ᠣᠶᠢᠷ᠎ᠠ ᠶᠢᠨ ᠡᠳᠦᠷ ᠲᠤ᠂ ᠡᠷᠢᠶᠡᠨ ᠬᠤᠲᠠ ᠮᠠᠯᠵᠢᠬᠤ ᠣᠷᠣᠨ ᠤ ᠡᠨᠡ ᠡᠪᠦᠯ ᠢᠷᠡᠬᠦ ᠬᠠᠪᠤᠷ ᠤᠨ ᠠᠵᠢᠯ ᠢ | ᠪᠠᠶᠢᠷᠢᠯᠠᠭᠤᠯᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠡᠯ᠎ᠡ ᠵᠦᠢᠯ ᠤᠨ ᠤᠬᠠᠭᠤᠯᠭ᠎ᠠ ᠶᠢ ᠰᠠᠶᠢᠲᠤᠷ | ᠠᠳᠬᠤᠵᠤ ᠪᠣᠢ᠃ ᠨᠢᠭᠡ ᠳᠤ᠂ ᠲᠣᠰᠬᠤᠨ ᠳᠤ ᠰᠠᠭᠤᠭ᠎ᠠ ᠺᠠᠳ᠋ᠷᠴᠤᠳ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ | ᠭᠠᠴᠠᠭ᠎ᠠ ᠶᠢᠨ ᠭᠤᠷᠪᠠᠨ ᠵᠦᠪᠯᠡᠯ ᠤᠨ ᠠᠵᠢᠯ ᠢ ᠳᠦᠷᠢᠮᠵᠢᠭᠦᠯᠪᠡ᠃ ᠭᠠᠴᠠᠭ᠎ᠠ ᠶᠢᠨ ᠭᠤᠣᠯ ᠴᠣᠭᠴᠠ ᠶᠢᠨ | ᠦᠢᠯᠡᠳᠦᠯ ᠪᠠᠳᠠᠷᠠᠭᠤᠯᠬᠤ ᠶᠢ ᠲᠦᠯᠬᠢᠨ ᠠᠬᠢᠭᠤᠯᠵᠤ᠂ ᠺᠠᠳ᠋ᠷᠴᠤᠳ ᠤᠨ ᠡᠷᠦᠭᠡ ᠳᠤ ᠣᠷᠣᠬᠤ ᠶᠢ ᠳᠠᠶᠢᠴᠢᠯᠠᠨ | ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠪᠣᠯᠣᠨ ᠲᠥᠷᠦ ᠶᠢᠨ ᠪᠣᠳᠤᠯᠭ᠎ᠠ ᠶᠢ ᠤᠬᠠᠭᠤᠯᠵᠤ᠂ | ᠮᠠᠯᠴᠢᠳ ᠢ ᠤᠳᠤᠷᠢᠳᠴᠦ ᠪᠣᠷᠤᠯᠠᠭᠤᠯᠬᠤ᠂ ᠬᠢᠵᠢᠭ ᠢ ᠰᠡᠷᠭᠡᠶᠢᠯᠡᠬᠦ ᠪᠠ ᠡᠭᠦᠯᠳᠡᠷ ᠰᠠᠶᠢᠵᠢᠷᠠᠭᠤᠯᠬᠤ ᠲᠠᠯ᠎ᠠ ᠪᠠᠷ | ᠰᠠᠶᠢᠲᠤᠷ ᠠᠳᠬᠤᠵᠤ᠂ ᠬᠠᠭᠤᠴᠢᠨ ᠦᠢᠯᠡᠳᠪᠦᠷᠢᠯᠡᠯ ᠤᠨ ᠡᠵᠡᠩᠨᠡᠯᠲᠡ ᠶᠢᠨ ᠣᠨᠣᠯᠵᠢᠬᠤᠨ ᠢ ᠬᠤᠪᠢᠷᠠᠭᠤᠯᠤᠨ᠂ | ᠰᠢᠨᠵᠢᠯᠡᠭᠦ ᠤᠬᠠᠭᠠᠴᠢ ᠪᠠᠷ ᠮᠠᠯ ᠠᠵᠤ ᠠᠬᠤᠢ ᠶᠢ ᠬᠥᠭᠵᠢᠭᠦᠯᠬᠦ᠂ ᠡᠭᠦᠯᠳᠡᠷ ᠲᠡᠵᠢᠭᠡᠪᠦᠷᠢ ᠶᠢᠨ ᠪᠥᠲᠦᠴᠡ ᠶᠢ | ᠰᠢᠯᠢᠳᠡᠭᠵᠢᠭᠦᠯᠦᠨ ᠲᠣᠬᠢᠷᠠᠭᠤᠯᠵᠤ᠂ ᠣᠯᠠᠨ ᠵᠦᠢᠯ ᠤᠨ ᠡᠵᠡᠩᠨᠡᠯᠲᠡ ᠶᠢ ᠥᠷᠨᠢᠭᠦᠯᠬᠦ ᠵᠡᠷᠭᠡ ᠦᠢᠯᠡᠳᠪᠦᠷᠢᠯᠡᠯ | ᠡᠵᠡᠩᠨᠡᠯᠲᠡ ᠶᠢᠨ ᠣᠨᠣᠯᠵᠢᠬᠤᠨ ᠶᠢ ᠪᠣᠢ ᠪᠣᠯᠭᠠᠪᠠ᠃ ᠬᠤᠶᠠᠷ ᠲᠤ ᠮᠠᠯᠵᠢᠬᠤ ᠣᠷᠣᠨ ᠤ ᠵᠣᠭᠤᠰ ᠨᠠᠭᠠᠳᠬᠤ ᠮᠠᠭᠤ | ᠳᠠᠳᠬᠠᠯ ᠳᠤ ᠴᠤᠬᠢᠯᠲᠠ ᠥᠭᠴᠦ᠂ ᠮᠠᠯᠴᠢᠳ ᠤᠨ ᠡᠷᠡᠭᠦᠯ ᠪᠣᠯᠪᠠᠰᠤᠨ ᠠᠮᠢᠳᠤᠷᠠᠯ ᠤᠨ ᠵᠠᠩ ᠳᠠᠳᠬᠠᠯ ᠢ | ᠬᠥᠮᠦᠵᠢᠭᠦᠯᠦᠨ ᠪᠣᠢ ᠪᠣᠯᠭᠠᠵᠤ᠂ ᠣᠯᠠᠨ ᠲᠥᠮᠡᠨ ᠤ ᠦᠢᠯᠡᠳᠪᠦᠷᠢᠯᠡᠯ ᠠᠮᠢᠳᠤᠷᠠᠯ ᠤᠨ ᠪᠣᠲᠠᠲᠠᠢ ᠠᠰᠠᠭᠤᠳᠠᠯ ᠢ | ᠰᠠᠶᠢᠲᠤᠷ ᠰᠢᠢᠳᠪᠦᠷᠢᠯᠡᠪᠡ᠃ ᠭᠤᠷᠪᠠ ᠳᠤ ᠨᠠᠮ ᠤᠨ ᠬᠡᠰᠢᠭᠦᠨ ᠤ ᠭᠤᠣᠯ ᠡᠷᠦᠬᠡ ᠶᠢ ᠪᠣᠶᠢᠵᠢᠭᠤᠯᠤᠨ ᠳᠡᠮᠵᠢᠵᠦ᠂ | ᠲᠡᠭᠦᠨ ᠤ ᠮᠠᠯᠴᠢᠳ ᠠᠴᠠ ᠬᠠᠮᠤᠭ ᠣᠶᠢᠷ᠎ᠠ ᠪᠠᠶᠢᠬᠤ ᠳᠠᠪᠠᠭᠤᠯᠢᠭ ᠢ ᠪᠠᠳᠠᠷᠠᠭᠤᠯᠤᠨ᠂ ᠨᠠᠮ ᠤᠨ ᠠᠷᠠᠳ ᠲᠤ | ᠬᠠᠷᠭᠠᠯᠵᠠᠯ ᠦᠵᠡᠭᠦᠯᠬᠦ ᠲᠥᠷᠦ ᠶᠢᠨ ᠪᠣᠳᠤᠯᠭ᠎ᠠ᠂ ᠮᠠᠯᠵᠢᠬᠤ ᠲᠠᠷᠢᠶᠠᠯᠠᠬᠤ ᠣᠷᠣᠨ ᠤ ᠠᠵᠤ ᠦᠢᠯᠡᠰ ᠤᠨ | ᠲᠥᠷᠦ ᠶᠢᠨ ᠪᠣᠳᠤᠯᠭ᠎ᠠ᠂ ᠦᠢᠯᠡᠳᠪᠦᠷᠢᠯᠡᠯ ᠠᠮᠢᠳᠤᠷᠠᠯ ᠤᠨ ᠮᠡᠳᠡᠭᠡ ᠵᠠᠩᠭᠢ ᠪᠣᠯᠣᠨ ᠡᠷᠡᠭᠦᠯ ᠪᠣᠯᠪᠠᠰᠤᠨ | ᠠᠮᠢᠳᠤᠷᠠᠯ ᠤᠨ ᠠᠷᠭ᠎ᠠ ᠮᠠᠶ᠋ᠢᠭ ᠢ ᠴᠠᠭ ᠲᠤᠬᠠᠢ ᠲᠤᠨᠢ ᠮᠠᠯᠴᠢᠳ ᠲᠤ ᠳᠠᠮᠵᠢᠭᠤᠯᠤᠨ ᠬᠦᠷᠭᠡᠵᠦ᠂ ᠮᠠᠯᠴᠢᠳ ᠢ ᠨᠡᠩ | ᠲᠥᠷᠭᠡᠨ ᠢᠶᠠᠷ ᠤᠯᠤᠰ ᠤᠨ ᠲᠥᠷᠦ ᠶᠢᠨ ᠪᠣᠳᠤᠯᠭ᠎ᠠ ᠶᠢ ᠣᠶᠢᠯᠠᠭᠠᠭᠤᠯᠬᠤ ᠪᠣᠯᠭᠠᠵᠤ᠂ ᠦᠢᠯᠡᠳᠪᠦᠷᠢᠯᠡᠯ ᠠᠮᠢᠳᠤᠷᠠᠯ ᠢ | ᠨᠢ ᠨᠡᠩ ᠰᠠᠶᠢᠨ ᠲᠣᠬᠢᠷᠠᠭᠤᠯᠪᠠ᠃ |