ᠣᠷᠳᠣᠰ ᠣᠢ ᠮᠣᠳᠣ ᠡᠯᠡᠰᠦᠨ ᠤ ᠠᠵᠤ ᠦᠢᠯᠡᠰ ᠢ ᠬᠥᠭᠵᠢᠭᠦᠯᠵᠦ ᠠᠮᠢ ᠠᠬᠤᠶ ᠶᠢᠨ ᠠᠵᠤ ᠦᠢᠯᠡᠰ ᠤᠨ ᠣᠷᠣᠯᠭ᠎ᠠ ᠶᠢ ᠨᠡᠮᠡᠭᠳᠡᠭᠦᠯᠵᠦ ᠪᠠᠶᠠᠵᠢᠭᠤᠯᠬᠤ ᠵᠠᠮ ᠢ ᠳᠡᠪᠢᠰᠴᠦ ᠪᠣᠢ
ᠨᠡᠶᠢᠲᠡᠯᠡᠭᠰᠡᠨ ᠴᠠᠭ᠄
2015/12/29
     ︽12.5︾᠎ ᠶᠢᠨ ᠬᠤᠭᠤᠴᠠᠭᠠᠨ ᠳᠤ᠂ ᠣᠷᠳᠣᠰ ︽ᠠᠮᠢ ᠠᠬᠤᠶ ᠶᠢᠨ ᠪᠥᠳᠥᠭᠡᠨ ᠪᠠᠶᠢᠭᠤᠯᠤᠯᠲᠠ ᠶᠢ ᠠᠵᠤ ᠦᠢᠯᠡᠳᠪᠦᠷᠢᠵᠢᠭᠦᠯᠬᠦ᠂ ᠠᠵᠤ ᠦᠢᠯᠡᠰ ᠤᠨ ᠬᠥᠭᠵᠢᠯᠲᠡ ᠶᠢ ᠠᠮᠢ ᠠᠬᠤᠶᠢᠵᠢᠭᠤᠯᠬᠤ︾ ᠬᠥᠭᠵᠢᠯᠲᠡ ᠶᠢᠨ ᠰᠡᠳᠬᠢᠮᠵᠢ ᠶᠢ ᠪᠠᠷᠢᠮᠳᠠᠯᠠᠵᠤ᠂ ︽ᠲᠠᠪᠤ ᠶᠢ ᠴᠤᠭᠴᠠᠵᠢᠭᠤᠯᠬᠤ︾ ︵ᠣᠢ ᠮᠣᠳᠣ ᠬᠠᠪᠲᠠᠰᠤ ᠶᠢ ᠨᠢᠭᠡ ᠴᠤᠭᠴᠠᠵᠢᠭᠤᠯᠬᠤ᠂ ᠤᠢ ᠮᠣᠳᠣ ᠴᠠᠭᠠᠰᠤ ᠶᠢ ᠨᠢᠭᠡ ᠴᠤᠭᠴᠠᠵᠢᠭᠤᠯᠬᠤ᠂ ᠣᠢ ᠮᠣᠳᠣ ᠪᠣᠷᠳᠤᠭ᠎ᠠ ᠶᠢ ᠨᠢᠭᠡ ᠴᠤᠭᠴᠠᠵᠢᠭᠤᠯᠬᠤ᠂ ᠣᠢ ᠮᠣᠳᠣ ᠡᠨᠧᠷᠭᠢ ᠶᠢ ᠨᠢᠭᠡ ᠴᠤᠭᠴᠠᠵᠢᠭᠤᠯᠬᠤ᠂ ᠣᠢ ᠮᠣᠳᠣ ᠦᠵᠡᠮᠵᠢ ᠶᠢ ᠨᠢᠭᠡ ᠴᠤᠭᠴᠠᠵᠢᠭᠤᠯᠬᠤ︶᠂ ︽ᠭᠤᠷᠪᠠᠨ ᠵᠦᠢᠯ︾ ︵ᠤᠮᠳᠠᠭᠠᠨ ᠤ ᠵᠦᠢᠯ᠂ ᠡᠮ ᠤᠨ ᠵᠦᠢᠯ᠂ ᠵᠠᠰᠠᠯ ᠴᠢᠮᠡᠭ ᠤᠨ ᠵᠦᠢᠯ ︶᠎ ᠤᠨ ᠶᠡᠷᠦᠩᠬᠡᠶ ᠪᠠᠶᠢᠷᠢᠯᠠᠭᠤᠯᠤᠯᠲᠠ ᠶᠣᠰᠤᠭᠠᠷ᠂ ᠣᠢ ᠮᠣᠳᠣ ᠡᠯᠡᠰᠦᠨ ᠤ ᠠᠵᠤ ᠦᠢᠯᠡᠰ ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠵᠤ᠂ ᠮᠠᠯᠴᠢᠨ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ ᠠᠵᠤ ᠦᠢᠯᠡᠰ ᠤᠨ ᠬᠥᠭᠵᠢᠯᠲᠡ ᠶᠢᠨ ᠣᠷᠣᠯᠭ᠎ᠠ ᠨᠡᠮᠡᠭᠳᠡᠭᠦᠯᠬᠦ ᠪᠠᠶᠠᠵᠢᠯ ᠤᠨ ᠵᠠᠮ ᠢᠶᠠᠷ ᠶᠠᠪᠤᠭᠤᠯᠤᠭᠰᠠᠨ ᠪᠠᠶᠢᠨ᠎ᠠ᠃      ᠨᠢᠭᠡ ᠳᠤ ︽12.5︾᠎ ᠶᠢᠨ ᠬᠤᠭᠤᠴᠠᠭᠠᠨ ᠳᠤ᠂ ᠪᠦᠬᠦ ᠬᠤᠲᠠ ᠳᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠᠷ ᠤᠳᠤᠷᠢᠳᠤᠮᠵᠢ ᠪᠣᠯᠭᠠᠨ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠪᠠᠷ ᠭᠤᠣᠯ ᠴᠣᠭᠴᠠ ᠪᠣᠯᠭᠠᠵᠤ᠂ ᠨᠡᠶᠢᠭᠡᠮ ᠤᠨ ᠪᠡᠯᠡ ᠣᠷᠣᠭᠤᠯᠤᠯᠲᠠ ᠪᠠᠷ ᠨᠥᠬᠦᠪᠥᠷᠢ ᠪᠣᠯᠭᠠᠭᠰᠠᠨ ᠤᠯᠠᠨ ᠡᠰᠢᠵᠢᠯ ᠤᠨ ᠣᠢ ᠮᠣᠳᠣ ᠡᠯᠡᠰᠦᠨ ᠤ ᠠᠵᠤ ᠦᠢᠯᠡᠰ ᠤᠨ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢᠨ ᠰᠢᠰᠲ᠋ᠧᠮᠵᠢ ᠦᠨᠳᠦᠰᠦᠨ ᠳᠡᠭᠡᠨ ᠪᠤᠢ ᠪᠣᠯᠵᠤ᠂ ᠲᠦᠭᠦᠬᠡᠶ ᠮᠠᠲ᠋ᠧᠷᠢᠶᠠᠯ ᠤᠨ ᠤᠢ ᠮᠣᠳᠣ ᠡᠬᠢᠯᠡᠨ ᠬᠡᠪᠴᠢᠶᠡᠵᠢᠵᠦ᠂ ᠰᠢᠨ᠎ᠡ ᠪᠠᠷ ᠪᠠᠶᠢᠭᠤᠯᠤᠭᠰᠠᠨ ᠲᠦᠭᠦᠬᠡᠶ ᠮᠠᠲ᠋ᠧᠷᠢᠶᠠᠯ ᠤᠨ ᠣᠢ ᠮᠣᠳᠣᠨ ᠤ ᠰᠠᠭᠤᠷᠢᠨ ᠭᠠᠵᠠᠷ ᠨᠡᠶᠢᠲᠡ 422.3 ᠲᠥᠮᠡᠨ ᠮᠣ᠋ ᠳᠤ ᠬᠦᠷᠴᠡᠢ᠂  ᠡᠭᠦᠨ ᠳᠤ ᠡᠯᠡᠰᠦᠨ ᠪᠤᠷᠭᠠᠰᠤ 168.3 ᠲᠥᠮᠡᠨ ᠮᠣ᠋᠂  ᠪᠤᠳᠠᠯᠢᠭ ᠮᠣᠳᠣ 78.8 ᠲᠥᠮᠡᠨ ᠮᠣ᠋  ᠂  ᠬᠠᠳᠠᠩᠭᠢᠷ ᠤᠯᠢᠶᠠᠰᠤ 64.2 ᠲᠥᠮᠡᠨ ᠮᠣ᠋᠂ ᠴᠢᠴᠠᠷᠭᠠᠨ᠎ᠠ 62.3 ᠲᠥᠮᠡᠨ ᠮᠣ᠋᠂ ᠵᠡᠷᠯᠢᠭ ᠭᠦᠢᠯᠡᠰᠦ 41.6 ᠲᠥᠮᠡᠨ ᠮᠣ᠋  ᠂  ᠵᠠᠭ ᠮᠣᠳᠣ 6.5 ᠲᠦᠮᠡᠨ ᠮᠥ᠂  ᠬᠡᠭᠡᠷ᠎ᠡ ᠶᠢᠨ ᠲᠠᠤᠯᠠᠶ ᠶᠢᠨ ᠪᠥᠭᠡᠷ᠎ᠡ 0.6 ᠲᠥᠮᠡᠨ ᠮᠣ᠋ ᠪᠠᠶᠢᠨ᠎ᠠ᠃      ᠬᠤᠶᠠᠷ ᠲᠤ ᠤᠢ ᠮᠣᠳᠣ ᠡᠯᠡᠰᠦᠨ ᠤ ᠠᠵᠤ ᠦᠢᠯᠡᠰ ᠢ ᠢᠳᠡᠪᠬᠢᠲᠡᠶ ᠲᠡᠳᠬᠦᠨ ᠳᠡᠮᠵᠢᠵᠦ᠂ ᠮᠣᠣᠠᠤᠰᠤ ᠠᠮᠢᠳᠤ ᠪᠣᠳᠠᠰ ᠤᠨ ᠢᠯᠴᠢ ᠴᠠᠬᠢᠯᠭᠠᠨ ᠦᠢᠯᠡᠳᠪᠦᠷᠢ᠂ ᠥᠨᠳᠦᠷᠯᠢᠭ ᠤᠨ ᠬᠦᠢᠯᠡᠰᠦᠠ ᠴᠥᠮ᠎ᠡ ᠶᠢᠨ ᠨᠡᠷᠡᠮᠡᠯ᠂ ᠲᠩᠷᠢᠯᠢᠭ ᠬᠥᠪᠡᠭᠦᠨ ᠴᠢᠴᠠᠷᠭᠠᠨ᠎ᠠ ᠶᠢᠨ ᠡᠬᠢ ᠪᠠᠶᠠᠯᠢᠭ ᠵᠡᠷᠭᠡ ᠬᠡᠪᠴᠢᠶᠡᠲᠦ ᠤᠢ ᠮᠣᠳᠣ ᠡᠯᠡᠰᠦᠨ ᠤ ᠠᠵᠤ ᠠᠬᠤᠶᠢᠯᠠᠯ 20 ᠭᠠᠷᠤᠶ ᠡᠷᠦᠬᠡ ᠶᠢ ᠪᠠᠶᠢᠭᠤᠯᠪᠠ᠃ ᠨᠡᠶᠢᠲᠡ ᠡᠭᠦᠳᠦᠭᠰᠡᠨ ᠤᠢᠢᠯᠡᠳᠭᠦᠨ ᠤ ᠦᠷᠳᠡᠭ ᠨᠢ 35.6 ᠳ᠋ᠦᠡᠭᠰᠢᠭᠤᠷ ᠲᠥᠭᠦᠷᠢᠭ ᠪᠠᠶᠢᠵᠤ᠂ 31.5 ᠳ᠋ᠦᠡᠭᠰᠢᠭᠤᠷ ᠲᠥᠭᠦᠷᠢᠭ ᠤᠨ ᠪᠣᠷᠣᠯᠠᠭᠤᠯᠤᠯᠲᠠ ᠶᠢᠨ ᠣᠷᠣᠯᠭ᠎ᠠ ᠶᠢ ᠪᠡᠶᠡᠯᠡᠭᠦᠯᠪᠡ᠃ ᠨᠡᠶᠢᠲᠡ 27 ᠲᠦᠮᠡᠨ ᠪᠣᠰᠤᠭ᠎ᠠ ᠳᠥᠷᠪᠡᠯᠵᠢᠨ ᠮᠧᠲᠷ ᠬᠢᠮᠡᠯ ᠬᠠᠪᠲᠠᠰᠤ᠂ 7.8 ᠲᠦᠮᠡᠨ ᠲᠣᠨ ᠬᠦᠢᠯᠡᠰᠦᠠ ᠴᠥᠮ᠎ᠡ ᠶᠢᠨ ᠨᠡᠷᠡᠮᠡᠯ᠂ 7.3 ᠲᠦᠮᠡᠨ ᠲᠣᠨ ᠴᠢᠴᠠᠷᠭᠠᠨ᠎ᠠ ᠶᠢᠨ ᠤᠮᠳᠠᠭᠠᠨ᠂ 7 ᠲᠦᠮᠡᠨ ᠲᠣᠨ ᠴᠢᠴᠠᠷᠭᠠᠨ᠎ᠠ ᠶᠢᠨ ᠵᠢᠶᠠᠩᠶ᠋ᠢᠦ ᠼᠤᠤ᠂ ᠴᠢᠴᠠᠷᠭᠠᠨ᠎ᠠ ᠶᠢᠨ ᠶᠠᠫᠣᠨ ᠠᠷᠢᠬᠢ᠂ ᠰᠢᠷ᠎ᠠ ᠺᠧᠲ᠋ᠣᠨ᠂ ᠣ ᠡᠩᠭᠡᠰᠬᠡ᠂ ᠵᠢᠮᠢᠰ ᠤᠨ ᠥᠩᠭᠦᠷ ᠵᠡᠷᠭᠡ ᠶᠢ 14.3 ᠲᠦᠮᠡᠨ ᠲᠣᠨ ᠦᠢᠯᠡᠳᠪᠦᠷᠢᠯᠡᠵᠦ᠂  8.4 ᠳ᠋ᠦᠡᠭᠰᠢᠭᠤᠷ ᠭᠷᠠᠳᠥ᠋ᠰ ᠠᠮᠢᠳᠤ ᠪᠣᠳᠠᠰ ᠤᠨ ᠴᠠᠬᠢᠯᠭᠠᠨ ᠭᠠᠷᠭᠠᠪᠠ᠃ ᠣᠶᠢᠲᠤ ᠭᠠᠵᠠᠷ ᠤᠨ ᠦᠢᠯᠡᠳᠪᠦᠷᠢᠯᠡᠯ ᠤᠨ ᠬᠦᠴᠦᠨ ᠢ ᠤᠯᠠᠮ ᠨᠢᠭᠡ ᠠᠯᠬᠤᠮ ᠨᠡᠭᠡᠭᠡᠵᠦ᠂ ᠤᠢ ᠶᠢᠨ ᠳᠣᠣᠷᠠᠬᠢ ᠠᠵᠤ ᠠᠬᠤᠶ ᠶᠢᠨ ᠬᠥᠭᠵᠢᠯᠲᠡ ᠳᠤ ᠠᠮᠢᠳᠤ ᠰᠣᠷᠭᠤᠭ ᠰᠢᠨ᠎ᠡ ᠬᠦᠴᠦᠨ ᠢᠯᠡᠷᠡᠵᠦ ᠂ ᠬᠠᠮᠲᠤ ᠶᠢᠨ ᠣᠶᠢᠲᠤ ᠭᠠᠵᠠᠷ ᠶᠢ ᠨᠡᠶᠢᠲᠡ 600 ᠭᠠᠷᠤᠶ ᠲᠦᠮᠡᠨ ᠮᠦ ᠪᠣᠶᠢᠵᠢᠭᠤᠯᠤᠨ ᠤᠢ ᠶᠢᠨ ᠳᠣᠣᠷᠠᠬᠢ ᠠᠵᠤ ᠠᠬᠤᠶ ᠶᠢ ᠥᠷᠨᠢᠭᠦᠯᠵᠦ᠂ 5.2 ᠲᠥᠮᠡᠨ ᠡᠷᠦᠬᠡ ᠮᠠᠯᠵᠢᠬᠤ ᠲᠠᠷᠢᠶᠠᠯᠠᠬᠤ ᠡᠷᠦᠬᠡ ᠳᠤ ᠬᠤᠯᠪᠤᠭᠳᠠᠵᠤ᠂ ᠪᠥᠬᠦ ᠦᠢᠯᠡᠳᠬᠦᠨ ᠤ ᠦᠷᠳᠡᠭ ᠨᠢ ᠨᠡᠶᠢᠲᠡ 20.2 ᠳ᠋ᠦᠡᠭᠰᠢᠭᠤᠷ ᠲᠥᠭᠦᠷᠢᠭ ᠲᠤ ᠬᠦᠷᠴᠡᠢ᠃      ᠭᠤᠷᠪᠠ ᠳᠤ ᠠᠮᠢ ᠠᠬᠤᠶ ᠶᠢᠨ ᠵᠢᠭᠤᠯᠴᠢᠯᠠᠯ ᠢᠶᠠᠷ ᠭᠤᠣᠯᠳᠠᠯᠭ᠎ᠠ ᠪᠣᠯᠭᠠᠭᠰᠠᠨ ᠣᠢ ᠰᠢᠭᠤᠶ ᠶᠢᠨ ᠠᠵᠤ ᠦᠢᠯᠡᠰ ᠤᠨ ᠰᠢᠨ᠎ᠡ ᠨᠡᠮᠡᠭᠳᠡᠯ ᠤᠨ ᠴᠡᠭ ᠢ ᠢᠳᠡᠪᠬᠢᠲᠡᠶ ᠪᠤᠶᠢᠵᠢᠭᠤᠯᠵᠤ᠂ ᠴᠢᠩᠭᠢᠰ ᠤᠨ ᠣᠩᠭᠤᠨ᠂ ᠪᠦᠷᠢᠶ᠎ᠡ ᠮᠠᠩᠬ᠎ᠠ᠂ ᠴᠢ ᠰᠢᠩ ᠬᠤ᠋ ᠨᠠᠭᠤᠷ᠂ ᠡᠩᠬᠡᠭᠤᠪᠢ᠂ ᠰᠠᠯᠠᠭ᠎ᠠ ᠤᠰᠤ ᠵᠡᠷᠭᠡ ᠠᠮᠢ ᠠᠬᠤᠶ ᠶᠢᠨ ᠵᠢᠭᠤᠯᠴᠢᠯᠠᠯ ᠤᠨ ᠦᠵᠡᠮᠵᠢᠲᠦ ᠣᠷᠣᠨ ᠢ 20 ᠭᠠᠷᠤᠶ ᠪᠠᠶᠢᠭᠤᠯᠵᠤ᠂ ᠵᠢᠭᠤᠯᠴᠢᠯᠠᠭᠴᠢᠳ ᠢ ᠨᠡᠶᠢᠲᠡ 487 ᠬᠥᠮᠦᠨ ᠤᠳᠠᠭ᠎ᠠ ᠤᠭᠲᠤᠵᠤ᠂ 12.6 ᠳ᠋ᠦᠩᠰᠢᠭᠤᠷ ᠲᠥᠭᠦᠷᠢᠭ ᠤᠨ ᠣᠷᠣᠯᠭ᠎ᠠ ᠶᠢ ᠪᠡᠶᠡᠯᠡᠭᠦᠯᠪᠡ᠃ ᠣᠢ ᠮᠤᠳᠤ ᠡᠯᠡᠰᠦᠨ ᠤ ᠠᠵᠤ ᠦᠢᠯᠡᠰ ᠤᠨ ᠬᠥᠭᠵᠢᠯᠲᠡ ᠳᠤ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠪᠠ ᠮᠠᠯᠴᠢᠨ ᠲᠠᠷᠢᠶᠠᠴᠢᠳ ᠤᠨ ᠣᠷᠣᠯᠭ᠎ᠠ ᠶᠢᠨ ︽ᠬᠤᠣᠰ ᠨᠡᠮᠡᠭᠳᠡᠯ︾᠎ ᠢ ᠪᠡᠶᠡᠯᠡᠭᠦᠯᠵᠦ᠂ ᠤᠢ ᠰᠢᠭᠤᠶ ᠶᠢᠨ ᠠᠵᠤ ᠦᠢᠯᠡᠰ ᠤᠨ ᠲᠠᠷᠢᠶᠠᠯᠠᠬᠤ ᠮᠠᠯᠵᠢᠬᠤ ᠣᠷᠣᠨ ᠤ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤᠮᠳᠠᠬᠢ ᠴᠢᠬᠤᠯᠠ ᠪᠠᠶᠢᠷᠢ ᠰᠠᠭᠤᠷᠢ ᠪᠠ ᠦᠢᠯᠡᠳᠦᠯ ᠨᠢ ᠡᠳᠦᠷ ᠢᠷᠡᠬᠦᠶ᠎ᠡ ᠲᠤᠪᠤᠶᠢᠮ᠎ᠠ ᠪᠤᠯᠵᠤ᠂ ᠤᠢ ᠰᠢᠭᠤᠶ ᠶᠢᠨ ᠠᠵᠤ ᠦᠢᠯᠡᠰ ᠨᠢ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠶ ᠶᠢᠨ ᠰᠢᠨ᠎ᠡ ᠨᠡᠮᠡᠭᠳᠡᠯ ᠤᠨ ᠴᠡᠭ ᠪᠣᠯᠪᠠ᠃ ︽12.5︾᠎ ᠶᠢᠨ ᠲᠥᠯᠥᠪᠵᠢᠭᠦᠯᠭᠡ ᠶᠢᠨ ᠡᠴᠦᠰ ᠲᠤ᠂ ᠪᠦᠬᠦ ᠬᠤᠲᠠ ᠶᠢᠨ ᠤᠢ ᠰᠢᠭᠤᠶ ᠶᠢᠨ ᠠᠵᠤ ᠠᠬᠤᠶ ᠶᠢᠨ ᠦᠢᠯᠡᠳᠬᠦᠨ ᠤ ᠪᠥᠬᠦ ᠦᠷᠳᠡᠭ ᠵᠢᠱᠢᠯᠲᠡ ᠪᠠᠷ 44 ᠳ᠋ᠦᠩᠰᠢᠭᠤᠷ ᠲᠥᠭᠦᠷᠢᠭ ᠬᠦᠷᠴᠦ᠂ ᠲᠠᠷᠢᠶᠠᠴᠢᠨ ᠮᠠᠯᠴᠢᠳ ᠤᠨ ᠤᠢ ᠮᠤᠳᠤ ᠡᠯᠡᠰᠦᠨ ᠤ ᠠᠵᠤ ᠦᠢᠯᠡᠰ ᠠᠴᠠ ᠣᠯᠬᠤ ᠬᠥᠮᠦᠨ ᠪᠦᠷᠢ ᠶᠢᠨ ᠲᠡᠭᠰᠢᠳᠬᠡᠭᠰᠡᠨ ᠴᠡᠪᠡᠷ ᠣᠷᠣᠯᠭ᠎ᠠ ᠵᠢᠱᠢᠯᠲᠡ ᠪᠠᠷ 2700 ᠲᠥᠭᠦᠷᠢᠭ ᠲᠤ ᠬᠦᠷᠴᠦ᠂ ᠲᠤᠰ ᠲᠤᠰ ︽11.5︾᠎ ᠶᠢᠨ ᠲᠥᠯᠥᠪᠵᠢᠭᠦᠯᠭᠡ ᠶᠢᠨ ᠡᠴᠦᠰ ᠤᠨ ᠬᠤᠭᠤᠴᠠᠭᠠᠨ ᠠᠴᠠ 9 ᠳ᠋ᠦᠩᠰᠢᠭᠤᠷ ᠲᠥᠭᠦᠷᠢᠭ᠂ 600 ᠲᠥᠭᠦᠷᠢᠭ ᠨᠡᠮᠡᠭᠳᠡᠬᠦ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号