬᠡᠮᠵᠢᠶ᠎ᠡ ᠠᠴᠠ ᠦᠨᠳᠦᠷ ᠪᠠᠶᠢᠯᠭᠠᠵᠤ᠂ ᠬᠥᠭᠵᠢᠯᠲᠡ ᠶᠢᠨ ᠦᠷ᠎ᠡ | ᠪᠦᠲᠦᠭᠡᠯ ᠨᠢ ᠠᠵᠤ ᠠᠬᠤᠶ ᠪᠣᠯᠣᠨ ᠨᠡᠶᠢᠭᠡᠮ ᠳᠤ ᠬᠤᠪᠢ ᠨᠡᠮᠡᠷᠢ ᠦᠵᠡᠭᠦᠯᠬᠦ ᠪᠠᠷ ᠲᠤᠰᠬᠠᠭᠳᠠᠨ᠎ᠠ᠃ |