2016 ᠣᠨ ᠤ ᠲᠡᠮᠦᠷ ᠵᠠᠮ ᠤᠨ ᠴᠠᠭᠠᠨ ᠰᠠᠷ᠎ᠠ ᠶᠢᠨ ᠵᠦᠭᠡᠭᠡᠪᠦᠷᠢ ᠶᠢᠨ ᠬᠤᠭᠤᠴᠠᠭ᠎ᠠ ᠨᠢ 1 ᠳ᠋ᠦ᠋ᠭᠡᠷ | ᠰᠠᠷ᠎ᠠ ᠶᠢᠨ 24 ᠤ ᠡᠳᠦᠷ ᠠᠴᠠ ᠡᠬᠢᠯᠡᠨ 3 ᠳ᠋ᠤᠭᠠᠷ ᠰᠠᠷ᠎ᠠ ᠶᠢᠨ 3 ᠤ ᠡᠳᠦᠷ ᠪᠣᠯᠲᠠᠯ᠎ᠠ᠂ 40 ᠡᠳᠦᠷ | ᠦᠷᠭᠦᠯᠵᠢᠯᠡᠵᠦ᠂ ᠡᠭᠦᠨ ᠳᠤ ᠴᠠᠭᠠᠨ ᠰᠠᠷ᠎ᠠ ᠠᠴᠠ ᠡᠮᠦᠨ᠎ᠡ 15 ᠡᠳᠦᠷ᠂ ᠴᠠᠭᠠᠨ ᠰᠠᠷ᠎ᠠ ᠠᠴᠠ ᠬᠤᠶᠢᠰᠢ 25 | ᠡᠳᠦᠷ ᠪᠣᠯᠤᠨ᠎ᠠ᠃ ᠠᠶᠠᠨᠴᠢᠨ ᠤ ᠠᠶᠠᠯᠠᠯ ᠤᠨ ᠣᠷᠭᠢᠯ ᠦᠶ᠎ᠡ ᠨᠢ ᠪᠠᠷᠤᠭ ᠴᠠᠭᠠᠨ ᠰᠠᠷ᠎ᠠ ᠶᠢᠨ ᠰᠢᠨ᠎ᠡ ᠶᠢᠨ | ᠵᠢᠷᠭᠤᠭᠠᠨ ᠪᠠ ᠴᠠᠭᠠᠨ ᠰᠠᠷ᠎ᠠ ᠶᠢᠨ ᠠᠷᠪᠠᠨ ᠵᠢᠷᠭᠤᠭᠠᠨ ᠤ ᠡᠮᠦᠨᠡᠭᠦᠷ ᠬᠤᠶᠢᠭᠤᠷ ᠳᠣᠬᠢᠶᠠᠯᠳᠤᠨ᠎ᠠ᠃ ᠴᠠᠭᠠᠨ | ᠰᠠᠷ᠎ᠠ ᠶᠢᠨ ᠬᠤᠭᠤᠴᠠᠭᠠᠨ ᠳᠤ ᠲᠥᠩᠯᠢᠶᠣᠣ ᠭᠠᠯᠲᠤ ᠲᠡᠷᠭᠡᠨ ᠦᠷᠲᠡᠭᠡ ᠨᠢ ᠵᠢᠱᠢᠯᠲᠡ ᠪᠠᠷ ᠪᠠᠷᠤᠭ 52 ᠲᠦᠮᠡᠨ | ᠠᠶᠠᠨᠴᠢᠳ ᠢ ᠬᠦᠷᠭᠡᠵᠦ᠂ ᠠᠶᠠᠨᠴᠢᠳ ᠤᠨ ᠬᠠᠮᠤᠭ ᠤᠨ ᠤᠯᠠᠨ ᠨᠢ ᠡᠳᠦᠷ ᠲᠤ 1.7 ᠲᠦᠮᠡᠨ ᠬᠦᠮᠦᠨ ᠳᠤ | ᠬᠦᠷᠦᠨ᠎ᠡ᠃ ᠴᠠᠭᠠᠨ ᠰᠠᠷ᠎ᠠ ᠶᠢᠨ ᠬᠤᠭᠤᠴᠠᠭᠠᠨ ᠤ ᠠᠶᠠᠨᠴᠢᠳ ᠨᠢ ᠲᠦᠷᠦᠯ ᠰᠠᠳᠤᠨ ᠢᠶᠠᠨ ᠡᠷᠭᠢᠵᠦ ᠦᠵᠡᠭᠴᠢᠳ᠂ | ᠵᠢᠭᠤᠯᠴᠢᠯᠠᠭᠴᠢᠳ᠂ ᠰᠤᠷᠤᠭᠴᠢᠳ ᠢᠶᠠᠷ ᠭᠤᠣᠯᠯᠠᠵᠤ᠂ ᠭᠤᠣᠯ ᠨᠢ ᠪᠡᠭᠡᠵᠢᠩ᠂ ᠬᠦᠬᠡᠬᠤᠲᠠ᠂ ᠱᠠᠩᠬᠠᠢ ᠵᠡᠷᠭᠡ | ᠴᠢᠭᠯᠡᠯ ᠤᠨ ᠬᠢ ᠪᠣᠯᠤᠨ᠎ᠠ᠃ | ᠴᠠᠭᠠᠨ ᠰᠠᠷ᠎ᠠ ᠶᠢᠨ ᠬᠤᠭᠤᠴᠠᠭᠠᠨ ᠤ ᠠᠶᠠᠨᠴᠢᠳ ᠤᠨ ᠠᠶᠠᠯᠠᠯ ᠤᠨ ᠬᠡᠷᠡᠭᠴᠡᠭᠡ ᠶᠢ ᠦᠨᠡᠨᠬᠦ ᠪᠠᠲᠤᠯᠠᠬᠤ ᠶᠢᠨ | ᠲᠤᠰᠠᠳᠠ᠂ 2016 ᠣᠨ ᠤ ᠴᠠᠭᠠᠨ ᠰᠠᠷ᠎ᠠ ᠶᠢᠨ ᠬᠤᠭᠤᠴᠠᠭᠠᠨ ᠳᠤ᠂ ᠲᠥᠩᠯᠢᠶᠣᠣ ᠭᠠᠯᠲᠤ ᠲᠡᠷᠭᠡᠨ ᠦᠷᠲᠡᠭᠡ 5 | ᠬᠤᠣᠰ ᠲᠦᠷ ᠴᠠᠭ ᠤᠨ ᠠᠶᠠᠨᠴᠢᠳ ᠤᠨ ᠭᠠᠯᠲᠤ ᠲᠡᠷᠭᠡ ᠨᠡᠮᠡᠬᠦ ᠪᠠᠷ ᠪᠣᠯᠪᠠ᠃ ᠨᠡᠮᠡᠭᠰᠡᠨ ᠭᠠᠯᠲᠤ ᠲᠡᠷᠭᠡᠨ ᠤ | ᠲᠡᠷᠭᠡᠨ ᠪᠢᠯᠧᠲ ᠢ 2015 ᠣᠨ ᠤ 12 ᠳ᠋ᠤᠭᠠᠷ ᠰᠠᠷ᠎ᠠ ᠶᠢᠨ 16 ᠤ ᠡᠳᠦᠷ ᠠᠴᠠ ᠡᠬᠢᠯᠡᠨ ᠬᠤᠳᠠᠯᠳᠤᠵᠤ᠂ ᠡᠯ᠎ᠡ | ᠠᠷᠭ᠎ᠠ ᠵᠠᠮ ᠤᠨ ᠤᠷᠢᠳᠴᠢᠯᠠᠨ ᠬᠤᠳᠠᠯᠳᠤᠬᠤ ᠬᠤᠭᠤᠴᠠᠭ᠎ᠠ ᠨᠢ 40 ᠡᠳᠦᠷ᠂ ᠡᠬᠢᠯᠡᠨ ᠬᠤᠳᠠᠯᠳᠤᠬᠤ ᠴᠠᠭ ᠨᠢ | ᠲᠣᠭᠲᠠᠮᠠᠯ ᠭᠠᠯᠲᠤ ᠲᠡᠷᠭᠡᠨ ᠤ ᠬᠢ ᠲᠠᠢ ᠠᠳᠠᠯᠢ ᠪᠠᠶᠢᠵᠤ᠂ ᠨᠡᠮᠡᠭᠰᠡᠨ ᠭᠠᠯᠲᠤ ᠲᠡᠷᠭᠡ ᠶᠢᠨ ᠪᠣᠳᠠᠲᠠᠢ ᠡᠬᠢᠯᠡᠵᠦ | ᠠᠶᠠᠯᠠᠬᠤ ᠴᠠᠭ ᠬᠤᠭᠤᠴᠠᠭ᠎ᠠ ᠶᠢ 12306 ᠰᠦᠯᠵᠢᠶ᠎ᠡ ᠪᠠ ᠲᠡᠷᠭᠡᠨ ᠦᠷᠲᠡᠭᠡᠨ ᠤ ᠠᠯᠪᠠᠨ ᠵᠠᠷ ᠢ ᠠᠩᠬᠠᠷᠤᠭᠠᠷᠠᠢ᠃ | |