2016 ᠣᠨ ᠤ ᠥᠪᠥᠷ ᠮᠣᠩᠭᠤᠯ ᠤᠨ ᠳᠡᠭᠡᠳᠦ ᠵᠡᠷᠭᠡ ᠶᠢᠨ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ ᠴᠠᠭ᠄ 12 ᠳ᠋ᠤᠭᠠᠷ ᠰᠠᠷ᠎ᠠ ᠶᠢᠨ 1᠎ ᠤ ᠡᠳᠦᠷ -12 ᠳ᠋ᠤᠭᠠᠷ ᠰᠠᠷ᠎ᠠ ᠶᠢᠨ 12᠎ ᠤᠨ ᠡᠳᠦᠷ
ᠨᠡᠶᠢᠲᠡᠯᠡᠭᠰᠡᠨ ᠴᠠᠭ᠄
2015/12/3
     2016 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠳᠤ ᠨᠡᠷ᠎ᠡ ᠮᠡᠳᠡᠭᠦᠯᠬᠦ ᠠᠵᠢᠯ 12 ᠰᠠᠷ᠎ᠠ ᠶᠢᠨ 1᠎ ᠤ ᠡᠳᠦᠷ ᠤᠨ 8᠄ 30᠎ ᠠᠴᠠ ᠵᠢᠩᠬᠢᠨᠢ ᠪᠠᠷ ᠡᠬᠢᠯᠡᠪᠡ᠂ ᠥᠪᠥᠷ ᠮᠣᠩᠭᠤᠯ ᠳᠤ 2016 ᠣᠨ ᠤ ᠡᠩ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠳᠤ ᠣᠷᠣᠯᠴᠠᠬᠤ ᠵᠢᠴᠢ ᠡᠯᠰᠡᠭᠳᠡᠬᠦ ᠨᠢᠭᠡᠳᠦᠯᠲᠡᠢ ᠰᠢᠯᠭᠠᠯᠲᠠ ᠳᠤ ᠣᠷᠣᠯᠴᠠᠭᠰᠠᠳ᠂ ᠪᠠᠲᠤᠯᠠᠨ ᠬᠦᠷᠭᠡᠭᠳᠡᠬᠦ ᠰᠣᠷᠣᠭᠴᠢ᠂ ᠡᠵᠡᠨ ᠮᠡᠳᠡᠨ ᠰᠤᠷᠤᠭᠴᠢ ᠡᠯᠰᠡᠬᠦ᠂ ᠤᠷᠠᠯᠢᠭ ᠤᠨ ᠣᠨᠴᠠ ᠴᠢᠳᠠᠪᠤᠷᠢᠲᠠᠶ ᠰᠤᠷᠤᠭᠴᠢ ᠵᠡᠷᠭᠡ ᠶᠢ ᠪᠠᠭᠲᠠᠭᠠᠭᠰᠠᠨ ᠡᠯ᠎ᠡ ᠲᠥᠷᠥᠯ ᠤᠨ ᠰᠢᠯᠭᠠᠭᠤᠯᠤᠭᠴᠢᠳ ᠴᠦᠮ ᠳᠡᠭᠡᠳᠦ ᠵᠡᠷᠭᠡ ᠶᠢᠨ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ ᠭᠠᠷᠳᠠᠮ ᠢᠶᠠᠨ ᠡᠷᠬᠡᠪᠰᠢ ᠲᠣᠭᠲᠠᠭᠠᠯ ᠶᠣᠰᠣᠭᠠᠷ ᠭᠦᠢᠴᠡᠳᠬᠡᠬᠦ ᠬᠡᠷᠡᠭᠲᠡᠶ᠃      ᠣᠶᠢᠯᠠᠭᠠᠭᠰᠠᠨ ᠢᠶᠠᠷ᠂ 2016 ᠣᠨ ᠤ ᠳᠡᠭᠡᠳᠦ ᠵᠡᠷᠭᠡ ᠶᠢᠨ ᠰᠤᠷᠭᠠᠭᠤᠯᠢ ᠳᠤ ᠡᠯᠰᠡᠬᠦ ᠰᠢᠯᠭᠠᠯᠲᠠ ᠳᠤ 2015 ᠣᠨ ᠤ 12 ᠳ᠋ᠤᠭᠠᠷ ᠰᠠᠷ᠎ᠠ ᠶᠢᠨ 1᠎ ᠤ ᠡᠳᠦᠷ ᠤᠨ 8᠄ 30᠎ ᠠᠴᠠ 2015 ᠣᠨ ᠤ 12 ᠳ᠋ᠤᠭᠠᠷ ᠰᠠᠷ᠎ᠠ ᠶᠢᠨ 12᠎ ᠤ ᠡᠳᠦᠷ ᠤᠨ 18᠄ 00 ᠴᠠᠭ ᠪᠣᠯᠲᠠᠯ᠎ᠠ ᠨᠡᠷ᠎ᠡ ᠮᠡᠳᠡᠭᠦᠯᠦᠨ᠎ᠡ᠃ ᠪᠦᠬᠦ ᠰᠢᠯᠭᠠᠭᠤᠯᠤᠭᠰᠠᠳ ᠲᠣᠭᠲᠠᠭᠠᠭᠰᠠᠨ ᠴᠠᠭ ᠬᠤᠭᠤᠴᠠᠭᠠᠨ ᠳᠣᠲᠣᠷ᠎ᠠ ᠰᠦᠯᠵᠢᠶᠡᠨ ᠳᠡᠭᠡᠷ᠎ᠡ ᠤᠷᠢᠳᠴᠢᠯᠠᠨ ᠮᠡᠳᠡᠭᠦᠯᠬᠦ᠂ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ ᠪᠠ ᠲᠤᠬᠠᠶ ᠶᠢᠨ ᠲᠠᠯᠠᠪᠠᠶ ᠳᠤ ᠨᠤᠲᠠᠯᠠᠬᠤ ᠵᠡᠷᠭᠡ ᠨᠡᠷ᠎ᠡ ᠮᠡᠳᠡᠭᠦᠯᠬᠦ ᠭᠠᠷᠳᠠᠮ ᠢ ᠭᠦᠢᠴᠡᠳᠬᠡᠬᠦ ᠬᠡᠷᠡᠭᠲᠡᠢ᠃ ᠣᠨᠴᠠᠭᠠᠶᠢᠯᠠᠨ ᠠᠩᠬᠠᠷᠤᠭᠤᠰᠢᠲᠠᠶ ᠨᠢ᠂ 2016 ᠣᠨ ᠤ ᠳᠡᠭᠡᠳᠦ ᠵᠡᠷᠭᠡ ᠶᠢᠨ ᠰᠤᠷᠭᠠᠭᠤᠯᠢ ᠳᠤ ᠡᠯᠰᠡᠬᠦ ᠰᠢᠯᠭᠠᠯᠲᠠ ᠨᠢ ᠨᠦᠬᠦᠵᠦ ᠨᠡᠷ᠎ᠡ ᠮᠡᠳᠡᠭᠦᠯᠬᠦ ᠶᠢ ᠲᠣᠬᠢᠷᠠᠭᠤᠯᠬᠤ ᠦᠭᠡᠢ᠃ ᠨᠡᠷ᠎ᠡ ᠮᠡᠳᠡᠭᠦᠯᠬᠦ ᠴᠤᠪᠤᠷᠠᠯ ᠨᠢ ᠰᠦᠯᠵᠢᠶᠡᠨ ᠳᠡᠭᠡᠷ᠎ᠡ ᠤᠷᠢᠳᠴᠢᠯᠠᠨ ᠨᠡᠷ᠎ᠡ ᠮᠡᠳᠡᠭᠦᠯᠬᠦ᠂ ᠦᠵᠡᠯ ᠰᠠᠨᠠᠭ᠎ᠠ ᠤᠯᠤᠰ ᠲᠥᠷᠥ ᠵᠠᠩ ᠮᠣᠷᠠᠯ ᠎ ᠢ ᠬᠢᠨᠠᠨ ᠰᠢᠯᠭᠠᠬᠤ᠂ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ ᠪᠠ ᠲᠤᠬᠠᠶ ᠶᠢᠨ ᠲᠠᠯᠠᠪᠠᠶ ᠳᠤ ᠨᠤᠲᠠᠯᠠᠬᠤ ᠵᠡᠷᠭᠡ ᠲᠦᠷᠪᠡᠨ ᠠᠯᠬᠤᠮ ᠳᠠᠷᠠᠭ᠎ᠠ ᠪᠠᠷ ᠶᠠᠪᠤᠭᠳᠠᠨ᠎ᠠ᠄      ᠰᠦᠯᠵᠢᠶᠡᠨ ᠳᠡᠭᠡᠷ᠎ᠡ ᠤᠷᠢᠳᠴᠢᠯᠠᠨ ᠨᠡᠷ᠎ᠡ ᠮᠡᠳᠡᠭᠦᠯᠬᠦ᠄ ᠰᠢᠯᠭᠠᠭᠤᠯᠤᠭᠰᠠᠳ ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶᠡᠨ ︵http://www.nm.zsks.cnᠳᠡᠭᠡᠷ᠎ᠡ ᠭᠠᠷᠴᠤ᠂  ᠰᠦᠯᠵᠢᠶᠡᠨ ᠳᠡᠭᠡᠷᠡᠬᠢ ᠲᠣᠳᠣᠷᠬᠠᠶᠢᠯᠠᠯᠲᠠ ᠶᠣᠰᠣᠭᠠᠷ᠂ ᠬᠤᠪᠢ ᠬᠥᠮᠦᠨ ᠤ ᠬᠠᠮᠢᠶ᠎ᠠ ᠪᠦ᠋ᠬᠦᠢ ᠮᠡᠳᠡᠭᠡ ᠵᠠᠩᠭᠢ ᠪᠠᠨ ᠣᠨᠣᠪᠴᠢᠲᠠᠶ ᠲᠠᠭᠯᠠᠨ ᠪᠢᠴᠢᠵᠦ᠂ ᠬᠢᠨᠠᠨ ᠬᠠᠷᠭᠤᠭᠤᠯᠤᠭᠠᠳ ᠪᠤᠷᠤᠭᠤ ᠦᠭᠡᠢ ᠪᠣᠯ ︽ᠤᠷᠢᠳᠴᠢᠯᠠᠨ ᠨᠡᠷ᠎ᠡ ᠮᠡᠳᠡᠭᠦᠯᠬᠦ ᠬᠦᠰᠦᠨᠦᠭᠲᠦ︾᠎ ᠶᠢ ᠥᠪᠡᠷ ᠢᠶᠠᠨ ᠳᠠᠷᠤᠮᠠᠯᠯᠠᠨ ᠪᠠᠭᠤᠯᠭᠠᠨ᠎ᠠ᠃ ᠰᠢᠯᠭᠠᠭᠤᠯᠤᠭᠴᠢ ᠬᠤᠪᠢ ᠬᠥᠮᠦᠨ ᠤ ᠲᠣᠬᠢᠷᠠᠭᠤᠯᠤᠭᠰᠠᠨ ᠰᠦᠯᠵᠢᠶᠡᠨ ᠳᠤ ᠭᠠᠷᠬᠤ ᠨᠢᠭᠤᠴᠠ ᠨᠣᠮᠧᠷ ᠢᠶᠠᠨ ᠪᠠᠲᠤ ᠴᠡᠭᠡᠵᠢᠯᠡᠵᠦ᠂ ᠰᠡᠭᠦᠯᠡᠷ ᠮᠡᠳᠡᠭᠡ ᠵᠠᠩᠭᠢ ᠪᠠᠨ ᠪᠠᠶᠢᠴᠠᠭᠠᠨ ᠯᠠᠪᠯᠠᠬᠤ᠂ ᠵᠠᠰᠠᠪᠤᠷᠢ ᠣᠷᠣᠭᠤᠯᠬᠤ᠂ ᠨᠤᠲᠠᠯᠠᠬᠤ ᠵᠢᠴᠢ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠳᠤ ᠬᠡᠷᠡᠭᠯᠡᠨ᠎ᠡ᠃ ᠡᠭᠦᠨ ᠤ ᠬᠠᠮᠲᠤ ᠰᠢᠯᠭᠠᠭᠤᠯᠤᠭᠴᠢ ᠥᠪᠡᠷ ᠤᠨ ᠰᠢᠯᠭᠠᠭᠤᠯᠬᠤ ᠲᠥᠷᠥᠯ ᠢᠯᠭᠠᠯ᠂ ᠭᠠᠳᠠᠭᠠᠳᠤ ᠬᠡᠯᠡᠨ ᠤ ᠲᠥᠷᠥᠯ ᠠᠩᠭᠢᠯᠠᠯ᠂ ᠠᠯᠢ ᠦᠨᠳᠦᠰᠦᠲᠡᠨ ᠤ ᠦᠭᠡ ᠬᠡᠯᠡ ᠰᠢᠯᠭᠠᠬᠤ ᠪᠠᠨ ᠡᠷᠬᠡᠪᠰᠢ ᠵᠥᠪ ᠰᠤᠩᠭᠤᠬᠤ ᠬᠡᠷᠡᠭᠲᠡᠢ  ᠃      ᠦᠵᠡᠯ ᠰᠠᠨᠠᠭ᠎ᠠ ᠤᠯᠤᠰ ᠲᠥᠷᠥ ᠵᠠᠩ ᠮᠣᠷᠠᠯ ᠢ ᠬᠢᠨᠠᠨ ᠰᠢᠯᠭᠠᠬᠤ᠄ ᠰᠢᠯᠭᠠᠭᠤᠯᠤᠭᠴᠢ ᠶᠢᠨ ᠪᠠᠶᠢᠭ᠎ᠠ ᠰᠤᠷᠭᠠᠭᠤᠯᠢ ᠪᠤᠶᠤ ᠨᠢᠭᠡᠴᠡ ︵ᠠᠵᠢᠯ ᠤᠨ ᠨᠢᠭᠡᠴᠡ ᠦᠭᠡᠢ ᠰᠢᠯᠭᠠᠭᠤᠯᠤᠭᠴᠢ ᠪᠣᠯ ᠰᠤᠮᠤ᠂ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠠᠴᠠ ᠰᠢᠯᠭᠠᠭᠤᠯᠤᠭᠴᠢ ᠶᠢᠨ ᠤᠯᠤᠰ ᠲᠦᠷᠦ ᠶᠢᠨ ᠣᠪᠣᠷ᠂ ᠦᠵᠡᠯ ᠰᠠᠨᠠᠭ᠎ᠠ ᠵᠠᠩ ᠮᠣᠷᠠᠯ ᠳᠤ ᠪᠦᠬᠦ ᠲᠠᠯ᠎ᠠ ᠪᠠᠷ ᠬᠢᠨᠠᠨ ᠲᠣᠭᠲᠠᠭᠠᠯ ᠬᠢᠵᠦ ᠥᠭᠬᠦ ᠶᠢᠨ ᠬᠠᠮᠲᠤ ᠬᠢᠨᠠᠨ ᠲᠣᠭᠲᠠᠭᠠᠯ ᠎ ᠤᠨ ᠦᠷ᠎ᠡ ᠳ᠋ᠦᠩ ᠢᠶᠠᠨ ︽ᠤᠷᠢᠳᠴᠢᠯᠠᠨ ᠨᠡᠷ᠎ᠡ ᠮᠡᠳᠡᠭᠦᠯᠬᠦ ᠬᠦᠰᠦᠨᠦᠭᠲᠦ︾᠎ ᠶᠢᠨ ᠵᠣᠬᠢᠴᠠᠩᠭᠤᠢ ᠪᠤᠯᠤᠩ ᠳᠤ ᠲᠠᠭᠯᠠᠬᠤ ᠶᠢ ᠬᠠᠷᠢᠭᠤᠴᠠᠨ᠎ᠠ᠃ ᠦᠵᠡᠯ ᠰᠠᠨᠠᠭ᠎ᠠ ᠤᠯᠤᠰ ᠲᠥᠷᠥ ᠵᠠᠩ ᠮᠣᠷᠠᠯ ᠤᠨ ᠬᠢᠨᠠᠨ ᠲᠣᠭᠲᠠᠭᠠᠭᠰᠠᠨ ᠦᠷ᠎ᠡ ᠳ᠋ᠦᠩ ᠢ ᠬᠤᠰᠢᠭᠤ ᠰᠢᠶᠠᠨ ᠤ ᠰᠤᠷᠤᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠨᠢ ᠲᠤᠬᠠᠶ ᠶᠢᠨ ᠲᠠᠯᠠᠪᠠᠶ ᠳᠤ ᠨᠤᠲᠠᠯᠠᠬᠤ ᠬᠤᠭᠤᠴᠠᠭᠠᠨ ᠳᠤ ᠨᠡᠷ᠎ᠡ ᠮᠡᠳᠡᠭᠦᠯᠬᠦ ᠰᠢᠰᠲ᠋ᠧᠮ ᠳᠤ ᠪᠢᠴᠢᠵᠦ ᠣᠷᠣᠭᠤᠯᠤᠨ᠎ᠠ᠃      ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ᠄ ᠤᠷᠢᠳᠴᠢᠯᠠᠨ ᠨᠡᠷ᠎ᠡ ᠮᠡᠳᠡᠭᠦᠯᠬᠦ ᠶᠢ ᠭᠦᠢᠴᠡᠳᠬᠡᠭᠰᠡᠨ ᠰᠢᠯᠭᠠᠭᠤᠯᠤᠭᠴᠢ ᠲᠠᠷᠢᠶᠠᠯᠠᠩ ᠤᠨ ᠪᠠᠩᠬᠢ ᠶᠢᠨ ᠠᠯᠳᠠᠨ ᠲᠦᠷᠦᠭᠦᠦ ᠵᠢᠭᠡᠯᠡᠪᠦᠷᠢ ᠶᠢᠨ ᠺᠠᠷᠲ ᠪᠤᠶᠤ  ᠢᠲᠡᠭᠡᠮᠵᠢᠲᠦ ᠵᠢᠭᠡᠯᠡᠪᠦᠷᠢ ᠶᠢᠨ ᠺᠠᠷᠲ ᠬᠡᠷᠡᠭᠯᠡᠨ᠂ ︽ᠵᠣᠭᠤᠰ ᠥᠭᠬᠦ ᠡᠯᠧᠺᠲᠷᠣᠨ ᠺᠠᠷᠲ︾ ᠪᠤᠶᠤ ︽ᠰᠦᠯᠵᠢᠶᠡᠨ ᠳᠡᠭᠡᠷᠡᠬᠢ ᠪᠠᠩᠬᠢ︾᠎ ᠶᠢᠨ ᠠᠷᠭ᠎ᠠ ᠬᠡᠯᠪᠡᠷᠢ ᠪᠠᠷ ᠨᠡᠷ᠎ᠡ ᠮᠡᠳᠡᠭᠦᠯᠬᠦ ᠰᠦᠢᠳᠬᠡᠯ ᠢᠶᠠᠨ  ᠲᠤᠰᠢᠶᠠᠨ᠎ᠠ᠃ ᠤᠷᠠᠯᠢᠭ᠂ ᠪᠡᠶ᠎ᠡ ᠶᠢᠨ ᠲᠠᠮᠢᠷ ᠤᠨ ᠲᠥᠷᠥᠯ ᠤᠨ ᠰᠢᠯᠭᠠᠭᠤᠯᠤᠭᠰᠠᠳ ᠵᠢᠴᠢ ᠥᠨᠳᠥᠷ ᠬᠢᠷᠢ ᠲᠦᠪᠰᠢᠨ ᠤ ᠲᠠᠮᠢᠷᠴᠢᠨ᠂ ᠪᠡᠶ᠎ᠡ ᠶᠢᠨ ᠲᠠᠮᠢᠷ ᠎ ᠤᠨ ᠤᠷᠤᠯᠳᠤᠭᠠᠨ ᠤ ᠮᠠᠩᠯᠠᠢ ᠵᠡᠷᠭᠡ ᠰᠢᠯᠭᠠᠭᠤᠯᠤᠭᠴᠢᠳ ᠪᠠᠰᠠ ᠪᠠᠷᠢᠮᠵᠢᠶ᠎ᠠ ᠶᠣᠰᠣᠭᠠᠷ ᠵᠣᠬᠢᠴᠠᠩᠭᠤᠢ ᠪᠦᠬᠦᠢ ᠲᠤᠰᠬᠠᠶ ᠮᠡᠷᠭᠡᠵᠢᠯ ᠤᠨ ᠰᠢᠯᠭᠠᠯᠲᠠ ᠶᠢᠨ ᠵᠠᠷᠤᠳᠠᠯ ᠢᠶᠠᠨ ᠲᠤᠰ ᠲᠤᠰ ᠲᠤᠰᠢᠶᠠᠬᠤ ᠬᠡᠷᠡᠭᠲᠡᠶ᠃      ᠲᠤᠬᠠᠶ ᠶᠢᠨ ᠲᠠᠯᠠᠪᠠᠶ ᠳᠤ ᠨᠤᠲᠠᠯᠠᠬᠤ᠄ ᠰᠢᠯᠭᠠᠭᠤᠯᠤᠭᠴᠢ ᠰᠦᠯᠵᠢᠶᠡᠨ ᠳᠡᠭᠡᠷ᠎ᠡ ᠰᠦᠢᠳᠬᠡᠯ  ᠢᠶᠠᠨ ᠲᠤᠰᠢᠶᠠᠭᠰᠠᠨ ᠤ ᠲᠠᠷᠠᠭ᠎ᠠ᠂ ᠥᠪᠡᠷ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠡᠷᠤᠭᠡ ᠠᠮᠠ ᠶᠢᠨ ᠲᠠᠩᠰᠠ ᠶᠢᠨ ᠳᠡᠪᠲᠡᠷ᠂ ︽ᠤᠷᠢᠳᠴᠢᠯᠠᠨ ᠨᠡᠷ᠎ᠡ ᠮᠡᠳᠡᠭᠦᠯᠬᠦ ᠬᠦᠰᠦᠨᠦᠭᠲᠦ︾᠎ ᠪᠠᠨ ᠠᠪᠴᠤ ᠬᠤᠰᠢᠭᠤ ᠰᠢᠶᠠᠨ ᠤ ᠰᠤᠷᠤᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠳᠤ ᠬᠦᠷᠴᠦ ᠲᠤᠬᠠᠶ ᠶᠢᠨ ᠲᠠᠯᠠᠪᠠᠶ ᠳᠤ ᠨᠣᠲᠠᠯᠠᠭᠤᠯᠬᠤ ᠬᠡᠷᠡᠭᠲᠡᠶ᠃ ᠳᠦᠷᠦ ᠶᠢᠨ ᠪᠤᠳᠤᠯᠭ᠎ᠠ ᠶᠢᠨ ᠴᠢᠨᠠᠷᠲᠠᠶ ᠬᠠᠷᠠᠭᠠᠯᠵᠠᠯ ᠬᠦᠷᠲᠡᠬᠦ ᠰᠢᠯᠭᠠᠭᠤᠯᠤᠭᠴᠢ ᠪᠠᠰᠠ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠢᠶᠠᠨ ᠲᠤᠰᠢᠶᠠᠵᠤ᠂ ᠣᠷᠣᠨ ᠤ ᠭᠠᠳᠠᠨ᠎ᠠ ᠠᠵᠢᠯᠯᠠᠵᠤ ᠪᠠᠶᠢᠭ᠎ᠠ ᠬᠥᠮᠦᠰ ᠤᠨ ᠲᠠᠭᠠᠨ ᠨᠡᠭᠦᠭᠰᠡᠨ ᠦᠷ᠎ᠡ ᠬᠡᠦᠬᠡᠳ ᠪᠣᠯᠣᠨ ᠡᠷᠦᠬᠡ ᠠᠮᠠ ᠪᠠᠨ ᠭᠠᠳᠠᠷ ᠣᠷᠣᠨ ᠠᠴᠠ ᠮᠠᠨ ᠤ ᠣᠷᠣᠨ ᠳᠤ ᠰᠢᠯᠵᠢᠭᠦᠯᠵᠦ ᠣᠷᠣᠭᠤᠯᠤᠭᠰᠠᠨ ᠰᠢᠯᠭᠠᠭᠤᠯᠤᠭᠴᠢᠳ ᠪᠠᠰᠠ ᠰᠤᠷᠭᠠᠭᠤᠯᠢ ᠶᠢᠨ ᠬᠠᠷᠢᠶ᠎ᠠ ᠬᠢᠭᠡᠳ ᠪᠣᠳᠠᠲᠠᠶ  ᠰᠤᠷᠤᠯᠴᠠᠭᠰᠠᠨ ᠪᠠᠶᠢᠳᠠᠯ᠂ ᠭᠡᠷ ᠤᠨ ᠠᠬᠠᠮᠠᠳ ᠤᠨ ᠰᠠᠭᠤᠷᠢᠰᠢᠯ᠂ ᠡᠷᠬᠢᠯᠡᠵᠦ ᠪᠠᠶᠢᠭ᠎ᠠ ᠵᠢᠯ᠂ ᠨᠡᠶᠢᠭᠡᠮ ᠤᠨ ᠪᠠᠲᠤᠯᠠᠭ᠎ᠠ ᠪᠤᠶᠤ ᠭᠠᠶᠢᠯᠢ ᠲᠤᠰᠢᠶᠠᠭᠰᠠᠨ ᠵᠡᠷᠭᠡ ᠭᠡᠷᠡᠴᠢ ᠮᠠᠲ᠋ᠧᠷᠢᠶᠠᠯ ᠢᠶᠠᠨ ᠲᠤᠰᠢᠶᠠᠵᠤ᠂ ᠬᠤᠰᠢᠭᠤ ᠰᠢᠶᠠᠨ ᠤ ᠰᠤᠷᠤᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠠᠴᠠ ᠰᠢᠯᠭᠠᠭᠤᠯᠤᠭᠴᠢ ᠶᠢᠨ ᠲᠤᠬᠠᠶ ᠶᠢᠨ ᠲᠠᠯᠠᠪᠠᠶ ᠳᠤ ᠨᠤᠲᠠᠯᠠᠬᠤ ᠠᠵᠢᠯ ᠢ ᠬᠠᠷᠢᠭᠤᠴᠠᠬᠤ ᠬᠡᠷᠡᠭᠲᠡᠢ᠃       ᠨᠡᠷ᠎ᠡ ᠮᠡᠳᠡᠭᠦᠯᠬᠦ ᠬᠤᠭᠤᠴᠠᠭᠠᠨ ᠳᠤ᠂ ᠰᠢᠯᠭᠠᠭᠤᠯᠤᠭᠴᠢ ᠶᠢᠨ ᠨᠡᠷ᠎ᠡ ᠮᠡᠳᠡᠭᠦᠯᠦᠭᠰᠡᠨ ᠮᠡᠳᠡᠭᠡ ᠵᠠᠩᠭᠢ  ᠎ ᠶᠢ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ︵ᠠᠵᠢᠯ ᠮᠡᠷᠭᠡᠵᠢᠯ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ᠂ ᠳᠤᠮᠳᠠᠳᠤ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠰᠤᠷᠭᠠᠭᠤᠯᠢ ᠵᠡᠷᠭᠡ ᠪᠠᠭᠲᠠᠨ᠎ᠠ᠂ ᠳᠣᠷᠣᠭᠰᠢ ᠠᠳᠠᠯᠢ︶᠎ ᠶᠢᠨ ᠰᠤᠷᠭᠠᠭᠤᠯᠢ ᠶᠢᠨ ᠬᠠᠷᠢᠶ᠎ᠠ ᠎ ᠪᠠᠨ ᠳᠠᠩᠰᠠᠯᠠᠭᠤᠯᠤᠭᠰᠠᠨ ᠮᠡᠳᠡᠭᠡ ᠵᠠᠩᠭᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠰᠢᠯᠭᠠᠭᠤᠯᠤᠭᠰᠠᠨ ᠬᠠᠷᠢᠶ᠎ᠠ ᠪᠠᠨ ᠳᠠᠩᠰᠠᠯᠠᠭᠤᠯᠤᠭᠰᠠᠨ ᠮᠡᠳᠡᠭᠡ ᠵᠠᠩᠭᠢ᠂ ᠥᠩᠭᠡᠷᠡᠭᠰᠡᠨ ᠵᠢᠯ ᠤᠨ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠵᠡᠷᠭᠡ ᠲᠠᠢ ᠨᠢ ᠬᠠᠷᠭᠤᠭᠤᠯᠤᠨ ᠰᠢᠯᠭᠠᠨ᠎ᠠ︔ ᠨᠡᠷ᠎ᠡ ᠮᠡᠳᠡᠭᠦᠯᠬᠦ ᠠᠵᠢᠯ ᠳᠠᠭᠤᠰᠤᠭᠰᠠᠨ ᠤ ᠲᠠᠷᠠᠭ᠎ᠠ᠂ ᠰᠢᠯᠭᠠᠭᠤᠯᠤᠭᠴᠢ ᠶᠢᠨ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠶᠢ ᠡᠷᠦᠬᠡ ᠠᠮᠠ ᠶᠢᠨ ᠳᠠᠩᠰᠠᠨ ᠤ ᠮᠡᠳᠡᠭᠡ ᠵᠠᠩᠭᠢ᠂ ᠨᠡᠶᠢᠭᠡᠮ ᠤᠨ ᠪᠠᠲᠤᠯᠠᠭ᠎ᠠ ᠶᠢᠨ ᠮᠡᠳᠡᠭᠡ ᠵᠠᠩᠭᠢ᠂ ᠭᠠᠶᠢᠯᠢ ᠲᠤᠰᠢᠶᠠᠭᠰᠠᠨ ᠮᠡᠳᠡᠭᠡ ᠵᠠᠩᠭᠢ ᠵᠡᠷᠭᠡ ᠲᠠᠢ ᠨᠢ ᠬᠠᠷᠭᠤᠭᠤᠯᠤᠨ ᠰᠢᠯᠭᠠᠨ᠎ᠠ᠃       ᠥᠩᠭᠡᠷᠡᠭᠰᠡᠨ ᠵᠢᠯ ᠤᠳ ᠲᠠᠢ ᠠᠳᠠᠯᠢᠳᠬᠠᠪᠠᠯ᠂ 2016 ᠣᠨ ᠤ ᠳᠡᠭᠡᠳᠦ ᠵᠡᠷᠭᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ‌‍ᠳᠤ ᠨᠡᠷ᠎ᠡ ᠮᠡᠳᠡᠭᠦᠯᠬᠦ  ᠡᠯᠰᠡᠬᠦ ᠠᠵᠢᠯ ᠨᠢ ᠨᠡᠷ᠎ᠡ ᠮᠡᠳᠡᠭᠦᠯᠬᠦ ᠳᠡᠭᠡᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠰᠢᠳᠬᠡᠯ ᠥᠭᠬᠦ ᠪᠠ ᠢᠯᠡᠴᠢᠯᠡᠨ ᠮᠡᠳᠡᠭᠦᠯᠬᠦ ᠶᠢ ᠱᠠᠩᠨᠠᠨ ᠵᠣᠷᠢᠭᠵᠢᠭᠤᠯᠬᠤ ᠡᠷᠴᠢᠮ ᠢ ᠨᠡᠮᠡᠭᠳᠡᠭᠦᠯᠪᠡ᠃ ᠡᠭᠦᠨ ᠳᠤ᠂ ᠡᠯ᠎ᠡ ᠲᠥᠷᠥᠯ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠪᠠᠷ ᠳᠠᠮᠵᠢᠭᠤᠯᠤᠨ ᠢᠯᠡᠴᠢᠯᠡᠨ ᠮᠡᠳᠡᠭᠦᠯᠬᠦ ᠪᠤᠶᠤ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠵᠦ ᠪᠣᠯᠤᠨ᠎ᠠ᠃ ᠦᠨᠡᠨ ᠪᠤᠳᠠᠲᠠᠢ ᠪᠣᠯᠬᠤ ᠶᠢ ᠪᠠᠶᠢᠴᠠᠭᠠᠨ ᠲᠣᠳᠤᠯᠠᠭᠰᠠᠨ ᠢᠯᠡᠴᠢᠯᠡᠯᠲᠡ ᠳᠤ᠂ ᠠᠩᠬᠠᠨ ᠤ ᠢᠯᠡᠴᠢᠯᠡᠨ ᠮᠡᠳᠡᠭᠦᠯᠦᠭᠴᠢ ᠶᠢ 1000 ᠲᠥᠭᠦᠷᠢᠭ ᠤᠨ ᠪᠡᠯᠡᠨ ᠮᠥᠩᠭᠦ ᠪᠠᠷ ᠱᠠᠩᠨᠠᠨ᠎ᠠ᠃ ᠬᠤᠳᠠᠯ ᠬᠠᠭᠤᠷᠮᠠᠭ ᠨᠡᠷ᠎ᠡ ᠮᠡᠳᠡᠭᠦᠯᠬᠦ ᠮᠡᠳᠡᠭᠡ ᠵᠠᠩᠭᠢ ᠬᠠᠩᠭᠠᠭᠰᠠᠨ᠂  ᠬᠤᠳᠠᠯ ᠬᠠᠭᠤᠷᠮᠠᠭ ᠨᠡᠷ᠎ᠡ ᠮᠡᠳᠡᠭᠦᠯᠬᠦ ᠮᠠᠲ᠋ᠧᠷᠢᠶᠠᠯ ᠢᠶᠠᠷ ᠨᠡᠷ᠎ᠡ ᠮᠡᠳᠡᠭᠦᠯᠬᠦ ᠬᠢᠷᠢ ᠬᠡᠮ ᠣᠯᠣᠭᠰᠠᠨ᠂   ᠰᠢᠯᠭᠠᠯᠲᠠ ᠶᠢᠨ ᠨᠡᠭᠦᠳᠡᠯ ᠢᠷᠭᠡᠨ ᠪᠣᠯᠬᠤ ᠶᠢ ᠨᠢ ᠪᠠᠶᠢᠴᠠᠭᠠᠨ ᠲᠤᠳᠤᠯᠠᠭᠰᠡᠠ ᠵᠡᠷᠭᠡ ᠰᠢᠯᠭᠠᠭᠤᠯᠤᠭᠴᠢ ᠶᠢ ᠰᠢᠯᠭᠠᠯᠲᠠ ᠠᠴᠠ ᠡᠮᠦᠨ᠎ᠡ ᠪᠠᠶᠢᠴᠠᠭᠠᠨ ᠲᠣᠳᠣᠯᠠᠭᠰᠠᠨ ᠪᠣᠯ ᠨᠡᠷ᠎ᠡ ᠮᠡᠳᠡᠭᠦᠯᠬᠦ ᠬᠢᠷᠢ ᠬᠡᠮ  ᠪᠣᠯᠣᠨ ᠰᠢᠯᠭᠠᠯᠲᠠ ᠶᠢᠨ ᠬᠢᠷᠢ ᠬᠡᠮ ᠢ ᠨᠢ ᠬᠠᠰᠤᠵᠤ᠂ ᠰᠢᠯᠭᠠᠯᠲᠠ ᠶᠢᠨ ᠳᠠᠷᠠᠭ᠎ᠠ ᠪᠠᠶᠢᠴᠠᠭᠠᠨ ᠲᠣᠳᠣᠯᠠᠭᠰᠠᠨ ᠪᠣᠯ ᠰᠢᠯᠭᠠᠯᠲᠠ ᠶᠢᠨ ᠬᠢᠷᠢ ᠪᠦᠲᠦᠮᠵᠢ ᠪᠣᠯᠣᠨ ᠡᠯᠰᠡᠭᠳᠡᠬᠦ ᠬᠢᠷᠢ ᠬᠡᠮ ᠢ ᠨᠢ ᠬᠠᠰᠤᠵᠤ᠂ ᠡᠯᠰᠡᠭᠳᠡᠭᠰᠡᠨ ᠤ ᠬᠤᠶᠢᠨ᠎ᠠ ᠪᠠᠶᠢᠴᠠᠭᠠᠨ ᠲᠣᠳᠣᠯᠠᠭᠰᠠᠨ ᠪᠣᠯ ᠰᠤᠷᠭᠠᠭᠤᠯᠢ ᠳᠤ ᠣᠷᠣᠬᠤ ᠬᠢᠷᠢ ᠬᠡᠮ ᠢ ᠨᠢ ᠬᠠᠰᠤᠵᠤ᠂ ᠰᠤᠷᠭᠠᠭᠤᠯᠢ ᠳᠤ ᠨᠢᠭᠡᠨᠲᠡ ᠤᠷᠤᠭᠰᠠᠨ ᠪᠣᠯ ᠲᠡᠭᠦᠨ ᠤ ᠰᠤᠷᠭᠠᠭᠤᠯᠢ ᠶᠢᠨ ᠬᠠᠷᠢᠶ᠎ᠠ ᠶᠢ ᠨᠢ ᠬᠠᠰᠤᠨ᠎ᠠ᠃  ᠨᠡᠷ᠎ᠡ ᠮᠡᠳᠡᠭᠦᠯᠬᠦ ᠠᠵᠢᠯ ᠢ ᠲᠣᠭᠲᠠᠭᠠᠯ ᠶᠣᠰᠣᠭᠠᠷ ᠦᠷᠨᠢᠭᠦᠯᠦᠭᠰᠡᠨ ᠦᠭᠡᠢ᠂ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠬᠦ ᠦᠭᠡᠢ  ᠰᠢᠯᠭᠠᠭᠤᠯᠤᠭᠴᠢ ᠳᠤ ᠨᠡᠷ᠎ᠡ ᠮᠡᠳᠡᠭᠦᠯᠬᠦ ᠭᠠᠷᠳᠠᠮ ᠢ ᠨᠢ ᠭᠦᠢᠴᠡᠳᠬᠡᠵᠦ ᠥᠭᠭᠦᠭᠰᠡᠨ᠂ ᠬᠠᠷᠢᠶ᠎ᠠ ᠪᠦᠬᠦᠢ ᠰᠤᠷᠤᠭᠴᠢ ᠡᠯᠰᠡᠬᠦ ᠠᠵᠢᠯᠲᠠᠨ ᠨᠢ ᠡᠷᠬᠡ ᠪᠠᠨ ᠠᠰᠢᠭᠯᠠᠨ ᠠᠮᠢ ᠪᠠᠨ ᠪᠤᠷᠳᠤᠭᠰᠠᠨ ᠪᠥᠭᠡᠳ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠬᠤ ᠵᠡᠷᠭᠡ ᠪᠠᠶᠢᠳᠠᠯ ᠲᠠᠢ ᠬᠤᠰᠢᠭᠤ ᠰᠢᠶᠠᠨ ᠤ ᠳᠡᠭᠡᠳᠦ ᠵᠡᠷᠭᠡ ᠶᠢᠨ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ ᠶᠢ ᠬᠦᠯᠢᠶᠡᠨ ᠠᠪᠴᠤ ᠭᠦᠢᠴᠡᠳᠬᠡᠬᠦ ᠬᠢᠷᠢ ᠬᠡᠮ ᠪᠣᠯᠣᠨ ᠳᠡᠭᠡᠳᠦ ᠰᠤᠷᠭᠠᠭᠤᠯᠢ ᠎ ᠶᠢᠨ ᠰᠤᠷᠤᠭᠴᠢ ᠡᠯᠰᠡᠬᠦ ᠰᠢᠯᠭᠠᠯᠲᠠ ᠶᠢᠨ ᠲᠠᠯᠠᠪᠠᠢ ᠲᠣᠬᠢᠷᠠᠭᠤᠯᠬᠤ ᠬᠢᠷᠢ ᠬᠡᠮ ᠢ ᠨᠢ ᠴᠦᠮ ᠬᠠᠰᠤᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号