ᠰᠢᠯᠢᠩᠬᠤᠲᠠ ᠠᠴᠠ ᠤᠯᠠᠭᠠᠨᠬᠤᠲᠠ ᠬᠦᠷᠬᠦ ᠠᠶᠠᠨᠴᠢᠳ ᠤᠨ ᠭᠠᠯᠲᠤ ᠲᠡᠷᠭᠡ ᠨᠡᠪᠲᠡᠷᠡᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2015/12/28
      ᠦᠪᠦᠷ ᠮᠣᠩᠭᠤᠯ ᠤᠨ ᠲᠡᠮᠦᠷ ᠵᠠᠮ ︵ᠪᠦᠯᠦᠭᠯᠡᠯ︶᠎ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠴᠠ ᠤᠶᠢᠯᠭᠠᠭᠰᠠᠨ ᠨᠢ᠂ 28᠎ ᠤ ᠡᠳᠦᠷ᠂ ᠦᠪᠦᠷ ᠮᠣᠩᠭᠤᠯ ᠨᠢ ᠬᠦᠬᠡᠬᠤᠲᠠ ᠶᠢᠨ ᠵᠡᠭᠦᠨ ᠦᠷᠲᠡᠭᠡ ᠠᠴᠠ ᠤᠯᠠᠭᠠᠨᠬᠤᠲᠠ ᠬᠦᠷᠬᠦ K2014/3 ᠡᠭᠡᠯᠵᠢ ᠶᠢᠨ ᠠᠶᠠᠨᠴᠢᠳ ᠤᠨ ᠲᠥᠷᠭᠡᠨ ᠭᠠᠯᠲᠤ ᠲᠡᠷᠭᠡ ᠶᠢ ᠰᠢᠨ᠎ᠡ ᠪᠠᠷ ᠡᠬᠢᠯᠡᠨ ᠨᠡᠪᠲᠡᠷᠡᠭᠦᠯᠦᠨ᠎ᠡ᠃ ᠭᠠᠯᠲᠤ ᠲᠡᠷᠭᠡ ᠵᠠᠮ ᠳᠠᠭᠠᠨ ᠰᠢᠯᠢᠩᠬᠤᠲᠠ ᠪᠠᠷ ᠦᠩᠭᠡᠷᠡᠬᠦ ᠪᠣᠯᠬᠤᠷ᠂ ᠰᠢᠯᠢᠩᠬᠤᠲᠠ ᠠᠴᠠ ᠤᠯᠠᠭᠠᠨᠬᠤᠲᠠ ᠶᠢᠨ ᠬᠤᠭᠤᠷᠤᠨᠳᠤᠬᠢ ᠠᠶᠠᠨᠴᠢᠳ ᠤᠨ ᠭᠠᠯᠲᠤ ᠲᠡᠷᠭᠡ ᠨᠡᠪᠲᠡᠷᠡᠬᠦ ᠦᠭᠡᠢ ᠲᠡᠤᠬᠡ ᠶᠢ ᠡᠴᠦᠰᠯᠡᠭᠦᠯᠬᠦ ᠪᠣᠯᠤᠨ᠎ᠠ᠃      ᠤᠶᠢᠯᠭᠠᠭᠰᠠᠨ ᠢᠶᠠᠷ᠂ K2014/3 ᠡᠭᠡᠯᠵᠢ ᠶᠢᠨ ᠠᠶᠠᠨᠴᠢᠳ ᠤᠨ ᠲᠥᠷᠭᠡᠨ ᠭᠠᠯᠲᠤ ᠲᠡᠷᠭᠡ ᠨᠢ ᠬᠦᠬᠡᠬᠤᠲᠠ ᠶᠢᠨ ᠵᠡᠭᠦᠨ ᠦᠷᠲᠡᠭᠡ ᠠᠴᠠ ᠡᠬᠢᠯᠡᠨ ᠤᠯᠠᠭᠠᠨᠴᠠᠪ ᠬᠤᠲᠠ᠂ ᠰᠢᠯᠢ ᠶᠢᠨ ᠭᠤᠣᠯ ᠠᠶᠢᠮᠠᠭ ᠵᠡᠷᠭᠡ ᠭᠠᠵᠠᠷ ᠤᠷᠤᠨ ᠢᠶᠠᠷ ᠦᠩᠭᠡᠷᠡᠨ᠂ ᠬᠢᠩᠭᠠᠨ ᠠᠶᠢᠮᠠᠭ ᠤᠨ ᠤᠯᠠᠭᠠᠨᠬᠤᠲᠠ ᠳᠤ ᠬᠦᠷᠦᠨ᠎ᠡ᠂ ᠪᠦᠬᠦ ᠠᠶᠠᠯᠠᠯ ᠤᠨ ᠵᠠᠮ ᠎ ᠨᠢ 1313 ᠺᠢᠯᠤᠮᠧᠲᠷ ᠪᠠᠶᠢᠵᠤ᠂ ᠨᠡᠶᠢᠲᠡ 12 ᠦᠷᠲᠡᠭᠡ ᠶᠢ ᠳᠠᠮᠵᠢᠵᠤ᠂ 20 ᠴᠠᠭ 28 ᠮᠢᠨᠦ᠋ᠲ ᠠᠶᠠᠯᠠᠬᠤ ᠪᠣᠯᠤᠨ᠎ᠠ᠃ ᠭᠠᠯᠲᠤ ᠲᠡᠷᠭᠡ ᠨᠡᠪᠲᠡᠷᠡᠭᠰᠡᠨ ᠤ ᠳᠠᠷᠠᠭ᠎ᠠ᠂ ᠠᠶᠠᠨᠴᠢᠳ ᠭᠠᠯᠲᠤ ᠲᠡᠷᠭᠡᠨ ᠳᠤ ᠰᠠᠭᠤᠭᠠᠳ ᠬᠦᠬᠡᠬᠤᠲᠠ ᠠᠴᠠ ᠤᠯᠠᠭᠠᠨᠬᠤᠲᠠ ᠬᠦᠷᠲᠡᠯ᠎ᠡ ᠪᠠᠭ᠎ᠠ ᠳᠠᠭᠠᠨ 2 ᠴᠠᠭ ᠠᠷᠪᠢᠯᠠᠬᠤ ᠪᠣᠯᠤᠨ᠎ᠠ᠃      ᠡᠭᠦᠨ ᠤ ᠬᠠᠮᠲᠤ᠂ ᠲᠤᠰ ᠡᠭᠡᠯᠵᠢ ᠶᠢᠨ ᠭᠠᠯᠲᠤ ᠲᠡᠷᠭᠡ ᠪᠣᠯ ᠰᠢᠯᠢᠩᠬᠤᠲᠠ ᠪᠣᠯᠤᠨ ᠤᠯᠠᠭᠠᠨᠬᠤᠲᠠ ᠶᠢᠨ ᠬᠤᠭᠤᠷᠤᠨᠳᠤ ᠨᠡᠪᠲᠡᠷᠡᠭᠰᠡᠨ ᠠᠩᠬᠠᠳᠠᠭᠴᠢ ᠠᠶᠠᠨᠴᠢᠳ ᠤᠨ ᠭᠠᠯᠲᠤ ᠲᠡᠷᠭᠡ ᠪᠣᠯᠬᠤᠷ᠂ ᠰᠢᠯᠢᠩᠬᠤᠲᠠ ᠠᠴᠠ ᠤᠯᠠᠭᠠᠨᠬᠤᠲᠠ ᠬᠦᠷᠬᠦ ᠠᠶᠠᠨᠴᠢᠳ ᠤᠨ ᠭᠠᠯᠲᠤ ᠲᠡᠷᠭᠡ ᠨᠡᠪᠲᠡᠷᠡᠬᠦ ᠦᠭᠡᠢ ᠲᠡᠤᠬᠡ ᠶᠢ ᠡᠴᠦᠰᠯᠡᠭᠦᠯᠪᠡ᠃ ᠰᠢᠯᠢᠩᠬᠤᠲᠠ ᠠᠴᠠ ᠤᠯᠠᠭᠠᠨᠬᠤᠲᠠ ᠬᠦᠷᠬᠦ ᠲᠡᠮᠦᠷ ᠵᠠᠮ ᠤᠨ ᠪᠦᠬᠦ ᠤᠷᠲᠤ ᠨᠢ 651 ᠺᠢᠯᠤᠮᠧᠲᠷ ᠪᠠᠶᠢᠵᠤ᠂ ᠦᠪᠦᠷ ᠮᠣᠩᠭᠤᠯ ᠤᠨ ᠳᠤᠮᠳᠠ ᠵᠡᠭᠦᠨ ᠬᠡᠰᠡᠭ ᠲᠤ ᠤᠷᠤᠰᠢᠵᠤ᠂ ᠰᠢᠯᠢ ᠶᠢᠨ ᠭᠤᠣᠯ ᠠᠶᠢᠮᠠᠭ᠂ ᠲᠥᠩᠯᠢᠶᠣᠣ ᠬᠤᠲᠠ᠂ ᠬᠢᠩᠭᠠᠨ ᠠᠶᠢᠮᠠᠭ ᠵᠡᠷᠭᠡ 3 ᠠᠶᠢᠮᠠᠭ ᠬᠤᠲᠠ ᠪᠠᠷ ᠨᠡᠪᠲᠡᠷᠡᠨ᠂ ᠬᠠᠮᠤᠭ ᠤᠨ ᠶᠡᠭᠡ ᠬᠤᠷᠳᠤᠴᠠ ᠨᠢ 120 ᠺᠢᠯᠤᠮᠧᠲᠷ᠂ ᠵᠢᠯ ᠤᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠨᠢ ᠪᠠᠷᠤᠭ 500 ᠲᠦᠮᠡᠨ ᠲᠤᠨ ᠠᠴᠠ ᠳᠡᠭᠡᠭᠰᠢ ᠳᠤ ᠬᠦᠷᠦᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号