ᠡᠨᠡ ᠵᠢᠯ ᠠᠴᠠ ᠨᠠᠰᠢ᠂ ᠰᠢᠯᠢ ᠶᠢᠨ ᠭᠤᠣᠯ ᠠᠶᠢᠮᠠᠭ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ | ᠬᠡᠷᠡᠭᠯᠡᠨ᠂ ᠬᠥᠳᠡᠯᠮᠦᠷᠢ ᠶᠢᠨ ᠪᠠᠲᠤᠯᠠᠭ᠎ᠠ ᠶᠢᠨ ᠡᠷᠬᠡ ᠶᠢ ᠬᠠᠮᠠᠭᠠᠯᠠᠬᠤ ᠠᠵᠢᠯ ᠢ ᠪᠣᠲᠠᠲᠠᠢ ᠳᠤ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃ | ᠨᠢᠭᠡ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠪᠠ᠃ ᠡᠯ᠎ᠡ ᠭᠠᠵᠠᠷ ᠤᠨ ᠬᠢᠨ | ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠣᠯᠭᠤᠵᠤ ᠪᠠᠶᠢᠭ᠎ᠠ ᠪᠠᠶᠢᠳᠠᠯ ᠳᠤ ᠲᠤᠰᠬᠠᠶ ᠪᠠᠶᠢᠴᠠᠭᠠᠯᠲᠠ | ᠥᠷᠨᠢᠭᠦᠯᠬᠦ ᠤᠳᠤᠷᠢᠳᠤᠨ ᠵᠣᠬᠢᠴᠠᠭᠤᠯᠬᠤ ᠳᠤᠭᠤᠶᠢᠯᠠᠩ ᠪᠠᠶᠢᠭᠤᠯᠵᠤ᠂ ᠴᠠᠯᠢᠩ ᠥᠷᠢᠲᠦᠭᠰᠡᠨ ᠬᠦᠨᠳᠦ ᠶᠡᠭᠡ | ᠬᠡᠷᠡᠭ ᠢ ᠬᠠᠮᠲᠤ ᠪᠠᠷ ᠶᠠᠷᠢᠯᠴᠠᠬᠤ ᠲᠦᠷᠢᠮ ᠢ ᠪᠠᠶᠢᠭᠤᠯᠤᠨ᠂ ᠪᠣᠳᠣᠯᠢᠶᠠᠨᠲᠠᠢ᠂ ᠮᠠᠷᠭᠤᠯᠳᠤᠭᠠᠨ ᠲᠠᠢ ᠬᠡᠷᠡᠭ ᠲᠤ | ᠬᠠᠮᠲᠤ ᠪᠠᠷ ᠵᠥᠪᠳᠡᠯᠴᠡᠬᠦ ᠠᠷᠭ᠎ᠠ ᠶᠢ ᠠᠪᠴᠤ᠂ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠨ᠂ ᠠᠷᠠᠳ | ᠲᠥᠮᠡᠨ ᠤ ᠰᠠᠨᠠᠯ ᠢ ᠠᠪᠴᠤ ᠤᠯᠠᠨ ᠤ ᠤᠬᠠᠭᠠᠨ ᠢ ᠲᠥᠪᠯᠡᠷᠡᠭᠦᠯᠦᠨ᠂ ᠬᠠᠤᠯᠢ ᠶᠣᠰᠣᠭᠠᠷ ᠵᠠᠰᠠᠵᠤ᠂ ᠪᠠᠷᠢᠯᠭ᠎ᠠ ᠶᠢᠨ | ᠦᠢᠯᠡᠰ ᠲᠤ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠤᠨ ᠪᠠᠲᠤᠯᠠᠭ᠎ᠠ ᠶᠢᠨ ᠮᠥᠩᠭᠦ ᠂ ᠭᠡᠨᠡᠳᠲᠡ ᠶᠢᠨ | ᠴᠢᠨᠠᠷᠲᠠᠶ ᠪᠥᠯᠥᠭᠯᠡᠯ ᠤᠨ ᠬᠡᠷᠡᠭ ᠢ ᠪᠠᠴᠢᠮ ᠠᠷᠭᠠᠴᠠᠵᠤ ᠰᠢᠢᠳᠪᠦᠷᠢᠯᠡᠬᠦ ᠵᠡᠷᠭᠡ ᠲᠦᠷᠢᠮ ᠢ ᠪᠠᠰᠠ | ᠲᠡᠭᠦᠯᠳᠡᠷᠵᠢᠭᠦᠯᠪᠡ᠃ | ᠬᠤᠶᠠᠷ ᠲᠤ ᠲᠥᠷᠥ ᠶᠢᠨ ᠪᠣᠳᠣᠯᠭ᠎ᠠ ᠶᠢᠨ ᠵᠢᠷᠤᠮᠵᠢᠯ ᠢ ᠨᠡᠶᠢᠲᠡᠯᠡᠪᠡ᠃ ᠬᠠᠮᠢᠶ᠎ᠠ ᠪᠦᠬᠦᠢ ᠪᠢᠴᠢᠭ | ᠮᠠᠲ᠋ᠧᠷᠢᠶᠠᠯ ᠢ ᠨᠡᠶᠢᠲᠡᠯᠡᠵᠦ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ᠰᠠᠯᠠᠭ᠎ᠠ | ᠮᠥᠴᠢᠷ ᠤᠨ ᠬᠠᠮᠲᠤᠷᠠᠨ ᠬᠥᠳᠡᠯᠦᠯᠴᠡᠬᠦ ᠶᠢ ᠦᠨᠡᠨ ᠬᠦ ᠴᠢᠩᠭᠠᠳᠬᠠᠵᠤ᠂ ᠲᠤᠰ ᠲᠤᠰ ᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠮᠥᠷᠲᠡᠭᠡᠨ ᠪᠠᠰᠠ ᠨᠢᠭᠲᠠ ᠬᠠᠮᠵᠢᠯᠴᠠᠬᠤ ᠶᠢ ᠱᠠᠭᠠᠷᠳᠠᠪᠠ᠃ ᠡᠭᠦᠨ ᠤ ᠬᠠᠮᠲᠤ᠂ | ᠰᠢᠯᠢ ᠶᠢᠨ ᠭᠤᠣᠯ ᠠᠶᠢᠮᠠᠭ ᠤᠨ ᠬᠥᠮᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠢ | ᠵᠠᠰᠠᠭ ᠤᠨ ᠶᠠᠪᠤᠳᠠᠯ ᠤᠨ ᠰᠦᠯᠵᠢᠶᠡᠨ ᠳᠡᠭᠡᠷ᠎ᠡ ︽ᠰᠢᠯᠢ ᠶᠢᠨ ᠭᠤᠣᠯ ᠠᠶᠢᠮᠠᠭ ᠤᠨ ᠬᠦᠴᠦ ᠶᠠᠪᠤᠭᠴᠢ ᠮᠠᠯᠴᠢᠨ | ᠲᠠᠷᠢᠶᠠᠴᠢᠨ ᠤ ᠬᠥᠳᠡᠯᠮᠦᠷᠢ ᠶᠢᠨ ᠲᠥᠬᠦᠮ ᠭᠡᠷ᠎ᠡ︾ ᠶᠢ ᠨᠡᠶᠢᠲᠡᠯᠡᠵᠦ᠂ ᠬᠦᠴᠦ ᠶᠠᠪᠤᠭᠴᠢ ᠮᠠᠯᠴᠢᠨ ᠲᠠᠷᠢᠶᠠᠴᠢᠨ | ᠪᠣᠯᠣᠨ ᠬᠥᠮᠦᠨ ᠬᠡᠷᠡᠭᠯᠡᠬᠦ ᠨᠢᠭᠡᠴᠡ ᠶᠢ ᠪᠠᠭᠤᠯᠭᠠᠨ ᠠᠪᠬᠤ ᠳᠤ ᠳᠥᠭᠦᠮ ᠪᠣᠯᠭᠠᠪᠠ᠃ | ᠭᠤᠷᠪᠠ ᠳᠤ ᠤᠬᠠᠭᠤᠯᠭ᠎ᠠ ᠶᠢ ᠥᠷᠭᠡᠨ ᠳᠡᠯᠭᠡᠷᠡᠩᠭᠦᠢ ᠥᠷᠨᠢᠭᠦᠯᠪᠡ᠃ ᠰᠣᠨᠢᠨ᠂ ᠰᠦᠯᠵᠢᠶ᠎ᠡ ᠵᠡᠷᠭᠡ | ᠵᠠᠭᠤᠴᠢᠯᠠᠭᠤᠷ ᠢᠶᠠᠷ ᠳᠠᠮᠵᠢᠭᠤᠯᠤᠨ ᠬᠥᠳᠡᠯᠮᠦᠷᠢ ᠶᠢᠨ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠤᠬᠠᠭᠤᠯᠵᠤ᠂ ︽ | ᠬᠥᠳᠡᠯᠮᠦᠷᠢ ᠶᠢᠨ ᠬᠠᠤᠯᠢ︾᠂ ︽ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ ᠲᠦᠷᠢᠮ︾᠂ ︽ᠴᠠᠯᠢᠩ | ᠣᠯᠭᠤᠬᠤ ᠲᠦᠷ ᠬᠡᠷᠡᠭᠵᠢᠭᠦᠯᠬᠦ ᠲᠣᠭᠲᠠᠭᠠᠯ︾᠂ ︽ᠬᠠᠮᠤᠭ ᠳᠣᠣᠷ᠎ᠠ ᠴᠠᠯᠢᠩ ᠤᠨ ᠲᠣᠭᠲᠠᠭᠠᠯ︾᠂ ︽ᠪᠦᠲᠦᠭᠡᠨ | ᠪᠠᠶᠢᠭᠤᠯᠤᠯᠲᠠ ᠶᠢᠨ ᠬᠦᠷᠢᠶᠡᠨ ᠳᠠᠬᠢ ᠬᠦᠴᠦ ᠶᠠᠪᠤᠭᠴᠢ ᠲᠠᠷᠢᠶᠠᠴᠢᠨ ᠳᠤ ᠴᠠᠯᠢᠩ ᠣᠯᠭᠤᠬᠤ ᠬᠠᠮᠢᠶᠠᠷᠤᠯᠲᠠ ᠶᠢᠨ | ᠲᠦᠷ ᠬᠡᠷᠡᠭᠵᠢᠭᠦᠯᠬᠦ ᠠᠷᠭ᠎ᠠ︾ ᠵᠡᠷᠭᠡ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠨᠡᠶᠢᠭᠡᠮ ᠲᠣᠭᠤᠷᠢᠭ᠂ ᠠᠵᠤ | ᠠᠬᠤᠶᠢᠯᠠᠯ᠂ ᠪᠠᠷᠢᠯᠭ᠎ᠠ ᠶᠢᠨ ᠭᠠᠵᠠᠷ ᠵᠢᠴᠢ ᠬᠦᠴᠦ ᠶᠠᠪᠤᠭᠴᠢ ᠮᠠᠯᠴᠢᠨ ᠲᠠᠷᠢᠶᠠᠴᠢᠨ ᠤ ᠭᠠᠷ ᠲᠤ ᠬᠦᠷᠭᠡᠵᠦ᠂ | 15000 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠲᠤᠬᠠᠶ ᠶᠢᠨ ᠲᠠᠯᠠᠪᠤᠷ ᠲᠤ 1000 | ᠭᠠᠷᠤᠶ ᠬᠥᠮᠦᠨ ᠤᠳᠠᠭ᠎ᠠ ᠶᠢᠨ ᠯᠠᠪᠯᠠᠨ ᠵᠦᠪᠯᠡᠬᠦ ᠶᠢ ᠬᠦᠯᠢᠶᠡᠨ ᠠᠪᠤᠪᠠ᠃ | ᠲᠦᠷᠪᠡ ᠳᠤ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠪᠠ᠃ ᠬᠦᠴᠦ ᠶᠠᠪᠤᠭᠴᠢ ᠮᠠᠯᠴᠢᠨ | ᠲᠠᠷᠢᠶᠠᠴᠢᠨ ᠤ ᠡᠷᠬᠡ ᠪᠠᠨ ᠬᠠᠮᠠᠭᠠᠯᠠᠬᠤ ︽ᠰᠠᠭᠠᠳ ᠥᠭᠡᠢ ᠨᠡᠪᠲᠡᠷᠡᠬᠦ ᠵᠠᠮ︾ ᠢ ᠪᠠᠶᠢᠭᠤᠯᠵᠤ᠂ ᠲᠦᠷᠭᠡᠨ | ᠳᠠᠩᠰᠠᠯᠠᠨ᠂ ᠲᠦᠷᠭᠡᠨ ᠵᠣᠬᠢᠴᠠᠭᠤᠯᠵᠤ᠂ ᠲᠦᠷᠭᠡᠨ ᠰᠢᠢᠳᠪᠦᠷᠢᠯᠡᠬᠦ ᠶᠢ ᠪᠡᠶᠡᠯᠡᠭᠦᠯᠪᠡ᠃ ᠬᠥᠳᠡᠯᠮᠦᠷᠢ ᠶᠢᠨ | ᠪᠠᠲᠤᠯᠠᠭ᠎ᠠ ᠶᠢᠨ ︽12333︾ ᠯᠠᠪᠯᠠᠯᠲᠠ ᠶᠢᠨ ᠦᠢᠯᠡᠴᠢᠯᠡᠭᠡᠨ ᠤ ᠰᠢᠭᠤᠳ ᠳ᠋ᠢᠶᠠᠩᠬᠤᠸᠠ ᠳᠡᠭᠡᠷ᠎ᠡ ᠬᠦᠴᠦ | ᠶᠠᠪᠤᠭᠴᠢ ᠮᠠᠯᠴᠢᠨ ᠲᠠᠷᠢᠶᠠᠴᠢᠨ ᠤ ᠡᠷᠬᠡ ᠪᠠᠨ ᠬᠠᠮᠠᠭᠠᠯᠠᠬᠤ ᠲᠤᠰᠬᠠᠶ ᠤᠲᠠᠰᠤ ᠶᠢ ᠨᠡᠪᠲᠡᠷᠡᠭᠦᠯᠵᠦ᠂ ᠵᠠᠷᠭᠤ ᠪᠠᠶᠢᠪᠠᠯ | ᠵᠠᠪᠠᠯ ᠪᠠᠶᠢᠴᠠᠭᠠᠬᠤ᠂ ᠪᠠᠶᠢᠴᠠᠭᠠᠨ ᠲᠣᠳᠣᠯᠠᠪᠠᠯ ᠵᠠᠪᠠᠯ ᠵᠠᠯᠠᠷᠠᠭᠤᠯᠬᠤ ᠶᠢ ᠪᠡᠶᠡᠯᠡᠭᠦᠯᠪᠡ᠃ ᠴᠠᠯᠢᠩ ᠥᠷᠢᠲᠦᠭᠰᠡᠨ | ᠨᠡᠯᠢᠶᠡᠳ ᠪᠤᠳᠤᠯᠢᠶᠠᠨᠲᠠᠶ ᠬᠡᠷᠡᠭ ᠢ ᠪᠣᠯ ᠬᠤᠶᠠᠷ ᠲᠠᠯ᠎ᠠ ᠶᠢᠨ ᠵᠢᠭᠤᠷᠠᠯᠳᠤᠭᠠᠨ ᠳᠤ ᠬᠤᠯᠪᠣᠭᠳᠠᠭᠰᠠᠨ ᠪᠣᠯ ᠰᠢᠭᠦᠬᠦ | ᠬᠤᠷᠢᠶᠠᠨ ᠳᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠵᠦ᠂ ᠮᠠᠭᠤ ᠰᠠᠨᠠᠭ᠎ᠠ ᠡᠪᠦᠷᠯᠡᠵᠦ ᠥᠷᠢᠲᠦᠭᠰᠡᠨ ᠪᠠ | ᠴᠠᠯᠢᠩ ᠥᠷᠢᠲᠦᠭᠡᠳ ᠳᠤᠲᠠᠭᠠᠭᠰᠠᠨ ᠳᠤ ᠬᠤᠯᠪᠤᠭᠳᠠᠭᠰᠠᠨ ᠬᠡᠰᠡᠭ ᠢ ᠨᠢ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠮᠥᠷᠳᠡᠨ ᠰᠢᠢᠳᠪᠦᠷᠢᠯᠡᠭᠦᠯᠪᠡ︔ ᠬᠦᠴᠦ ᠶᠠᠪᠤᠭᠴᠢ ᠮᠠᠯᠴᠢᠨ | ᠲᠠᠷᠢᠶᠠᠴᠢᠨ ᠤ ᠴᠠᠯᠢᠩ ᠢ ᠴᠠᠭ ᠲᠤᠨᠢ ᠥᠭᠬᠦ ᠦᠭᠡᠢ ᠮᠥᠷᠲᠡᠭᠡᠨ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠢ | ᠪᠣᠯ᠂ ᠪᠥᠳᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠠᠵᠢᠯ ᠢ ᠨᠢ ᠵᠣᠭᠰᠤᠭᠠᠵᠤ ᠴᠡᠭᠴᠡᠯᠡᠨ | ᠰᠠᠶᠢᠵᠢᠷᠠᠭᠤᠯᠬᠤ ᠵᠡᠷᠭᠡ ᠠᠷᠭ᠎ᠠ ᠬᠡᠮᠵᠢᠶ᠎ᠡ ᠶᠢ ᠠᠪᠤᠪᠠ᠃ | ᠲᠠᠪᠤ ᠳᠤ ᠤᠷᠳᠤ ᠬᠤᠭᠤᠴᠠᠭᠠᠨ ᠤ ᠬᠦᠴᠦᠨ ᠪᠦᠬᠦᠢ ᠲᠣᠭᠲᠠᠴᠠ ᠶᠢ ᠬᠠᠶᠢᠨ ᠰᠦᠪᠡᠭᠴᠢᠯᠡᠪᠡ᠃ ᠬᠦᠴᠦ | ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠤᠨ ᠪᠠᠲᠤᠯᠠᠭ᠎ᠠ ᠶᠢᠨ ᠮᠥᠩᠭᠦ ᠶᠢ ᠬᠤᠷᠢᠶᠠᠨ ᠲᠤᠰᠢᠶᠠᠬᠤ ᠡᠷᠴᠢᠮ ᠢᠶᠠᠨ | ᠴᠢᠩᠭᠠᠷᠠᠭᠤᠯᠵᠤ᠂ ᠬᠥᠮᠦᠨ ᠬᠡᠷᠡᠭᠯᠡᠬᠦ ᠨᠢᠭᠡᠴᠡ ᠶᠢ ᠰᠢᠮᠳᠠᠭᠤᠯᠵᠤ ᠪᠠᠶᠢᠭᠠᠳ ᠬᠦᠴᠦ ᠶᠠᠪᠤᠭᠴᠢ ᠮᠠᠯᠴᠢᠨ | ᠲᠠᠷᠢᠶᠠᠴᠢᠨ ᠲᠠᠢ ᠬᠠᠤᠯᠢ ᠶᠣᠰᠣᠭᠠᠷ ᠬᠥᠳᠡᠯᠮᠦᠷᠢ ᠶᠢᠨ ᠭᠡᠷ᠎ᠡ ᠲᠣᠭᠲᠠᠭᠠᠯᠭᠠᠭᠰᠠᠨ ᠤ ᠬᠠᠮᠲᠤ ᠬᠥᠳᠡᠯᠮᠦᠷᠢ ᠶᠢᠨ | ᠭᠡᠷ᠎ᠡ ᠶᠢ ᠭᠦᠢᠴᠡᠳᠬᠡᠵᠦ ᠪᠠᠶᠢᠭ᠎ᠠ ᠪᠠᠶᠢᠳᠠᠯ ᠢ ᠨᠢ ᠴᠠᠭ ᠲᠤᠬᠠᠶ ᠳᠤᠨᠢ ᠪᠠᠶᠢᠴᠠᠭᠠᠪᠠ᠃ ᠪᠠᠷᠢᠯᠭ᠎ᠠ ᠶᠢᠨ ᠠᠵᠤ | ᠠᠬᠤᠶᠢᠯᠠᠯ ᠤᠨ ᠬᠠᠤᠯᠢ ᠶᠢ ᠰᠠᠬᠢᠬᠤ ᠦᠨᠡᠨᠴᠢ ᠢᠲᠡᠭᠡᠮᠵᠢᠲᠡᠶ ᠪᠠᠶᠢᠬᠤ ᠳᠦᠷᠢᠮ ᠪᠣᠯᠣᠨ ᠨᠡᠶᠢᠭᠡᠮ ᠤᠨ | ᠢᠲᠡᠭᠡᠮᠵᠢ ᠶᠢᠨ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠪᠠᠷᠢᠯᠭ᠎ᠠ ᠶᠢᠨ ᠠᠵᠤ ᠠᠬᠤᠶᠢᠯᠠᠯ ᠤᠨ | ᠬᠥᠳᠡᠯᠮᠦᠷᠢ ᠶᠢᠨ ᠭᠡᠷ᠎ᠡ ᠲᠣᠭᠲᠠᠭᠰᠠᠨ ᠪᠠᠶᠢᠳᠠᠯ᠂ ᠴᠠᠯᠢᠩ ᠥᠭᠴᠦ ᠪᠠᠶᠢᠭ᠎ᠠ ᠪᠠᠶᠢᠳᠠᠯ᠂ ᠬᠡᠦᠬᠡᠳ ᠠᠵᠢᠯᠴᠢᠨ | ᠬᠡᠷᠡᠭᠯᠡᠵᠦ ᠪᠠᠶᠢᠭ᠎ᠠ ᠪᠠᠶᠢᠳᠠᠯ ᠢ ᠨᠢ ᠦᠨᠡᠨᠴᠢ ᠢᠲᠡᠭᠡᠮᠵᠢ ᠶᠢᠨ ᠵᠡᠷᠭᠡ ᠳᠡᠰ ᠤᠨ ᠦᠨᠡᠯᠡᠯᠲᠡ ᠶᠢᠨ ᠭᠤᠣᠯ | ᠦᠨᠳᠦᠰᠦᠯᠡᠯ ᠪᠣᠯᠭᠠᠵᠤ᠂ ᠬᠥᠳᠡᠯᠮᠦᠷᠢ ᠶᠢᠨ ᠪᠠᠲᠤᠯᠠᠭ᠎ᠠ ᠶᠢᠨ ᠦᠨᠡᠨᠴᠢ ᠢᠲᠡᠭᠡᠮᠵᠢ ᠶᠢᠨ ᠦᠨᠡᠯᠡᠯᠲᠡ ᠶᠢᠨ ᠲᠠᠩᠰᠠ | ᠡᠪᠬᠡᠮᠡᠯ ᠳᠤ ᠣᠷᠤᠭᠤᠯᠵᠤ᠂ ᠬᠥᠳᠡᠯᠦᠩᠭᠦᠶ ᠪᠠᠶᠢᠳᠠᠯ ᠪᠣᠯᠣᠨ ᠲᠦᠷᠦᠯ ᠬᠤᠪᠢᠶᠠᠨ ᠬᠢᠨᠠᠨ ᠬᠠᠮᠢᠶᠠᠷᠬᠤ ᠶᠢ | ᠬᠡᠷᠡᠭᠵᠢᠭᠦᠯᠪᠡ᠃ |