ᠡᠨᠡ ᠵᠢᠯ ᠤᠨ 11 ᠳ᠋ᠤᠭᠡᠷ ᠰᠠᠷ᠎ᠠ ᠠᠴᠠ ᠡᠬᠢᠯᠡᠨ᠂ ᠪᠣᠭᠤᠳᠣ ᠬᠤᠲᠠ ᠭᠡᠷ ᠪᠦᠯᠢ ᠶᠢᠨ ᠦᠢᠯᠡᠴᠢᠯᠡᠭᠡᠨ ᠤ | ᠮᠡᠳᠡᠭᠡ ᠵᠠᠩᠭᠢ ᠶᠢᠨ ᠰᠢᠰᠲ᠋ᠧᠮ ᠢᠶᠠᠨ ᠥᠭᠡᠷᠡᠴᠢᠯᠡᠨ ᠳᠡᠰ ᠳᠡᠪᠰᠢᠭᠦᠯᠵᠦ᠂ ᠰᠢᠨ᠎ᠡ ᠰᠢᠰᠲ᠋ᠧᠮ ᠨᠢ ᠰᠦᠯᠵᠢᠶ᠎ᠡ᠂ ᠭᠠᠷ | ᠤᠲᠠᠰᠤ ᠪᠠᠷ ᠬᠤᠳᠠᠯᠳᠤᠨ ᠠᠪᠬᠤ ᠶᠢ ᠪᠡᠶᠡᠯᠡᠭᠦᠯᠦᠨ᠂ ᠥᠷᠭᠡᠨ ᠣᠯᠠᠨ ᠬᠤᠲᠠ ᠶᠢᠨ ᠠᠷᠠᠳ ᠲᠤ ᠶᠡᠬᠡᠬᠡᠨ ᠳᠥᠭᠦᠮ | ᠦᠵᠡᠭᠦᠯᠵᠡᠢ᠃ ᠭᠡᠷ ᠪᠦᠯᠢ ᠵᠢᠨᠰᠢᠨ᠎ᠡ ᠦᠢᠯᠡᠴᠢᠯᠡᠭᠡᠨ ᠤ ᠮᠡᠳᠡᠭᠡ ᠵᠠᠩᠭᠢ ᠶᠢᠨ ᠰᠢᠰᠲ᠋ᠧᠮ ᠲᠤ ᠪᠠᠰᠠ ᠭᠡᠷ | ᠪᠦᠯᠢ ᠶᠢᠨ ᠦᠢᠯᠡᠴᠢᠯᠡᠭᠡᠨ ᠤ ᠪᠠᠷᠢᠮᠲᠠ ᠳᠠᠬᠢ ᠬᠥᠮᠦᠰ ᠤᠨ ᠮᠡᠳᠡᠭᠡ ᠵᠠᠩᠭᠢ ᠶᠢ ᠰᠢᠭᠰᠢᠨ ᠪᠠᠶᠢᠴᠠᠭᠠᠬᠤ᠂ | ᠵᠠᠬᠢᠶᠠᠯᠠᠭᠰᠠᠨ ᠬᠠᠭᠤᠳᠠᠰᠤ ᠶᠢ ᠰᠣᠷᠪᠣᠯᠵᠢᠯᠠᠬᠤ ᠵᠡᠷᠭᠡ ᠴᠢᠳᠠᠪᠬᠢ ᠶᠢ ᠨᠡᠮᠡᠭᠳᠡᠭᠦᠯᠪᠡ᠂ ᠬᠤᠶᠢᠰᠢᠲᠠ᠂ | ᠱᠠᠭᠠᠷᠳᠠᠯᠭ᠎ᠠ ᠶᠢᠨ ᠨᠡᠮᠡᠭᠳᠡᠯ ᠢ ᠳᠠᠭᠠᠯᠳᠤᠨ᠂ ᠪᠠᠰᠠ APP ᠭᠠᠷ ᠤᠲᠠᠰᠤᠨ ᠤ ᠦᠢᠯᠡᠴᠢᠯᠡᠭᠡ ᠬᠦᠯᠢᠶᠡᠭᠴᠢ ᠶᠢᠨ | ᠦᠵᠦᠭᠦᠷ ᠠᠴᠠ ᠲᠠᠲᠠᠵᠤ ᠠᠪᠬᠤ ᠵᠡᠷᠭᠡ ᠴᠢᠳᠠᠪᠬᠢ ᠶᠢ ᠨᠡᠮᠡᠭᠳᠡᠭᠦᠯᠬᠦ ᠪᠠᠷ ᠪᠣᠯᠵᠤ᠂ ᠮᠠᠨ ᠤ ᠬᠤᠲᠠ ᠶᠢᠨ ᠭᠡᠷ | ᠪᠦᠯᠢ ᠶᠢᠨ ᠦᠢᠯᠡᠴᠢᠯᠡᠭᠡᠨ ᠤ ᠦᠢᠯᠡᠰ ᠢᠨᠲ᠋ᠧᠷ ᠰᠦᠯᠵᠢᠶᠡᠨ ᠤ ᠬᠤᠷᠳᠤᠨ ᠲᠡᠷᠭᠡᠨ ᠳᠤ ᠭᠠᠷᠴᠤ᠂ 020 ᠭᠡᠷ | ᠪᠦᠯᠢ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠰᠢᠨ᠎ᠡ ᠵᠠᠭᠪᠤᠷ ᠢᠶᠠᠷ ᠳᠠᠮᠵᠢᠭᠤᠯᠤᠨ᠂ ᠰᠠᠭᠤᠭᠠᠯᠢ ᠠᠷᠠᠳ ᠤᠨ | ᠭᠡᠷ ᠪᠦᠯᠢ ᠳᠤ ᠨᠡᠩ ᠰᠠᠶᠢᠨ ᠦᠢᠯᠡᠴᠢᠯᠡᠭᠦ ᠪᠣᠯᠭᠠᠨ᠎ᠠ᠃ |