︵ᠲᠦᠷᠪᠠ︶ ᠭᠢᠮᠢ ᠶᠢᠨ ᠪᠤᠷᠳᠤᠭᠤᠷ ᠢ ᠬᠦᠨᠴᠡᠯᠡᠨ ᠤᠷᠤᠭᠤᠯᠬᠤ ᠮᠠᠰᠢᠠᠴᠢᠯᠠᠯᠳᠠ ᠶᠢᠨ ᠮᠡᠷᠭᠡᠵᠢᠯ
ᠨᠡᠶᠢᠲᠡᠯᠡᠭᠰᠡᠨ ᠴᠠᠭ᠄
2015-12-03
      1. ᠭᠢᠮᠢ ᠶᠢᠨ ᠪᠤᠷᠳᠤᠭᠤᠷ ᠢ ᠭᠦᠨ ᠤᠷᠤᠭᠤᠯᠬᠤ ᠮᠠᠰᠢᠠᠴᠢᠯᠠᠯᠳᠡ ᠶᠢᠨ ᠮᠡᠷᠭᠡᠵᠢᠯ ᠨᠢ ᠶᠠᠮᠠᠷ ᠲᠠᠪᠠᠭᠤᠯᠢᠭ ᠲᠠᠯ᠎ᠠ  ᠲᠠᠢ ᠪᠤᠢ︖        ︵1︶ ᠭᠢᠮᠢ ᠶᠢᠨ ᠪᠤᠷᠳᠤᠭᠤᠷ ᠤᠨ ᠠᠰᠢᠠᠠᠯᠠᠯᠳᠠ ᠶᠢᠨ ᠨᠤᠷᠮ᠎ᠠ ᠶᠢ ᠲᠡᠭᠡᠭᠰᠢᠯᠡᠭᠦᠯᠦᠨ᠎ᠠ᠃ ᠭᠢᠮᠢ ᠶᠢᠨ ᠪᠤᠷᠳᠤᠭᠤᠷ ᠢ ᠭᠦᠨᠴᠡᠯᠡᠨ ᠤᠷᠤᠭᠤᠯᠬᠤ ᠨᠢ ᠭᠢᠮᠢ ᠶᠢᠨ ᠪᠤᠷᠳᠤᠭᠤᠷ ᠤᠨ ᠬᠤᠭᠢᠷᠠᠯ ᠰᠦᠢᠳᠤᠯ ᠢ ᠪᠠᠭᠠᠰᠬᠠᠨ᠎ᠠ᠃ ᠲᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠭᠦ ᠤᠬᠠᠭᠠᠨ ᠤ ᠭᠦᠷᠢᠶᠡᠯᠨᠩ ᠤᠨ ᠪᠤᠷᠳᠤᠭᠤᠷ ᠤᠨ ᠰᠤᠳᠤᠯᠭᠠᠨ ᠤ ᠭᠠᠵᠠᠷ ᠤᠨ ᠲᠤᠷᠰᠢᠯᠳᠡ ᠭᠡᠷᠡᠴᠢᠯᠡᠭᠰᠡᠨ ᠢᠶᠠᠷ ᠪᠤᠯ ᠨᠡᠭᠦᠷᠡᠰᠤ ᠭᠦᠴᠢᠯ ᠤᠨ ᠤᠰᠤᠳᠦ᠋ᠷᠦᠭᠴᠢᠳᠦ ᠠᠮᠮᠤᠨᠢ᠂ ᠰᠢᠭᠡᠰᠦᠯᠢᠭ ᠡᠳ᠋ ᠢ ᠭᠠᠵᠠᠷ ᠤᠨ ᠭᠠᠳᠠᠷᠭᠤ ᠠᠴᠠ 6~10cm ᠭᠦᠨ ᠳᠤ ᠤᠷᠤᠭᠤᠯᠪᠠᠯ ᠭᠠᠵᠠᠷ ᠤᠨ ᠭᠠᠳᠠᠷᠭᠤ ᠳᠤ ᠰᠠᠴᠤᠠᠠᠰᠠᠨ ᠤᠰᠤᠳᠦ᠋ᠷᠦᠭᠴᠢ ᠶᠢᠨ ᠠᠰᠢᠠᠠᠯᠠᠯᠳᠠ ᠶᠢᠨ ᠨᠤᠷᠮ᠎ᠠ ᠶᠢ ᠪᠤᠳᠤᠪᠠᠯ ᠲᠤᠰ ᠲᠤᠰ 27% ᠪᠤᠯᠤᠨ 37% ᠠᠴᠠ ᠨᠢ 58% ᠪᠤᠯᠤᠨ 50% ᠪᠤᠯᠵᠤ ᠲᠡᠭᠡᠭᠰᠢᠯᠡᠵᠤ᠂ ᠭᠦᠨ ᠤᠷᠤᠭᠤᠯᠤᠠᠠᠰᠠᠨ ᠨᠢ ᠢᠯᠡ ᠤᠷᠤᠭᠤᠯᠤᠠᠰᠠᠨ ᠢᠶᠠᠨ ᠪᠤᠳᠤᠪᠠᠯ ᠠᠰᠢᠠᠠᠯᠠᠯᠳᠠ ᠶᠢᠨ ᠨᠤᠷᠮ᠎ᠠ ᠨᠢ ᠬᠠᠷᠢᠴᠠᠩᠭᠤᠢ ᠪᠠᠷ 115% ᠪᠠ 35% ᠪᠠᠷ ᠲᠡᠭᠡᠭᠰᠢᠯᠡᠭᠰᠡᠨ ᠪᠠᠶᠢᠨ᠎ᠠ᠃ ᠭᠢᠮᠢ ᠶᠢᠨ ᠪᠤᠷᠳᠤᠭᠤᠷ ᠢ ᠦᠷᠭᠡᠨ ᠭᠡᠪᠴᠢᠶᠠᠨ ᠳᠤ ᠮᠠᠰᠢᠨ ᠢᠶᠠᠷ ᠭᠦᠨᠴᠠᠯᠠᠨ ᠤᠷᠤᠭᠤᠯᠪᠠᠯ᠂ ᠠᠽᠤᠲ ᠭᠢᠮᠢ ᠶᠢᠨ ᠪᠤᠷᠳᠤᠭᠤᠷ ᠤᠨ ᠲᠤᠮᠳᠠᠴᠢ ᠠᠰᠢᠠᠠᠯᠠᠯᠳᠠ ᠶᠢᠨ ᠨᠤᠷᠮ᠎ᠠ ᠨᠢ 30% ᠠᠴᠠ ᠪᠠᠨ 40% ᠠᠴᠠ ᠲᠡᠭᠡᠭᠰᠢ ᠳᠤ ᠭᠦᠷᠳᠡᠯ᠎ᠠ ᠲᠡᠭᠡᠭᠰᠢᠯᠡᠨ᠎ᠡ᠃ ᠹᠤᠰᠹᠤᠷ ᠺᠠᠯᠢ ᠵᠡᠷᠭᠡ ᠪᠤᠷᠳᠤᠭᠤᠷ᠂ ᠦᠷ᠎ᠠ ᠶᠢ ᠭᠦᠨᠴᠡᠯᠡᠨ ᠤᠷᠤᠭᠤᠯᠪᠠᠯ ᠰᠠᠯᠭᠢᠨ ᠤ ᠢᠳᠡᠭᠳᠡᠯ ᠢ ᠪᠠᠭᠠᠰᠬᠠᠵᠤ᠂ ᠲᠠᠷᠢᠮᠠᠯ ᠤᠨ ᠰᠢᠩᠭᠡᠭᠡᠨ ᠠᠪᠬᠤ ᠶᠢ ᠠᠭᠢᠭᠤᠯᠬᠤ ᠪᠠ ᠪᠤᠷᠳᠤᠭᠤᠷ ᠤᠨ ᠦᠢᠯᠡᠳᠦᠯ ᠢ ᠤᠷᠳᠤᠳᠬᠠᠵᠤ᠂ ᠭᠢᠮᠢ ᠶᠢᠨ ᠪᠤᠷᠳᠤᠭᠤᠷ ᠤᠨ ᠠᠰᠢᠠᠠᠯᠠᠯᠳᠠ ᠶᠢᠨ ᠨᠤᠷᠮ᠎ᠠ ᠶᠢ ᠲᠡᠭᠡᠭᠰᠢᠯᠡᠭᠦᠯᠦᠨ᠎ᠠ᠃       ︵2︶ ᠲᠠᠷᠢᠮᠠᠯ ᠤᠨ ᠬᠤᠷᠢᠶᠠᠯᠳᠠ ᠶᠢ ᠨᠡᠮᠡᠭᠳᠡᠭᠦᠯᠦᠨ᠎ᠠ᠃ ᠭᠢᠮᠢ ᠶᠢᠨ ᠪᠤᠷᠳᠤᠭᠤᠷ ᠢ ᠭᠦᠨᠴᠠᠯᠠᠨ ᠤᠷᠤᠭᠤᠯᠬᠤ ᠨᠢ ᠦᠨᠳᠤᠰᠤᠨ ᠰᠢᠰᠲ᠋ᠧᠮ ᠤᠨ ᠪᠤᠶᠢᠵᠢᠯᠳᠡ ᠶᠢ ᠠᠭᠢᠭᠤᠯᠵᠤ᠂ ᠲᠠᠷᠢᠮᠠᠯ ᠤᠨ ᠤᠰᠤ ᠰᠢᠮ᠎ᠠ ᠰᠢᠩᠭᠡᠭᠡᠨ ᠠᠪᠬᠤ ᠪᠠ ᠭᠠᠩ ᠳᠤ ᠲᠠᠰᠪᠤᠷᠢᠳᠡᠢ ᠪᠠᠶᠢᠬᠤ ᠴᠢᠳᠠᠯ ᠢ ᠨᠢ ᠨᠡᠮᠡᠭᠳᠡᠭᠦᠯᠭᠦ ᠲᠤᠯᠠ ᠤᠷᠭᠤᠮᠠᠯ ᠤᠨ ᠤᠷᠭᠤᠴᠠ ᠳᠤ ᠮᠠᠰᠢ ᠠᠰᠢᠠᠠᠳᠠᠢ ᠪᠠᠶᠢᠵᠤ᠂ ᠡᠭᠦᠨ ᠢᠶᠠᠷ ᠲᠠᠮᠵᠢᠨ ᠬᠤᠷᠢᠶᠠᠯᠳᠠ ᠶᠢ ᠨᠢ ᠨᠡᠮᠡᠭᠳᠡᠭᠦᠯᠦᠨ᠎ᠠ᠃       ︵3︶ ᠮᠠᠰᠢᠨ ᠢᠶᠠᠷ ᠠᠵᠢᠯᠯᠠᠪᠠᠯ ᠦᠷ᠎ᠡ᠂ ᠪᠤᠷᠳᠤᠭᠤᠷ ᠤᠨ ᠤᠷᠤᠨ ᠵᠠᠢ ᠶᠢ ᠠᠯᠤᠰᠯᠠᠵᠤ᠂ ᠦᠷ᠎ᠠ ᠰᠢᠳ᠋ᠬᠠᠳᠠᠬᠤ ᠦᠵᠡᠭᠳᠡᠯ ᠢ ᠦᠭᠡᠶᠢᠰᠭᠡᠵᠤ ᠴᠢᠳᠠᠨ᠎ᠠ᠃ ᠮᠠᠰᠢᠨ ᠢᠶᠠᠷ ᠭᠦᠨᠴᠠᠯᠠᠨ ᠤᠷᠤᠭᠤᠯᠬᠤ ᠳᠤ ᠭᠢᠮᠢ ᠶᠢᠨ ᠪᠤᠷᠳᠤᠭᠤᠷ ᠢ ᠦᠷ᠎ᠠ ᠠᠴᠠ ᠲᠤᠷᠤᠠᠠᠰᠢ 3~6cm ᠭᠦᠨ᠂ ᠬᠠᠵᠠᠭᠤ ᠲᠠᠰᠢ ᠪᠠᠨ 4~5cm ᠵᠠᠶᠢᠳᠠᠢ ᠤᠷᠤᠭᠤᠯᠵᠤ᠂ ᠦᠷ᠎ᠡ ᠪᠤᠷᠳᠤᠭᠤᠷ ᠤᠨ ᠬᠤᠭᠤᠷᠤᠨᠳᠤ 3cm ᠭᠦᠷᠦᠰᠤ ᠪᠠᠷ ᠠᠯᠤᠰᠯᠬᠠᠳᠠᠬᠤ ᠲᠤᠯᠠ ᠦᠷ᠎ᠠ ᠰᠢᠳ᠋ᠬᠠᠳᠠᠬᠤ ᠠᠴᠠ ᠵᠠᠶᠢᠯᠠᠰᠭᠢᠵᠤ᠂ ᠴᠢᠭᠢ ᠪᠠᠷᠢᠬᠤ  ᠳᠤ ᠠᠰᠢᠠᠠᠳᠠᠢ ᠪᠦᠭᠡᠳ ᠬᠤᠷᠢᠶᠠᠯᠳᠡ ᠶᠢ ᠨᠡᠮᠡᠭᠳᠡᠭᠦᠯᠭᠦ ᠳᠤ ᠰᠠᠭᠤᠷᠢ ᠪᠤᠯᠳᠠᠭ ᠪᠠᠶᠢᠨ᠎ᠠ᠃       ︵4︶ ᠮᠠᠰᠢᠨ ᠢᠶᠠᠷ ᠪᠤᠷᠳᠤᠭᠤᠷ ᠤᠷᠤᠭᠤᠯᠬᠤ ᠨᠢ ᠠᠵᠢᠯ ᠤᠨ ᠪᠦᠳᠦᠮᠵᠢ ᠪᠠᠷ ᠦᠨᠳᠤᠷ᠂ ᠭᠦᠳᠡᠯᠮᠤᠷᠢ ᠶᠢᠨ ᠡᠷᠴᠢᠮ ᠢᠶᠠᠷ ᠲᠤᠤᠷ᠎ᠠ᠂ ᠵᠠᠷᠤᠳᠠᠯ ᠵᠠᠷᠤᠯᠭ᠎ᠠ ᠶᠢ ᠮᠡᠳᠡᠭᠳᠡᠮ᠎ᠠ ᠠᠷᠪᠢᠯᠠᠵᠤ ᠴᠢᠳᠠᠨ᠎ᠠ᠃ ᠮᠠᠰᠢᠨ ᠪᠠᠭᠠᠵᠢ ᠪᠠᠷ ᠭᠢᠮᠢ ᠶᠢᠨ ᠪᠤᠷᠳᠤᠭᠤᠷ ᠤᠷᠤᠭᠤᠯᠬᠤ ᠳᠤ ᠴᠠᠭ ᠪᠦᠷᠢ ᠶᠢᠨ ᠦᠢᠯᠡᠳᠪᠤᠷᠢᠯᠡᠯ ᠤᠨ ᠨᠤᠷᠮ᠎ᠠ ᠨᠢ ᠶᠠᠷᠦᠩᠭᠡᠢ ᠳᠡᠭᠡᠨ 0.03~0.67ha  ᠠᠴᠠ ᠲᠡᠭᠡᠭᠰᠢ ᠪᠠᠶᠢᠵᠤ᠂ ᠦᠷ᠎ᠡ ᠪᠦᠳᠦᠭᠡᠯ ᠨᠢ ᠭᠦᠮᠦᠨ ᠤ ᠭᠦᠴᠤᠨ ᠤ ᠬᠢ ᠠᠴᠠ 10~20 ᠲᠠᠭᠢᠨ ᠦᠨᠳᠤᠷ ᠪᠠᠶᠢᠳᠠᠭ ᠃ ᠡᠭᠦᠨ ᠠᠴᠠ ᠭᠠᠳᠠᠨ᠎ᠠ ᠮᠠᠰᠢᠨ ᠢᠶᠠᠷ ᠭᠢᠮᠢ ᠶᠢᠨ ᠪᠤᠷᠳᠤᠭᠤᠷ ᠢ ᠭᠦᠨᠴᠠᠯᠠᠨ ᠤᠷᠤᠭᠤᠯᠬᠤ ᠨᠢ ᠭᠢᠮᠢ ᠶᠢᠨ ᠪᠤᠷᠳᠤᠭᠤᠷ ᠤᠨ ᠤᠷᠴᠢᠨ ᠲᠤᠭᠤᠷᠢᠨ ᠤ ᠪᠤᠭᠢᠷᠳᠤᠯ ᠢ ᠪᠦᠳᠦᠮᠵᠢᠳᠡᠢ ᠪᠠᠷ ᠪᠠᠭᠠᠰᠬᠠᠵᠤ ᠴᠢᠳᠠᠨ᠎ᠠ᠃      2. ᠭᠢᠮᠢ ᠶᠢᠨ ᠪᠤᠷᠳᠤᠭᠤᠷ ᠢ ᠭᠦᠨᠴᠠᠯᠠᠨ ᠤᠷᠤᠭᠤᠯᠬᠤ ᠳᠤ ᠶᠠᠮᠠᠷ ᠭᠤᠤᠯᠳᠠᠯᠭ᠎ᠠ ᠶᠢ ᠠᠳᠬᠤᠬᠤ ᠴᠢᠬᠤᠯᠠ ᠲᠠᠢ ᠪᠤᠢ       ︵1︶ ᠰᠠᠭᠤᠷᠢ ᠪᠤᠷᠳᠤᠭᠤᠷ ᠤᠷᠤᠭᠤᠯᠬᠤ ᠶᠢ ᠭᠠᠵᠠᠷ ᠤᠷᠪᠠᠭᠤᠯᠬᠤ ᠲᠠᠢ ᠨᠢᠠᠠᠳᠠ ᠤᠶᠠᠯᠳᠤᠭᠤᠯᠤᠨ᠎ᠠ᠃       ① ᠤᠷᠢᠳ ᠢᠶᠠᠷ ᠪᠤᠷᠳᠤᠭᠤᠷ ᠢᠶᠠᠨ ᠰᠠᠴᠤᠠᠠᠰᠠᠨ ᠤ ᠲᠠᠷᠠᠭ᠎ᠠ ᠭᠠᠵᠠᠷ ᠢᠶᠠᠨ ᠤᠷᠪᠠᠭᠤᠯᠪᠠᠯ ᠭᠢᠮᠢ ᠶᠢᠨ ᠪᠤᠷᠳᠤᠭᠤᠷ ᠤᠨ ᠭᠠᠵᠠᠷ ᠲᠡᠭᠡᠷ᠎ᠡ ᠢᠯᠡᠷᠡᠭᠦ ᠴᠠᠭ ᠢ ᠠᠯᠢ ᠴᠢᠳᠠᠬᠤ ᠪᠠᠷ ᠪᠤᠭᠤᠨᠢᠰᠬᠠᠵᠤ᠂ ᠢᠯᠠᠩᠭᠤᠶ᠎ᠠ ᠨᠡᠭᠦᠷᠡᠰᠤ ᠭᠦᠴᠢᠯ ᠤᠨ ᠤᠰᠤᠳᠦ᠋ᠷᠦᠭᠴᠢᠳᠦ ᠠᠮᠮᠤᠨᠢ ᠶᠢᠨ ᠭᠡᠢ ᠠᠭᠠᠷ ᠲᠤ ᠠᠭᠤᠰᠬᠤ ᠠᠴᠠ ᠨᠢ ᠡᠮᠦᠨ᠎ᠠ ᠰᠢᠷᠤᠢ ᠳᠤ ᠭᠦᠨ ᠪᠤᠯᠠᠵᠤ ᠴᠢᠳᠠᠨ᠎ᠠ᠃ ᠡᠨᠡ ᠠᠷᠭ᠎ᠠ ᠪᠠᠷ ᠪᠤᠷᠳᠤᠭᠤᠷ ᠤᠷᠤᠭᠤᠯᠬᠤ ᠳᠠᠭᠠᠨ ᠠᠠᠵᠢᠰᠤ ᠶᠢᠨ ᠢᠶᠠᠨ ᠡᠮᠦᠨ᠎ᠠ ᠨᠢ ᠪᠤᠷᠳᠤᠭᠤᠷ ᠰᠠᠴᠤᠬᠤ ᠲᠤᠨᠤᠠᠠᠯᠠᠯ ᠤᠠᠠᠰᠠᠷᠠᠬᠤ ᠪᠤᠶᠤ ᠲᠤᠰᠬᠠᠢ ᠭᠡᠷᠡᠭᠯᠡᠭᠡᠨ ᠤ ᠪᠤᠷᠳᠤᠭᠤᠷ ᠰᠠᠴᠤᠬᠤ ᠮᠠᠰᠢᠨ ᠢ ᠭᠡᠷᠡᠭᠯᠡᠵᠤ᠂ ᠪᠤᠷᠳᠤᠭᠤᠷ ᠤᠨ ᠪᠦᠰᠡ ᠶᠢᠨ ᠦᠷᠭᠡᠨ ᠢ ᠠᠠᠵᠢᠰᠤᠨ ᠤ ᠬᠠᠭᠠᠯᠪᠤᠷᠢᠯᠠᠬᠤ ᠦᠷᠭᠡᠨ ᠲᠠᠢ ᠠᠳᠠᠯᠢᠬᠠᠨ ᠪᠠᠶᠢᠯᠭᠠᠨ᠎ᠠ᠃       ② ᠤᠷᠪᠠᠭᠤᠯᠬᠤ ᠶᠢᠨ ᠲᠠᠭᠠᠤ ᠪᠤᠷᠳᠤᠭᠤᠷ ᠤᠷᠤᠭᠤᠯᠬᠤ ᠠᠷᠭ᠎ᠠ ᠪᠤᠯ ᠦᠨᠳᠤᠰᠤᠨ ᠳᠡᠭᠡᠨ ᠤᠷᠪᠠᠭᠤᠯᠬᠤ᠂ ᠪᠤᠷᠳᠤᠭᠤᠷ ᠤᠷᠤᠭᠤᠯᠬᠤ ᠶᠢ ᠴᠤᠭ ᠲᠤᠨᠢ ᠶᠠᠪᠤᠠᠠᠳᠠᠭᠤᠯᠵᠤ᠂ ᠭᠢᠮᠢ ᠶᠢᠨ ᠪᠤᠷᠳᠤᠭᠤᠷ ᠤᠨ ᠢᠯᠡ ᠦᠯᠡᠳᠡᠵᠤ ᠬᠤᠷᠤᠠᠠᠳᠠᠬᠤ ᠶᠢ ᠵᠠᠶᠢᠯᠠᠭᠤᠯᠵᠤ ᠴᠢᠳᠠᠨ᠎ᠠ᠃ ᠶᠠᠷᠦᠩᠭᠡᠢ ᠳᠡᠭᠡᠨ ᠤᠳᠤ ᠶᠢᠨ ᠠᠠᠵᠢᠰᠤᠨ ᠳᠠᠭᠠᠨ ᠦᠭᠡᠷᠡᠴᠢᠯᠡᠯᠳᠡ ᠭᠢᠵᠤ᠂ ᠪᠤᠷᠳᠤᠭᠤᠷ ᠭᠤᠭᠤᠵᠢᠭᠤᠯᠬᠤ ᠲᠤᠨᠤᠬᠠᠯᠠᠯ ᠤᠠᠠᠰᠠᠷᠠᠵᠦ᠂ ᠡᠨᠡ ᠬᠦ ᠲᠤᠨᠤᠠᠠᠯᠠᠯ ᠢᠶᠠᠨ ᠠᠠᠵᠢᠰᠤᠨ ᠤ ᠪᠠᠨ ᠠᠷᠤ ᠳᠤ ᠤᠠᠠᠰᠠᠷᠠᠵᠦ᠂ ᠠᠠᠵᠢᠰᠤᠨ ᠤ ᠭᠤᠤ ᠪᠠᠷ ᠪᠤᠷᠳᠤᠭᠤᠷ ᠢᠶᠠᠨ ᠤᠷᠤᠭᠤᠯᠤᠨ᠎ᠠ᠃ ᠪᠤᠷᠳᠤᠭᠤᠷ ᠤᠷᠤᠭᠤᠯᠬᠤ ᠭᠦᠨᠴᠡ ᠶᠢ 6cm᠂ ᠪᠤᠷᠳᠤᠭᠤᠷ ᠤᠨ ᠪᠦᠰᠡ ᠶᠢᠨ ᠦᠷᠭᠡᠨ ᠢ 3~5cm ᠪᠠᠶᠢᠯᠭᠠᠵᠤ᠂ ᠪᠤᠷᠳᠤᠭᠤᠷ ᠢᠶᠠᠨ ᠲᠠᠰᠤᠯᠳᠠᠯ ᠦᠭᠡᠢ ᠪᠠᠷ ᠤᠷᠤᠭᠤᠯᠬᠤ ᠶᠢ ᠱᠠᠭᠠᠷᠳᠠᠨ᠎ᠠ᠃       ︵2︶ ᠦᠷ᠎ᠡ ᠶᠢᠨ ᠪᠤᠷᠳᠤᠭᠤᠷ ᠤᠷᠤᠭᠤᠯᠬᠤ᠂ ᠦᠷ᠎ᠠ ᠶᠢᠨ ᠪᠤᠷᠳᠤᠭᠤᠷ ᠢ ᠲᠠᠷᠢᠬᠤ ᠶᠢᠨ ᠲᠠᠭᠠᠤ ᠭᠦᠨᠴᠡᠯᠡᠨ ᠤᠷᠤᠭᠤᠯᠬᠤ ᠪᠠ ᠲᠠᠷᠢᠬᠤ ᠮᠠᠰᠢᠨ ᠳᠠᠭᠠᠨ ᠪᠤᠷᠳᠤᠭᠤᠷ ᠤᠨ ᠬᠠᠶᠢᠷᠴᠠᠭ ᠪᠠ ᠪᠤᠷᠳᠤᠭᠤᠷ ᠭᠤᠭᠤᠵᠢᠭᠤᠯᠬᠤ ᠲᠦᠭᠦᠭᠡᠷᠤᠮᠵᠢ ᠤᠠᠠᠰᠠᠷᠠᠬᠤ ᠭᠡᠷᠡᠭᠳᠡᠢ᠃ ᠡᠭᠦᠨ ᠳᠤ ᠲᠠᠷᠢᠶᠠᠯᠠᠩ ᠤᠨ ᠤᠷ᠎ᠠ ᠮᠡᠷᠭᠡᠰᠢᠯ ᠤᠨ ᠱᠠᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠪᠤᠷᠳᠤᠭᠤᠷ ᠦᠷ᠎ᠡ ᠤᠷᠤᠭᠤᠯᠬᠤ᠂ ᠲᠠᠷᠢᠬᠤ ᠭᠡᠮᠵᠢᠶ᠎ᠠ᠂ ᠭᠦᠨᠴᠡ᠂ ᠰᠠᠭᠤᠷᠢ ᠶᠢᠨ ᠵᠠᠢ ᠪᠠ ᠮᠦᠷ ᠤᠨ ᠵᠠᠢ ᠶᠢ ᠪᠠᠳᠤᠯᠠᠵᠤ᠂ ᠦᠷ᠎ᠠ ᠪᠤᠷᠳᠤᠭᠤᠷ ᠤᠨ ᠬᠤᠭᠤᠷᠤᠨᠳᠤ 3cm ᠭᠦᠷᠦᠰᠤᠨ ᠲᠠᠪᠬᠤᠷᠭ᠎ᠠ ᠪᠠᠷ ᠠᠯᠤᠰᠯᠠᠵᠤ᠂ ᠲᠠᠷᠢᠮᠠᠯ ᠤᠨ ᠴᠢᠭᠢᠯᠡᠭᠦ ᠬᠤᠭᠤᠴᠠᠭᠠᠨ ᠤ ᠰᠢᠮ᠎ᠠ ᠲᠡᠵᠢᠭᠡᠯ ᠤᠨ ᠭᠡᠷᠡᠭᠴᠡᠭᠡ ᠶᠢ ᠬᠠᠨᠭ᠍ᠭᠠᠬᠤ ᠮᠦᠷᠳᠡᠭᠡᠨ ᠪᠠᠰᠠ ᠪᠤᠷᠳᠤᠭᠤᠷ ᠦᠷ᠎ᠠ ᠬᠤᠯᠢᠯᠳᠤᠵᠤ ᠦᠷ᠎ᠠ ᠰᠢᠳ᠋ᠬᠠᠳᠠᠬᠤ ᠠᠴᠠ ᠰᠡᠷᠭᠡᠶᠢᠯᠡᠭᠦ ᠭᠡᠷᠡᠭᠳᠡᠢ᠃       ︵3︶ ᠪᠤᠷᠳᠤᠭᠤᠷ ᠢ ᠭᠦᠨ ᠨᠦᠭᠦᠵᠤ ᠤᠷᠤᠭᠤᠯᠬᠤ᠂ ᠪᠤᠷᠳᠤᠭᠤᠷ ᠨᠦᠭᠦᠨ ᠤᠷᠤᠭᠤᠯᠬᠤ ᠳᠤ ᠭᠡᠮᠵᠢᠶ᠎ᠠ᠂ ᠭᠦᠨᠴᠡ ᠪᠡ ᠤᠷᠤᠨ ᠪᠠᠶᠢᠷᠢ ᠵᠡᠷᠭᠡ ᠳᠤ ᠮᠠᠰᠢᠨ ᠪᠠᠭᠠᠵᠢ ᠭᠡᠷᠡᠭᠯᠡᠵᠤ᠂ ᠨᠢᠬᠡ ᠯᠠ ᠮᠠᠰᠢᠨ ᠢᠶᠠᠷ ᠭᠤᠤ ᠭᠠᠷᠭᠠᠬᠤ᠂ ᠪᠤᠷᠳᠤᠭᠤᠷ ᠭᠤᠭᠤᠵᠢᠭᠤᠯᠬᠤ᠂ ᠰᠢᠷᠤᠢ ᠪᠠᠷ ᠬᠤᠴᠢᠬᠤ ᠪᠠ ᠲᠠᠷᠤᠬᠤ ᠵᠡᠷᠭᠡ ᠤᠯᠠᠨ ᠠᠵᠢᠯ ᠤᠨ ᠲᠠᠷᠠᠭᠠᠯᠠᠯ ᠢ ᠭᠦᠢᠴᠡᠳᠭᠡᠭᠦ  ᠨᠢ ᠭᠦᠮᠦᠨ ᠤ ᠭᠦᠴᠤ ᠪᠠᠷ ᠢᠯᠡ ᠰᠠᠴᠤᠬᠤ ᠪᠠ ᠭᠦᠨ ᠤᠷᠤᠭᠤᠯᠬᠤ ᠶᠢ ᠪᠤᠳᠤᠪᠠᠯ ᠭᠢᠮᠢ ᠶᠢᠨ ᠪᠤᠷᠳᠤᠭᠤᠷ ᠤᠨ ᠠᠰᠢᠠᠠᠯᠠᠯᠳᠠ ᠶᠢᠨ ᠨᠤᠷᠮ᠎ᠠ ᠪᠤᠯᠤᠨ ᠠᠵᠢᠯ ᠤᠨ ᠦᠷ᠎ᠡ ᠪᠦᠳᠦᠭᠡᠯ ᠢ ᠬᠠᠷᠢᠴᠠᠩᠭᠤᠢ ᠪᠠᠷ ᠲᠡᠭᠡᠭᠰᠢᠯᠡᠭᠦᠯᠵᠤ ᠴᠢᠳᠠᠨ᠎ᠠ᠃ ᠡᠶᠢᠮᠤ ᠠᠴᠠ ᠪᠤᠷᠳᠤᠭᠤᠷ ᠨᠦᠭᠦᠵᠤ ᠤᠷᠤᠭᠤᠯᠬᠤ ᠮᠠᠰᠢᠨ ᠪᠠᠭᠠᠵᠢ ᠶᠢ ᠭᠡᠷᠡᠭᠯᠡᠪᠡᠯ ᠮᠠᠰᠢ ᠰᠠᠶᠢᠨ ᠪᠠᠶᠢᠳᠠᠭ᠃       3. ᠭᠢᠮᠢ ᠶᠢᠨ ᠪᠤᠷᠳᠤᠭᠤᠷ ᠭᠦᠨᠴᠡᠯᠡᠨ ᠤᠷᠤᠭᠤᠯᠬᠤ ᠳᠤ ᠮᠠᠰᠢᠨ ᠪᠠᠭᠠᠵᠢ ᠶᠢᠨ ᠲᠠᠯ᠎ᠠ ᠪᠠᠷ ᠶᠠᠮᠠᠷ ᠱᠠᠭᠠᠷᠳᠠᠯᠭ᠎ᠠ  ᠲᠠᠢ ᠪᠤᠢ︖       ︵1︶ ᠮᠠᠰᠢᠨ ᠪᠠᠭᠠᠵᠢ ᠶᠢᠨ ᠴᠢᠳᠠᠪᠤᠷᠢ ᠶᠢᠨ ᠱᠠᠭᠠᠷᠳᠠᠯᠭ᠎ᠠ᠄ ᠭᠢᠮᠢ ᠶᠢᠨ ᠪᠤᠷᠳᠤᠭᠤᠷ ᠢ ᠭᠦᠨᠴᠡᠯᠡᠨ ᠤᠷᠤᠭᠤᠯᠬᠤ ᠮᠠᠰᠢᠨ ᠪᠠᠭᠠᠵᠢ ᠨᠢ ᠲᠠᠷᠢᠶᠠᠯᠠᠭ᠎ᠠ ᠶᠢᠨ ᠤᠷ᠎ᠠ ᠮᠡᠷᠭᠡᠵᠢᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠭᠡᠷᠡᠭᠳᠡᠢ᠃ ᠪᠤᠷᠳᠤᠭᠤᠷ ᠤᠷᠤᠭᠤᠯᠬᠤ ᠭᠦᠨᠴᠡ ᠨᠢ 6cm ᠠᠴᠠ ᠭᠦᠨ ᠪᠠᠶᠢᠵᠤ᠂ ᠪᠤᠷᠳᠤᠭᠤᠷ ᠤᠨ ᠭᠡᠮᠵᠢᠶ᠎ᠠ ᠶᠢ ᠲᠤᠭᠢᠷᠠᠭᠤᠯᠬᠤ ᠲᠦᠭᠦᠭᠡᠷᠤᠮᠵᠢ ᠲᠠᠢ ᠪᠠᠶᠢᠵᠤ᠂ ᠪᠤᠷᠳᠤᠭᠤᠷ ᠭᠤᠭᠤᠵᠢᠭᠤᠯᠬᠤ ᠲᠤᠨᠤᠠᠠᠯᠠᠯ ᠨᠢ ᠨᠠᠶᠢᠳᠡᠪᠤᠷᠢ ᠲᠠᠢ ᠪᠦᠭᠡᠳ ᠪᠤᠷᠳᠤᠭᠤᠷ ᠢ ᠲᠠᠰᠤᠯᠳᠠᠭᠤᠯᠬᠤ ᠦᠭᠡᠢ ᠤᠷᠤᠭᠤᠯᠵᠤ ᠴᠢᠳᠠᠬᠤ ᠪᠠ ᠪᠤᠷᠳᠤᠭᠤᠷ ᠤᠨ ᠪᠦᠰᠡ ᠶᠢᠨ ᠦᠷᠭᠡᠨ ᠤ ᠵᠦᠷᠢᠶ᠎ᠠ ᠶᠢ 1cm ᠠᠴᠠ ᠲᠤᠳᠠᠭᠤ ᠪᠠᠶᠢᠯᠭᠠᠬᠤ ᠭᠡᠷᠡᠭᠳᠡᠢ᠃       ︵2︶ ᠭᠢᠮᠢ ᠶᠢᠨ ᠪᠤᠷᠳᠤᠭᠤᠷ ᠢ ᠭᠦᠨᠴᠡᠯᠡᠨ ᠤᠷᠤᠭᠤᠯᠬᠤ ᠳᠠᠭᠠᠨ ᠲᠤᠤᠷᠠᠭᠢ ᠱᠠᠭᠠᠷᠳᠠᠯᠭ᠎ᠠ ᠳᠤ ᠭᠦᠷᠦᠭᠦᠯᠭᠦ ᠭᠡᠷᠡᠭᠳᠡᠢ᠃       ① ᠪᠤᠷᠳᠤᠭᠤᠷ ᠭᠤᠭᠤᠵᠢᠭᠤᠯᠬᠤ ᠲᠠᠰᠤᠯᠳᠠᠯ ᠤᠨ ᠨᠤᠷᠮ᠎ᠠ ᠨᠢ 3% ᠠᠴᠠ ᠲᠤᠤᠷ᠎ᠠ ᠪᠠᠶᠢᠬᠤ᠃       ② ᠪᠤᠷᠳᠤᠭᠤᠷ ᠤᠨ ᠵᠤᠷᠠᠭ᠎ᠠ ᠶᠢᠨ ᠵᠢᠭᠳᠡ ᠶᠢᠨ ᠭᠡᠮᠵᠢᠶ᠎ᠠ ᠨᠢ ᠨᠡᠭᠦᠷᠡᠰᠤ ᠭᠦᠴᠢᠯ ᠤᠨ ᠤᠰᠤᠳᠦ᠋ᠷᠦᠭᠴᠢᠳᠦ ᠠᠮᠮᠤᠨᠢ ᠶᠢᠨ ᠵᠡᠢ ᠶᠢ 20%~30%᠂ ᠰᠢᠭᠡᠰᠦᠯᠢᠭ ᠡᠳ᠋ ᠵᠡᠷᠭᠡ ᠮᠦᠭᠦᠯᠢᠭᠳᠦ ᠪᠤᠷᠳᠤᠭᠤᠷ ᠤᠨ ᠬᠢ ᠶᠢ 20%~25% ᠪᠠᠶᠢᠯᠭᠠᠬᠤ᠃       ③ ᠡᠯ᠎ᠡ ᠮᠦᠷ ᠤᠨ ᠭᠤᠭᠤᠵᠢᠭᠤᠯᠬᠤ ᠭᠡᠮᠵᠢᠶ᠎ᠠ ᠶᠢᠨ ᠠᠳᠠᠯᠢ ᠴᠢᠨᠠᠷ ᠤᠨ ᠵᠦᠷᠢᠴᠡ ᠶᠢᠨ ᠢᠯᠡᠳᠭᠡᠮᠵᠢ ᠨᠢ 13% ᠠᠴᠠ ᠲᠤᠤᠷ᠎ᠠ ᠪᠠᠶᠢᠬᠤ᠃       ④ ᠭᠢᠮᠢ ᠶᠢᠨ ᠪᠤᠷᠳᠤᠭᠤᠷ ᠤᠨ ᠰᠢᠷᠤᠢ ᠶᠢᠨ ᠬᠤᠴᠢᠯᠳᠠ ᠶᠢᠨ ᠨᠤᠷᠮ᠎ᠠ ᠨᠢ 100% ᠪᠠᠶᠢᠵᠤ᠂ ᠦᠷ᠎ᠠ ᠶᠢᠨ ᠪᠤᠷᠳᠤᠭᠤᠷ᠂ ᠨᠦᠭᠦᠯᠳᠡ ᠪᠤᠷᠳᠤᠭᠤᠷ ᠢ ᠤᠷᠤᠭᠤᠯᠤᠨ ᠨᠢᠠᠠᠳ᠋ᠨ ᠲᠠᠷᠤᠠᠠᠰᠠᠨ ᠪᠠᠶᠢᠬᠤ᠃       ⑤ ᠪᠤᠷᠳᠤᠭᠤᠷ ᠤᠷᠤᠭᠤᠯᠤᠠᠠᠰᠠᠨ ᠪᠠᠶᠢᠷᠢᠰᠢᠯ ᠤᠨ ᠤᠨᠤᠪᠴᠢᠳᠡᠢ ᠨᠤᠷᠮ᠎ᠠ ᠨᠢ 70% ᠠᠴᠠ ᠲᠡᠭᠡᠭᠰᠢ ᠪᠠᠶᠢᠬᠤ᠃       ⑥ ᠪᠤᠷᠳᠤᠭᠤᠷ ᠨᠦᠭᠦᠵᠤ ᠭᠦᠨ ᠤᠷᠤᠭᠤᠯᠬᠤ ᠳᠤ ᠨᠢᠯᠬ᠎ᠠ ᠴᠢᠭᠢ ᠶᠢ ᠰᠢᠷᠬᠠᠳᠤᠭᠤᠯᠤᠠᠠᠰᠠᠨ ᠨᠤᠷᠮ᠎ᠠ ᠨᠢ 3%  ᠠᠴᠠ ᠲᠤᠷᠤᠠᠠᠰᠢ ᠪᠠᠶᠢᠬᠤ᠃       ⑦ ᠡᠯ᠎ᠠ ᠵᠦᠢᠯ ᠤᠨ ᠮᠠᠰᠢᠨ ᠪᠠᠭᠠᠵᠢ ᠶᠢᠨ ᠭᠡᠷᠡᠭᠯᠡᠯᠳᠡ ᠶᠢᠨ ᠨᠠᠶᠢᠳᠠᠪᠤᠷᠢᠳᠤ ᠴᠢᠨᠠᠷ ᠤᠨ ᠢᠯᠡᠳᠭᠡᠮᠵᠢ ᠨᠢ ᠴᠦᠮ 90% ᠠᠴᠠ ᠲᠡᠭᠡᠭᠰᠢ ᠪᠠᠶᠢᠬᠤ ᠭᠡᠷᠡᠭᠳᠡᠢ᠃       4. ᠮᠠᠰᠢᠨ ᠢᠶᠠᠷ ᠭᠢᠮᠢ ᠶᠢᠨ ᠪᠤᠷᠳᠤᠭᠤᠷ ᠭᠦᠨᠴᠡᠯᠡᠨ ᠤᠷᠤᠭᠤᠯᠬᠤ ᠳᠤ ᠶᠠᠮᠠᠷ ᠶᠠᠪᠤᠳᠠᠯ ᠢ ᠠᠩᠬᠠᠷᠬᠤ ᠴᠢᠬᠤᠯᠠ  ᠲᠠᠢ ᠪᠤᠢ︖        ︵1︶ ᠵᠢᠯᠤᠭᠤᠴᠢ ᠨᠢ ᠠᠵᠢᠯᠯᠠᠬᠤ ᠠᠴᠠ ᠪᠠᠨ ᠡᠮᠦᠨ᠎ᠠ ᠲᠤᠰᠬᠠᠶᠢᠯᠠᠨ ᠮᠡᠷᠭᠡᠵᠢᠯ ᠤᠨ ᠪᠤᠯᠪᠠᠰᠤᠷᠠᠯ ᠭᠢᠵᠤ᠂ ᠭᠢᠮᠢ ᠶᠢᠨ ᠪᠤᠷᠳᠤᠭᠤᠷ ᠢ ᠭᠦᠨ ᠤᠷᠤᠭᠤᠯᠬᠤ ᠮᠡᠷᠭᠡᠵᠢᠯ ᠤᠨ ᠠᠵᠢᠯᠯᠠᠬᠤ ᠭᠤᠤᠯᠳᠠᠯᠭ᠎ᠠ ᠶᠢ ᠤᠶᠢᠯᠠᠭᠠᠬᠤ ᠪᠠ ᠮᠠᠰᠢᠨ ᠪᠠᠭᠠᠵᠢ ᠶᠢ ᠭᠡᠷᠡᠭᠯᠡᠭᠦ ᠮᠡᠷᠭᠡᠵᠢᠯ ᠢ ᠡᠵᠡᠮᠰᠢᠵᠤ᠂ ᠱᠠᠭᠠᠷᠳᠠᠯᠭ᠎ᠠ ᠶᠤᠰᠤᠭᠠᠷ ᠮᠠᠰᠢᠨ ᠪᠠᠭᠠᠵᠢ ᠶᠢ ᠲᠤᠭᠢᠷᠠᠭᠤᠯᠬᠤ ᠪᠠ ᠮᠠᠰᠢᠨ ᠪᠠᠭᠠᠵᠢ ᠶᠢᠨ ᠠᠵᠢᠯᠯᠠᠬᠤ ᠶᠠᠪᠤᠴᠠ ᠳᠤ ᠢᠯᠡᠷᠡᠭᠰᠡᠨ ᠰᠠᠭᠠᠳ ᠬᠠᠷᠰᠢ ᠶᠢ ᠠᠷᠢᠯᠭᠠᠵᠤ ᠴᠢᠳᠠᠬᠤ ᠭᠡᠷᠡᠭᠳᠡᠢ᠃        ︵2︶ ᠪᠤᠷᠳᠤᠭᠤᠷ ᠭᠦᠨᠴᠡᠯᠡᠨ ᠤᠷᠤᠭᠤᠯᠬᠤ ᠠᠵᠢᠯ ᠢᠶᠠᠨ ᠡᠭᠢᠯᠡᠭᠦᠯᠭᠦ ᠠᠴᠠ ᠡᠮᠦᠨ᠎ᠠ ᠮᠠᠰᠢᠨ ᠪᠠᠭᠠᠵᠢ ᠶᠢᠨ ᠮᠡᠷᠭᠡᠵᠢᠯ ᠤᠨ ᠪᠠᠶᠢᠳᠠᠯ ᠢ ᠪᠠᠶᠢᠴᠠᠭᠠᠵᠤ᠂ ᠪᠤᠷᠳᠤᠭᠤᠷ ᠤᠷᠤᠭᠤᠯᠬᠤ ᠮᠧᠬᠠᠨᠢᠭ ᠪᠤᠶᠤ ᠲᠤᠨᠤᠠᠠᠯᠠᠯ ᠤᠨ ᠡᠯ᠎ᠡ ᠬᠤᠯᠪᠤᠭ᠎ᠠ ᠲᠤᠨᠤᠭ ᠨᠢ ᠪᠠᠳᠤ ᠴᠢᠩᠭ᠎ᠠ ᠪᠠᠶᠢᠬᠤ ᠡᠰᠡᠭᠦ᠂ ᠭᠤᠯᠭᠤᠬᠤ ᠪᠠᠶᠢᠳᠠᠯ ᠨᠢ ᠰᠠᠶᠢᠨ ᠪᠠᠶᠢᠬᠤ ᠡᠰᠡᠭᠦ᠂ ᠭᠦᠳᠡᠯᠭᠡᠭᠦᠷᠳᠤ ᠭᠡᠰᠡᠭ  ᠨᠢ ᠤᠶᠠᠨ ᠬᠠᠳᠠᠨ ᠪᠠᠶᠢᠬᠤ ᠡᠰᠡᠭᠦ ᠶᠢ ᠭᠤᠤᠯᠳᠠᠯᠭ᠎ᠠ ᠲᠠᠢ ᠪᠠᠶᠢᠴᠠᠭᠠᠬᠤ ᠭᠡᠷᠡᠭᠳᠡᠢ᠃        ︵3︶ ᠪᠤᠷᠳᠤᠭᠤᠷ ᠤᠷᠤᠭᠤᠯᠬᠤ ᠭᠡᠮᠵᠢᠶ᠎ᠡ᠂ ᠭᠦᠨᠴᠡ ᠪᠤᠯᠤᠨ ᠦᠷᠭᠡᠴᠡ ᠶᠢ ᠲᠤᠭᠢᠷᠠᠭᠤᠯᠵᠤ᠂ ᠮᠠᠰᠢᠨ ᠤ ᠲᠠᠷᠢᠶᠠᠯᠠᠭ᠎ᠠ ᠶᠢᠨ ᠤᠷ᠎ᠠ ᠮᠡᠷᠭᠡᠰᠢᠯ ᠤᠨ ᠱᠠᠭᠠᠷᠳᠠᠯᠭ᠎ᠠ ᠶᠢ ᠬᠠᠨᠭ᠍ᠭᠠᠬᠤ ᠭᠡᠷᠡᠭᠳᠡᠢ᠃ ᠢᠡᠭᠭᠢᠭᠰᠡᠨ ᠤ ᠰᠡᠭᠦᠯᠡᠷ ᠮᠠᠰᠢᠨ ᠪᠠᠭᠠᠵᠢ  ᠪᠠᠨ ᠲᠤᠷᠰᠢᠨ ᠭᠡᠷᠡᠭᠯᠡᠵᠤ᠂ ᠱᠠᠭᠠᠷᠳᠠᠯᠭ᠎ᠠ ᠳᠤ ᠨᠡᠶᠢᠴᠡᠵᠤ ᠪᠠᠶᠢᠪᠠᠯ ᠵᠢᠩᠭᠢᠨᠢ ᠪᠠᠷ ᠠᠵᠢᠯ ᠢᠶᠠᠨ ᠡᠭᠢᠯᠡᠭᠦᠯᠭᠦ ᠭᠡᠷᠡᠭᠳᠡᠢ᠃       ︵4︶ ᠠᠵᠢᠯᠯᠠᠬᠤ ᠲᠤᠮᠳᠠ ᠪᠠᠨ ᠭᠢᠮᠢ ᠶᠢᠨ ᠪᠤᠷᠳᠤᠭᠤᠷ ᠢ ᠵᠤᠭᠢᠰᠳᠡᠢ ᠭᠡᠷᠡᠭᠯᠡᠵᠤ᠂ ᠲᠤᠤᠷᠠᠭᠢ ᠦᠨᠳᠤᠰᠤᠨ ᠵᠠᠷᠴᠢᠮ ᠢ ᠵᠢᠷᠤᠮᠯᠠᠬᠤ ᠭᠡᠷᠡᠭᠳᠡᠢ᠃        ① ᠭᠦᠷᠤᠰᠤ ᠰᠢᠷᠤᠢ ᠶᠢᠨ ᠨᠦᠭᠦᠴᠡᠯ ᠪᠤᠯᠤᠨ ᠲᠠᠷᠢᠮᠠᠯ ᠤᠨ ᠪᠤᠷᠳᠤᠭᠤᠷ ᠤᠨ ᠭᠡᠷᠡᠭᠰᠡᠭᠦ ᠤᠨᠴᠠᠯᠢᠭ ᠢ ᠦᠨᠳᠦᠰᠦᠯᠡᠨ᠂ ᠭᠢᠮᠢ ᠶᠢᠨ ᠪᠤᠷᠳᠤᠭᠤᠷ ᠤᠨ ᠲᠦᠷᠦᠯ ᠵᠦᠢᠯ ᠢ ᠰᠤᠩᠭᠤᠵᠤ᠂ ᠪᠤᠷᠳᠤᠭᠤᠷ ᠤᠷᠤᠭᠤᠯᠬᠤ ᠵᠤᠭᠢᠰᠳᠡᠢ ᠤᠷ᠎ᠠ ᠮᠡᠷᠭᠡᠰᠢᠯ ᠢ ᠲᠤᠠᠠᠳᠠᠭᠠᠵᠤ᠂ ᠭᠢᠮᠢ ᠶᠢᠨ ᠪᠤᠷᠳᠤᠭᠤᠷ ᠤᠨ ᠦᠢᠯᠡᠳᠦᠯ ᠢ ᠨᠢ ᠭᠦᠢᠴᠡᠳ ᠪᠠᠳᠠᠷᠠᠭᠤᠯᠬᠤ ᠭᠡᠷᠡᠭᠳᠡᠢ᠃         ② ᠭᠢᠮᠢ ᠶᠢᠨ ᠪᠤᠷᠳᠤᠭᠤᠷ ᠪᠤᠯᠤᠨ ᠤᠷᠭᠠᠨᠢᠭ ᠪᠤᠷᠳᠤᠭᠤᠷ ᠢ ᠤᠶᠠᠯᠳᠤᠭᠤᠯᠤᠨ ᠭᠡᠷᠡᠭᠯᠡᠵᠤ᠂ ᠬᠠᠷᠢᠯᠴᠠᠨ ᠨᠦᠭᠦᠪᠤᠷᠢᠯᠡᠭᠦ ᠦᠢᠯᠡᠳᠦᠯ ᠢ ᠨᠢ ᠠᠰᠢᠠᠠᠯᠠᠨ᠂ ᠡᠯ᠎ᠡ ᠴᠠᠭ ᠦᠶ᠎ᠠ ᠳᠠᠬᠢ ᠲᠠᠷᠢᠮᠠᠯ ᠤᠨ ᠰᠢᠮ᠎ᠠ ᠲᠡᠵᠢᠭᠡᠯ ᠤᠨ ᠭᠡᠷᠡᠭᠴᠡᠭᠡ ᠶᠢ ᠬᠠᠨᠭ᠍ᠭᠠᠬᠤ ᠭᠡᠷᠡᠭᠳᠡᠢ᠃ ᠭᠢᠮᠢ ᠶᠢᠨ ᠪᠤᠷᠳᠤᠭᠤᠷ ᠪᠤᠯᠤᠨ ᠤᠷᠭᠠᠨᠢᠭ ᠪᠤᠷᠳᠤᠭᠤᠷ ᠢ ᠤᠶᠠᠯᠳᠤᠭᠤᠯᠤᠨ ᠭᠡᠷᠡᠭᠯᠡᠭᠦ ᠳᠤ ᠭᠤᠷᠪᠠᠨ ᠵᠦᠢᠯ ᠤᠨ ᠠᠷᠭ᠎ᠠ ᠪᠠᠶᠢᠨ᠎ᠠ᠃ A᠂ ᠤᠷᠭᠠᠨᠢᠭ ᠪᠤᠷᠳᠤᠭᠤᠷ ᠢᠶᠠᠷ ᠰᠠᠭᠤᠷᠢ ᠪᠤᠷᠳᠤᠭᠤᠷ ᠪᠤᠯᠭᠠᠵᠤ᠂ ᠭᠢᠮᠢ ᠶᠢᠨ ᠪᠤᠷᠳᠤᠭᠤᠷ ᠢ ᠨᠦᠭᠦᠯᠳᠡ ᠪᠤᠷᠳᠤᠭᠤᠷ ᠪᠠ ᠦᠷ᠎ᠠ ᠶᠢᠨ ᠪᠤᠷᠳᠤᠭᠤᠷ ᠲᠤ ᠭᠡᠷᠡᠭᠯᠡᠨ᠎ᠠ᠃ B᠂ ᠤᠷᠭᠠᠨᠢᠭ ᠪᠤᠷᠳᠤᠭᠤᠷ ᠪᠤᠯᠤᠨ ᠭᠢᠮᠢ ᠶᠢᠨ ᠪᠤᠷᠳᠤᠭᠤᠷ ᠢ ᠰᠢᠭᠤᠳ ᠬᠤᠯᠢᠨ ᠭᠡᠷᠡᠭᠯᠡᠨ᠎ᠡ᠃ ᠭᠡᠭᠦ ᠳᠡᠭᠡᠨ ᠭᠢᠮᠢ ᠶᠢᠨ ᠪᠤᠷᠳᠤᠭᠤᠷ ᠪᠤᠯᠤᠨ ᠤᠷᠭᠠᠨᠢᠭ ᠪᠤᠷᠳᠤᠭᠤᠷ ᠢ ᠲᠤᠷ᠎ᠠ ᠪᠠᠷ ᠢᠶᠠᠨ ᠬᠤᠯᠢᠵᠤ ᠭᠡᠷᠡᠭᠯᠡᠵᠤ ᠪᠤᠯᠬᠤ ᠦᠭᠡᠢ᠃ ᠵᠠᠷᠢᠮ ᠨᠢ ᠬᠤᠯᠢᠵᠤ ᠭᠡᠷᠡᠭᠯᠡᠭᠰᠡᠨ ᠤ ᠰᠡᠭᠦᠯᠡᠷ ᠪᠤᠷᠳᠤᠭᠤᠷ ᠤᠨ ᠦᠢᠯᠡᠳᠦᠯ ᠢ ᠲᠡᠭᠡᠭᠰᠢᠯᠡᠭᠦᠯᠵᠦ᠂ ᠭᠡᠳᠡᠯ᠎ᠠ ᠵᠠᠷᠢᠮ ᠨᠢ ᠬᠠᠷᠢᠨ ᠪᠤᠷᠳᠤᠭᠤᠷ ᠤᠨ ᠦᠢᠯᠡᠳᠦᠯ ᠢ ᠪᠠᠭᠤᠷᠠᠭᠤᠯᠳᠠᠭ᠃ ᠡᠶᠢᠮᠤ ᠠᠴᠠ ᠡᠭᠦᠨ ᠢ ᠤᠨᠴᠠ ᠠᠩᠬᠠᠷᠬᠤ ᠭᠡᠷᠡᠭᠳᠡᠢ᠃ C᠂ ᠭᠦᠷᠤᠰᠤ ᠰᠢᠷᠤᠢ ᠶᠢᠨ ᠨᠦᠭᠦᠴᠡᠯ᠂ ᠲᠠᠷᠢᠮᠠᠯ ᠤᠨ ᠵᠦᠢᠯ᠂ ᠭᠢᠮᠢ ᠶᠢᠨ ᠪᠤᠷᠳᠤᠭᠤᠷ ᠤᠨ ᠲᠦᠷᠦᠯ ᠪᠤᠯᠤᠨ ᠪᠤᠷᠳᠤᠭᠤᠷ ᠤᠷᠤᠭᠤᠯᠬᠤ ᠠᠷᠭ᠎ᠠ ᠵᠡᠷᠭᠡ ᠪᠤᠳᠠᠳᠠᠢ ᠨᠦᠭᠦᠴᠡᠯ ᠢ ᠦᠨᠳᠦᠰᠦᠯᠡᠨ ᠪᠤᠷᠳᠤᠭᠤᠷ ᠭᠡᠷᠡᠭᠯᠡᠭᠦ ᠭᠡᠮᠵᠢᠶ᠎ᠠ ᠪᠤᠯᠤᠨ ᠡᠯ᠎ᠡ ᠵᠦᠢᠯ ᠤᠨ ᠰᠢᠮ᠎ᠠ ᠲᠡᠵᠢᠭᠡᠯ ᠤᠨ ᠡᠯᠧᠮᠧᠨ᠋ᠲ ᠤᠨ ᠲᠤᠭᠢᠳᠡᠢ ᠬᠠᠷᠢᠴᠠᠯ ᠢ ᠲᠤᠠᠠᠳᠠᠭᠠᠬᠤ ᠭᠡᠷᠡᠭᠳᠡᠢ᠃ ᠮᠠᠨ ᠤ ᠤᠯᠤᠰ ᠤᠨ ᠤᠳᠤᠬᠠᠨ ᠤ ᠭᠦᠷᠦᠰᠤ ᠰᠢᠷᠤᠢ ᠶᠢᠨ ᠠᠽᠤᠲ᠂ ᠹᠤᠰᠹᠤᠷ᠂ ᠺᠠᠯᠢ ᠶᠢᠨ ᠲᠠᠷᠬᠠᠯᠳᠠ ᠶᠢᠨ ᠪᠠᠶᠢᠳᠠᠯ ᠢ ᠦᠨᠳᠦᠰᠦᠯᠡᠪᠡᠯ᠂ ᠤᠮᠠᠷᠠᠳᠤ ᠤᠷᠤᠨ ᠠᠽᠤᠲ ᠹᠤᠰᠹᠤᠷ ᠤᠨ ᠪᠤᠷᠳᠤᠭᠤᠷ ᠢ ᠬᠤᠯᠢᠨ ᠭᠡᠷᠡᠭᠯᠡᠭᠦ ᠶᠢ ᠴᠢᠬᠤᠯᠠᠴᠢᠯᠠᠨ ᠦᠵᠡᠵᠤ᠂ ᠡᠮᠦᠨᠡᠳᠤ ᠤᠷᠤᠨ ᠠᠽᠤᠲ ᠹᠤᠰᠹᠤᠷ ᠺᠠᠯᠢ ᠶᠢᠨ ᠪᠤᠷᠳᠤᠭᠤᠷ ᠢ ᠬᠤᠯᠢᠨ ᠭᠡᠷᠡᠭᠯᠡᠭᠦ ᠭᠡᠷᠡᠭᠳᠡᠢ᠃ ᠡᠭᠦᠨ ᠠᠴᠠ ᠭᠠᠳᠠᠨ᠎ᠠ ᠲᠠᠷᠢᠶᠠᠯᠠᠭ᠎ᠠ ᠶᠢᠨ ᠤᠷ᠎ᠠ ᠮᠡᠷᠭᠡᠰᠢᠯ ᠤᠨ ᠱᠠᠭᠠᠷᠳᠠᠯᠭ᠎ᠠ ᠪᠤᠯᠤᠨ ᠭᠢᠮᠢ ᠶᠢᠨ ᠪᠤᠷᠳᠤᠭᠤᠷ ᠤᠨ ᠤᠨᠴᠠᠯᠢᠭ ᠢ ᠦᠨᠳᠦᠰᠦᠯᠡᠵᠤ᠂ ᠭᠢᠮᠢ ᠶᠢᠨ ᠪᠤᠷᠳᠤᠭᠤᠷ ᠭᠡᠷᠡᠭᠯᠡᠭᠦ ᠴᠠᠭ ᠤᠯᠠᠷᠢᠯ᠂ ᠪᠤᠷᠳᠤᠭᠤᠷ ᠤᠷᠤᠭᠤᠯᠬᠤ ᠤᠷᠤᠨ ᠪᠠᠶᠢᠷᠢ᠂ ᠪᠤᠷᠳᠤᠭᠤᠷ ᠤᠷᠤᠭᠤᠯᠬᠤ ᠠᠷᠭ᠎ᠠ ᠵᠡᠷᠭᠡ ᠶᠢ ᠲᠤᠠᠠᠳᠠᠭᠠᠵᠤ᠂ ᠭᠢᠮᠢ ᠶᠢᠨ ᠪᠤᠷᠳᠤᠭᠤᠷ ᠤᠨ ᠠᠰᠢᠠᠠᠯᠠᠯᠳᠠ ᠶᠢᠨ ᠨᠤᠷᠮ᠎ᠠ ᠶᠢ ᠲᠡᠭᠡᠭᠰᠢᠯᠡᠭᠦᠯᠭᠦ ᠳᠤ ᠨᠦᠭᠦᠴᠡᠯ ᠪᠦᠷᠢᠳᠦᠭᠦᠯᠦᠨ ᠦᠭᠭᠦ ᠭᠡᠷᠡᠭᠳᠡᠢ᠃       5. ᠭᠢᠮᠢ ᠶᠢᠨ ᠪᠤᠷᠳᠤᠭᠤᠷ ᠭᠦᠨᠴᠡᠯᠡᠨ ᠤᠷᠤᠭᠤᠯᠬᠤ ᠮᠠᠰᠢᠨ ᠪᠠᠭᠠᠵᠢ       ︵1︶ ᠦᠨᠳᠤᠰᠤᠨ ᠪᠤᠷᠳᠤᠭᠤᠷ ᠤᠷᠤᠭᠤᠯᠬᠤ ᠮᠠᠰᠢᠨ ᠪᠠᠭᠠᠵᠢ       ① ᠰᠠᠭᠤᠷᠢ ᠪᠤᠷᠳᠤᠭᠤᠷ ᠤᠷᠤᠭᠤᠯᠬᠤ ᠮᠠᠰᠢᠨ ᠪᠠᠭᠠᠵᠢ᠄ ᠡᠭᠦᠨ ᠳᠤ ᠨᠢᠭᠡ ᠠᠠᠵᠢᠰᠤᠳᠤ ᠪᠤᠷᠳᠤᠭᠤᠷ ᠤᠷᠤᠭᠤᠯᠬᠤ ᠮᠠᠰᠢᠨ ᠪᠤᠯ ᠤᠳᠤ ᠶᠢᠨ ᠡᠯ᠎ᠠ ᠵᠦᠢᠯ ᠤᠨ ᠠᠠᠵᠢᠰᠤᠨ ᠳᠤ ᠪᠤᠷᠳᠤᠭᠤᠷ ᠤᠨ ᠬᠠᠶᠢᠷᠴᠠᠭ᠂ ᠪᠤᠷᠳᠤᠭᠤᠷ ᠭᠤᠭᠤᠵᠢᠭᠤᠯᠬᠤ ᠮᠠᠰᠢᠨ᠂ ᠲᠠᠮᠵᠢᠯᠭᠠᠨ ᠴᠤᠠᠠᠴᠠ ᠪᠤᠯᠤᠨ ᠪᠤᠷᠳᠤᠭᠤᠷ ᠲᠠᠮᠵᠢᠭᠤᠯᠬᠤ ᠬᠤᠭᠤᠯᠠᠢ ᠨᠡᠮᠡᠨ ᠤᠠᠠᠰᠠᠷᠠᠵᠦ᠂ ᠬᠠᠭᠠᠯᠪᠤᠷᠢᠯᠠᠬᠤ ᠶᠢᠨ ᠲᠠᠭᠠᠤ ᠭᠢᠮᠢ ᠶᠢᠨ ᠪᠤᠷᠳᠤᠭᠤᠷ ᠢᠶᠠᠨ ᠠᠠᠵᠢᠰᠤᠨ ᠬᠤᠪᠢᠯ ᠤᠨ ᠢᠷᠤᠭᠠᠷ ᠪᠤᠶᠤ ᠬᠠᠭᠠᠯᠪᠤᠷᠢᠯᠠᠯᠳᠠ ᠶᠢᠨ ᠲᠠᠪᠬᠤᠷᠭ᠎ᠠ ᠳᠤ ᠤᠷᠤᠭᠤᠯᠬᠤ ᠨᠢᠭᠡᠨ ᠵᠦᠢᠯ ᠤᠨ ᠨᠡᠶᠢᠯᠡᠯ ᠭᠡᠯᠪᠡᠷᠢ ᠶᠢᠨ ᠬᠤᠯᠪᠤᠭᠠᠳᠤ ᠠᠵᠢᠯᠯᠠᠭᠠᠨ ᠤ ᠮᠠᠰᠢᠨ ᠪᠠᠭᠠᠵᠢ ᠪᠤᠯᠤᠨ᠎ᠠ᠃ ᠪᠤᠷᠳᠤᠭᠤᠷ ᠤᠷᠤᠭᠤᠯᠬᠤ ᠦᠭᠡᠢ ᠦᠶᠡᠰ ᠪᠤᠷᠳᠤᠭᠤᠷ ᠤᠷᠤᠭᠤᠯᠬᠤ ᠲᠤᠨᠤᠠᠠᠯᠠᠯ ᠢᠶᠠᠨ ᠰᠠᠯᠭᠠᠴᠢᠬᠠᠪᠠᠯ᠂ ᠤᠤᠯ ᠮᠠᠰᠢᠨ ᠤ ᠪᠤᠰᠤᠳ ᠭᠡᠷᠡᠭᠯᠡᠯᠳᠡ ᠶᠢ ᠨᠦᠯᠦᠭᠡᠯᠡᠳᠡᠭ ᠦᠭᠡᠢ᠃ ᠡᠶᠢᠮᠤ ᠠᠴᠠ ᠭᠡᠷᠡᠭᠯᠡᠭᠴᠢᠳ ᠲᠤ ᠶᠡᠭᠡ ᠤᠠᠠᠳᠤᠠᠠᠳᠠᠵᠤ ᠪᠠᠶᠢᠨ᠎ᠠ᠃ ᠲᠤᠰ ᠮᠠᠰᠢᠨ ᠨᠢ ᠦᠪᠤᠷ ᠮᠤᠩᠭᠤᠯ ᠤᠨ ᠪᠠᠶᠠᠠᠨᠠᠭᠤᠷ ᠬᠤᠳᠡ ᠶᠢᠨ ᠬᠠᠨᠭ᠍ᠭᠢᠨ ᠬᠤᠶᠢᠳᠤ ᠬᠤᠰᠢᠭᠤᠨ ᠤ ᠲᠠᠷᠢᠶᠠᠯᠨᠩ ᠤᠨ ᠮᠠᠰᠢᠨ ᠤ ᠦᠢᠯᠡᠳᠪᠤᠷᠢ ᠶᠢᠨ ᠦᠢᠯᠡᠳᠪᠤᠷᠢᠯᠡᠭᠰᠡᠨ ILF-124 ᠭᠡᠯᠪᠡᠷᠢ ᠶᠢᠨ ᠲᠠᠩ ᠬᠤᠰᠢᠭᠤᠳᠤ ᠪᠤᠷᠳᠤᠭᠤᠷ ᠤᠷᠤᠭᠤᠯᠬᠤ ᠠᠠᠵᠢᠰᠤ ᠪᠤᠯᠤᠨ᠎ᠠ᠃       ② ᠲᠡᠯᠡᠩᠴᠢᠯᠠᠨ ᠪᠤᠷᠳᠤᠭᠤᠷ ᠤᠷᠤᠭᠤᠯᠬᠤ ᠮᠠᠰᠢᠨ᠄ ᠲᠤᠰ ᠮᠠᠰᠢᠨ ᠨᠢ ᠨᠢᠭᠡᠨ ᠵᠦᠢᠯ ᠤᠨ ᠬᠤᠯᠪᠤᠭᠠᠳᠤ ᠠᠵᠢᠯᠯᠠᠭᠠᠨ ᠤ ᠮᠠᠰᠢᠨ ᠤ ᠭᠡᠯᠪᠡᠷᠢ ᠪᠤᠯᠬᠤ ᠪᠦᠭᠡᠳ ᠡᠷᠳᠡᠨᠢ ᠰᠢᠰᠢ ᠵᠡᠷᠭᠡ ᠲᠠᠯᠡᠩᠨᠠᠨ ᠲᠠᠷᠢᠬᠤ ᠲᠠᠷᠢᠮᠠᠯ ᠢ ᠲᠠᠯᠨᠩᠨᠠᠨ ᠲᠠᠷᠢᠬᠤ ᠦᠶᠡᠰ ᠰᠢᠭᠡᠰᠦᠯᠢᠭ ᠡᠳ᠋ ᠵᠡᠷᠭᠡ ᠮᠦᠭᠦᠯᠢᠭᠳᠦ ᠭᠢᠮᠢ ᠶᠢᠨ ᠪᠤᠷᠳᠤᠭᠤᠷ ᠢ ᠲᠠᠯᠠᠩ ᠳᠤ ᠬᠤᠶᠠᠷ ᠲᠠᠪᠬᠤᠷᠭ᠎ᠠ ᠬᠤᠪᠢᠶᠠᠨ ᠤᠷᠤᠭᠤᠯᠵᠤ᠂ ᠬᠤᠶᠠᠷ ᠲᠠᠪᠬᠤᠷᠭ᠎ᠠ ᠭᠢᠮᠢ ᠶᠢᠨ ᠪᠤᠷᠳᠤᠭᠤᠷ ᠤᠨ ᠵᠠᠢ ᠶᠢ 5~8cm ᠰᠢᠷᠤᠢ ᠶᠢᠨ ᠲᠠᠪᠬᠤᠷᠭ᠎ᠠ  ᠪᠠᠷ ᠵᠠᠶᠢᠴᠢᠯᠠᠵᠤ᠂ ᠲᠡᠭᠡᠳᠤ ᠲᠠᠪᠬᠤᠷᠭ᠎ᠠ ᠶᠢᠨ ᠭᠢᠮᠢ ᠶᠢᠨ ᠪᠤᠷᠳᠤᠭᠤᠷ ᠨᠢ ᠭᠤᠤᠯᠳᠠᠭᠤ ᠦᠷ᠎ᠠ ᠶᠢᠨ ᠪᠤᠷᠳᠤᠭᠤᠷ ᠤᠨ ᠦᠢᠯᠡᠳᠦᠯ ᠦᠵᠡᠭᠦᠯᠵᠤ᠂ ᠲᠤᠤᠷᠠᠭᠢ ᠲᠠᠪᠬᠤᠷᠭ᠎ᠠ ᠶᠢᠨ ᠭᠢᠮᠢ ᠶᠢᠨ ᠪᠤᠷᠳᠤᠭᠤᠷ ᠨᠢ ᠭᠤᠤᠯ ᠨᠢ ᠰᠠᠭᠤᠷᠢ ᠪᠤᠷᠳᠤᠭᠤᠷ ᠤᠨ ᠦᠢᠯᠡᠳᠦᠯ ᠦᠵᠡᠭᠦᠯᠳᠡᠭ ᠪᠠᠶᠢᠨ᠎ᠠ᠃ ᠲᠤᠮᠤ ᠭᠡᠯᠪᠡᠷᠢ ᠶᠢᠨ ᠲᠷᠠᠺᠲ᠋ᠤᠷ ᠲᠤ ᠢᠵᠢ ᠪᠦᠷᠢᠳᠦᠭᠦᠯᠦᠭᠰᠡᠨ ᠪᠤᠷᠳᠤᠭᠤᠷ ᠭᠦᠨ ᠤᠷᠤᠭᠤᠯᠬᠤ ᠮᠠᠰᠢᠨ ᠪᠠᠭᠠᠵᠢ ᠳᠤ ᠬᠠᠷᠠᠮᠦ᠋ᠷᠡᠨ ᠮᠤᠵᠢ ᠶᠢᠨ ᠬᠠᠢ ᠯᠦᠩ ᠬᠤᠳᠠ ᠶᠢᠨ ᠲᠠᠷᠢᠶᠠᠯᠠᠩ ᠤᠨ ᠮᠠᠰᠢᠨ ᠵᠠᠰᠠᠬᠤ ᠦᠢᠯᠡᠳᠪᠤᠷᠢ ᠶᠢᠨ ᠦᠢᠯᠡᠳᠪᠤᠷᠢᠯᠡᠭᠰᠡᠨ ILZ-770B ᠭᠡᠯᠪᠡᠷᠢ ᠶᠢᠨ ᠲᠡᠭᠦᠵᠢᠯᠡᠭᠦᠷ ᠭᠡᠯᠪᠡᠷᠢ ᠶᠢᠨ ᠲᠠᠯᠠᠩᠴᠢᠯᠠᠨ ᠲᠠᠷᠢᠬᠤ ᠲᠤᠯᠤᠭᠠᠨ ᠬᠤᠰᠢᠭᠤᠳᠤ ᠠᠠᠵᠢᠰᠤ ᠪᠤᠢ᠃ ᠪᠠᠰᠠ ᠱᠠᠠᠳᠦ᠋ᠩ ᠤᠨ ᠾᠧᠩ ᠲᠠᠢ ᠰᠢᠶᠠᠨ ᠤ ᠭᠧᠩ ᠴᠢᠶᠤᠤ ᠲᠠᠷᠢᠶᠠᠯᠠᠩ ᠤᠨ ᠮᠠᠰᠢᠨ ᠤ ᠦᠷᠳᠡᠭᠡ ᠶᠢᠨ ᠦᠢᠯᠡᠳᠪᠤᠷᠢᠯᠡᠭᠰᠡᠨ 3LS3 ᠭᠡᠯᠪᠡᠷᠢ ᠶᠢᠨ ᠠᠠᠵᠢᠰᠤᠳᠤ ᠪᠤᠷᠳᠤᠭᠤᠷ ᠤᠷᠤᠭᠤᠯᠬᠤ ᠮᠠᠰᠢᠨ ᠪᠤᠢ᠃ ᠵᠢᠵᠢᠭ ᠭᠡᠯᠪᠡᠷᠢ ᠶᠢᠨ ᠲᠷᠠᠺᠲ᠋ᠤᠷ ᠲᠤ ᠢᠵᠢ ᠪᠦᠷᠢᠳᠦᠭᠦᠯᠦᠭᠰᠡᠨ ᠮᠠᠰᠢᠨ ᠪᠠᠭᠠᠵᠢ ᠳᠤ ᠾᠧᠨᠡᠨ ᠮᠤᠵᠢ ᠶᠢᠨ ᠺᠠᠢ ᠹᠧᠩ ᠤᠨ ᠾᠧᠩ ᠳ᠋ᠨ ᠺᠤᠮᠪᠠᠨᠢ ᠶᠢᠨ ᠲᠠᠷᠢᠶᠠᠯᠠᠩ ᠤᠨ ᠮᠠᠰᠢᠨ ᠤ ᠦᠢᠯᠡᠳᠪᠤᠷᠢ ᠶᠢᠨ ᠦᠢᠯᠡᠳᠪᠤᠷᠢᠯᠡᠭᠰᠡᠨ 2FLD2G ᠭᠡᠯᠪᠡᠷᠢ ᠶᠢᠨ ᠭᠢᠮᠢ ᠶᠢᠨ ᠪᠤᠷᠳᠤᠭᠤᠷ ᠭᠦᠨ ᠤᠷᠤᠭᠤᠯᠬᠤ ᠮᠠᠰᠢᠨ ᠪᠠ ᠠᠠᠾᠦ᠋ᠢ ᠮᠤᠵᠢ ᠶᠢᠨ ᠮᠧᠩ ᠴᠧᠩ ᠰᠢᠶᠠᠨ ᠤ ᠲᠠᠷᠢᠶᠠᠯᠨᠩ ᠤᠨ ᠮᠠᠰᠢᠨ ᠲᠡᠯᠭᠡᠷᠡᠭᠦᠯᠭᠦ ᠦᠷᠳᠡᠭᠡᠨ ᠤ ᠰᠤᠳᠤᠯᠤᠨ ᠦᠢᠯᠡᠳᠪᠤᠷᠢᠯᠡᠭᠰᠡᠨ ILD-220 ᠭᠡᠯᠪᠡᠷᠢ ᠶᠢᠨ ᠤᠯᠠᠨ ᠭᠡᠷᠡᠭᠯᠡᠭᠡᠳᠤ ᠠᠠᠵᠢᠰᠤ ᠪᠠᠶᠢᠨ᠎ᠠ᠃       ︵2︶ ᠦᠷ᠎ᠡ ᠶᠢᠨ ᠪᠤᠷᠳᠤᠭᠤᠷ ᠭᠦᠨ ᠤᠷᠤᠭᠤᠯᠬᠤ ᠮᠠᠰᠢᠨ ᠪᠠᠭᠠᠵᠢ᠄ ᠡᠭᠦᠨ ᠢ ᠶᠠᠷᠤ ᠳᠡᠭᠡᠨ ᠪᠤᠷᠳᠤᠭᠤᠷ ᠤᠷᠤᠭᠤᠯᠤᠨ ᠲᠠᠷᠢᠬᠤ ᠮᠠᠰᠢᠨ ᠭᠡᠳᠡᠭ᠃ ᠨᠢᠭᠡᠨ ᠮᠠᠰᠢᠨ ᠤ ᠵᠢᠶᠡᠰᠡ ᠪᠤᠯᠤᠨ ᠲᠠᠮᠵᠢᠯᠭᠠᠨ ᠴᠤᠠᠠᠴᠠ ᠲᠡᠭᠡᠷ᠎ᠡ ᠬᠤᠶᠠᠷ ᠢᠵᠢ ᠴᠤᠠᠠᠴᠠ ᠵᠡᠷᠭᠡᠴᠡᠭᠦᠯᠦᠨ ᠤᠠᠠᠰᠠᠷᠠᠵᠦ᠂ ᠨᠢᠭᠡ ᠢᠵᠢ ᠨᠢ ᠲᠠᠷᠢᠵᠤ᠂ ᠨᠦᠭᠦᠭᠡ ᠢᠵᠢ ᠨᠢ ᠪᠤᠷᠳᠤᠭᠤᠷ ᠤᠷᠤᠭᠤᠯᠵᠤ᠂ ᠲᠠᠷᠢᠬᠤ ᠶᠢᠨ ᠲᠠᠭᠠᠤ ᠪᠤᠷᠳᠤᠭᠤᠷ ᠤᠷᠤᠭᠤᠯᠵᠤ ᠪᠤᠯᠳᠠᠭ ᠬᠤᠯᠪᠤᠭᠠᠳᠤ ᠠᠵᠢᠯᠯᠠᠭᠠᠨ ᠤ ᠮᠠᠰᠢᠨ ᠤ ᠭᠡᠯᠪᠡᠷᠢ ᠪᠤᠯᠤᠨ᠎ᠠ᠃ ᠪᠤᠷᠳᠤᠭᠤᠷ ᠤᠷᠤᠭᠤᠯᠬᠤ ᠤᠷᠤᠨ ᠪᠠᠶᠢᠷᠢ ᠨᠢ ᠠᠳᠠᠯᠢ ᠦᠭᠡᠢ ᠠᠴᠠ ᠪᠤᠯᠤᠭᠠᠳ᠂ ᠲᠤᠰ ᠮᠠᠰᠢᠨ ᠨᠢ ᠪᠠᠰᠠ ᠡᠭ᠍ᠴᠡᠯᠡᠨ ᠪᠤᠷᠳᠤᠭᠤᠷ ᠤᠷᠤᠭᠤᠯᠬᠤ ᠪᠠ ᠬᠠᠵᠠᠭᠤᠴᠢᠯᠠᠨ ᠪᠤᠷᠳᠤᠭᠤᠷ ᠤᠷᠤᠭᠤᠯᠬᠤ ᠮᠠᠰᠢᠨ ᠭᠡᠵᠤ ᠬᠤᠶᠠᠷ ᠭᠡᠯᠪᠡᠷᠢ ᠲᠠᠢ ᠪᠠᠶᠢᠳᠠᠭ᠃       ᠡᠭ᠍ᠴᠡᠯᠡᠨ ᠪᠤᠷᠳᠤᠭᠤᠷ ᠤᠷᠤᠭᠤᠯᠬᠤ ᠮᠠᠰᠢᠨ ᠤ ᠬᠤᠪᠢᠯᠳᠤᠭᠤᠷ ᠪᠠᠭᠠᠵᠢ ᠨᠢ ᠶᠠᠷᠦᠩᠭᠡᠢ ᠳᠡᠭᠡᠨ ᠬᠤᠶᠠᠷ ᠮᠦᠷ ᠢᠶᠠᠷ ᠵᠢᠠᠠᠰᠠᠵᠤ᠂ ᠡᠮᠦᠨᠡᠭᠢ ᠮᠦᠷ ᠤᠨ ᠪᠠᠭᠠᠵᠢ ᠨᠢ ᠪᠤᠷᠳᠤᠭᠤᠷ ᠤᠷᠤᠭᠤᠯᠵᠤ᠂ ᠠᠷᠤ ᠮᠦᠷ ᠤᠨ ᠬᠤᠪᠢᠯᠳᠤᠭᠤᠷ ᠪᠠᠭᠠᠵᠢ ᠨᠢ ᠲᠠᠷᠢᠵᠤ᠂ ᠪᠤᠷᠳᠤᠭᠤᠷ ᠤᠷᠤᠭᠤᠯᠬᠤ ᠬᠤᠪᠢᠯᠳᠤᠭᠤᠷ ᠪᠠᠭᠠᠵᠢ ᠨᠢ ᠨᠡᠯᠢᠶᠡᠳ ᠭᠦᠨ ᠬᠤᠪᠢᠯ ᠭᠠᠷᠭᠠᠵᠤ᠂ ᠪᠤᠷᠳᠤᠭᠤᠷ ᠢ ᠦᠷ᠎ᠠ ᠶᠢᠨ ᠲᠤᠤᠷ᠎ᠠ ᠲᠠᠯ᠎ᠠ ᠳᠤ ᠪᠤᠯᠠᠵᠤ᠂ ᠦᠷ᠎ᠡ ᠪᠤᠷᠳᠤᠭᠤᠷ ᠤᠨ ᠬᠤᠭᠤᠷᠤᠨᠳᠤᠭᠢ ᠵᠠᠢ ᠶᠢ 3.5~5cm ᠪᠠᠶᠢᠯᠭᠠᠵᠤ ᠪᠠᠶᠢᠳᠠᠭ᠃ ᠡᠶᠢᠮᠤ ᠠᠴᠠ ᠵᠠᠷᠢᠮ ᠮᠠᠰᠢᠨ ᠢ ᠨᠢ ᠦᠷ᠎ᠠ ᠪᠤᠷᠳᠤᠭᠤᠷ ᠢ ᠰᠠᠯᠭᠠᠵᠤ ᠲᠠᠷᠢᠬᠤ ᠭᠡᠳᠡᠭ᠃ ᠡᠭᠦᠨ ᠳᠤ ᠦᠪᠤᠷ ᠮᠤᠩᠭᠤᠯ ᠤᠨ ᠳ᠋ᠧᠩᠺᠸᠤ ᠰᠢᠶᠠᠨ ᠤ ᠲᠠᠷᠢᠶᠠᠯᠠᠩ ᠤᠨ ᠮᠠᠰᠢᠨ ᠤ ᠦᠢᠯᠡᠳᠪᠤᠷᠢ ᠶᠢᠨ ᠦᠢᠯᠡᠳᠪᠤᠷᠢᠯᠡᠭᠰᠡᠨ 2BF ᠭᠡᠯᠪᠡᠷᠢ ᠶᠢᠨ ᠦᠷ᠎ᠠ ᠪᠤᠷᠳᠤᠭᠤᠷ ᠰᠠᠯᠭᠠᠵᠤ ᠲᠠᠷᠢᠬᠤ ᠮᠠᠰᠢᠨ᠂ ᠦᠪᠤᠷ ᠮᠤᠩᠭᠤᠯ ᠤᠨ ᠱᠠᠩᠳᠤ ᠶᠢᠨ ᠮᠠᠯᠵᠢᠯ ᠤᠨ ᠮᠠᠰᠢᠨ ᠤ ᠦᠢᠯᠡᠳᠪᠤᠷᠢ ᠶᠢᠨ ᠦᠢᠯᠡᠳᠪᠤᠷᠢᠯᠡᠭᠰᠡᠨ 2BG -120A ᠭᠡᠯᠪᠡᠷᠢ ᠶᠢᠨ ᠲᠠᠷᠢᠮᠠᠯ ᠤᠨ ᠬᠤᠪᠢᠯᠳᠤ ᠲᠠᠷᠢᠬᠤ ᠮᠠᠰᠢᠨ᠂ ᠦᠪᠤᠷ ᠮᠤᠩᠭᠤᠯ ᠤᠨ ᠬᠠᠶᠢᠯᠠᠷ ᠤᠨ ᠮᠠᠯᠵᠢᠯ ᠤᠨ ᠮᠠᠰᠢᠨ ᠤ ᠦᠢᠯᠡᠳᠪᠤᠷᠢ ᠶᠢᠨ ᠦᠢᠯᠡᠳᠪᠦᠷᠢᠯᠡᠭᠰᠡᠨ 2BT -2 ᠭᠡᠯᠪᠡᠷᠢ ᠶᠢᠨ ᠪᠤᠷᠴᠠᠭ ᠨᠠᠷᠢᠯᠢᠬ ᠲᠠᠷᠢᠵᠤ ᠪᠤᠷᠳᠤᠭᠤᠷ ᠤᠷᠤᠭᠤᠯᠬᠤ ᠮᠠᠰᠢᠨ ᠵᠡᠷᠭᠡ ᠪᠠᠶᠢᠨ᠎ᠠ᠃       ᠬᠠᠵᠠᠭᠤᠴᠢᠯᠠᠨ ᠪᠤᠷᠳᠤᠭᠤᠷ ᠤᠷᠤᠭᠤᠯᠵᠤ ᠲᠠᠷᠢᠬᠤ ᠮᠠᠰᠢᠨ ᠤ ᠪᠦᠳᠦᠴᠡ ᠨᠢ ᠡᠭ᠍ᠴᠡᠯᠡᠨ ᠪᠤᠷᠳᠤᠭᠤᠷ ᠤᠷᠤᠭᠤᠯᠵᠤ ᠲᠠᠷᠢᠬᠤ ᠮᠠᠰᠢᠨ ᠤ ᠬᠢ ᠲᠠᠢ ᠦᠨᠳᠤᠰᠤᠨ ᠳᠡᠭᠡᠨ ᠠᠳᠠᠯᠢ᠂ ᠵᠦᠪᠭᠡᠨ ᠲᠡᠭᠦᠨ ᠤ ᠪᠤᠷᠳᠤᠭᠤᠷ ᠤᠷᠤᠭᠤᠯᠬᠤ ᠬᠤᠪᠢᠯᠳᠤᠭᠤᠷ ᠪᠠᠭᠠᠵᠢ ᠭᠢᠭᠡᠳ ᠲᠠᠷᠢᠬᠤ ᠬᠤᠪᠢᠯᠳᠤᠭᠤᠷ ᠪᠠᠭᠠᠵᠢ ᠨᠢ ᠠᠳᠠᠯᠢ ᠨᠢᠭᠡᠨ ᠱᠤᠭᠤᠮ ᠲᠡᠭᠡᠷ᠎ᠡ ᠪᠠᠶᠢᠬᠤ ᠪᠢᠰᠢ᠂ ᠲᠠᠷᠢᠬᠤ ᠬᠤᠪᠢᠯᠳᠤᠭᠤᠷ ᠮᠠᠰᠢᠨ ᠤ ᠬᠤᠶᠠᠷ ᠬᠠᠵᠠᠭᠤ ᠳᠤᠨᠢ ᠪᠠᠶᠢᠵᠤ᠂ ᠭᠢᠮᠢ ᠶᠢᠨ ᠪᠤᠷᠳᠤᠭᠤᠷ ᠢ ᠦᠷ᠎ᠠ ᠶᠢᠨ ᠬᠠᠵᠠᠭᠤ ᠲᠠᠯ᠎ᠠ ᠪᠠᠷ ᠨᠢ ᠤᠷᠤᠭᠤᠯᠳᠠᠭ᠃ ᠡᠨᠡ ᠮᠠᠰᠢᠨ ᠢ ᠤᠯᠠᠩᠭᠢ ᠳᠠᠭᠠᠨ ᠡᠷᠳᠡᠨᠢ ᠰᠢᠰᠢ᠂ ᠪᠤᠷᠴᠠᠭ᠂ ᠰᠢᠰᠢ ᠪᠤᠯᠤᠨ ᠭᠦᠪᠤᠩ ᠵᠡᠷᠭᠡ ᠦᠷᠭᠡᠨ ᠮᠦᠷ ᠵᠠᠢ ᠲᠠᠢ ᠲᠠᠷᠢᠮᠠᠯ ᠢ ᠲᠠᠷᠢᠵᠤ ᠪᠤᠷᠳᠤᠭᠤᠷ ᠤᠷᠤᠭᠤᠯᠬᠤ ᠳᠤ ᠭᠡᠷᠡᠭᠯᠡᠳᠡᠭ᠃ ᠡᠭᠦᠨ ᠳᠤ ᠦᠪᠤᠷ ᠮᠤᠩᠭᠤᠯ ᠤᠨ ᠲᠦᠡᠭᠯᠢᠶᠤᠤ ᠶᠢᠨ ᠮᠧᠬᠠᠨᠢᠭ ᠤᠨ ᠦᠢᠯᠡᠳᠪᠤᠷᠢ ᠶᠢᠨ ᠦᠢᠯᠡᠳᠪᠤᠷᠢᠯᠡᠭᠰᠡᠨ 2BG-3/6 ᠭᠡᠯᠪᠡᠷᠢ ᠶᠢᠨ ᠠᠭᠠᠷ ᠰᠤᠷᠤᠬᠤ ᠭᠡᠯᠪᠡᠷᠢ ᠶᠢᠨ ᠪᠤᠷᠳᠤᠭᠤᠷ ᠤᠷᠤᠭᠤᠯᠵᠤ ᠲᠠᠷᠢᠬᠤ ᠮᠠᠰᠢᠨ᠂ ᠦᠪᠤᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠮᠧᠬᠠᠨᠢᠭ ᠤᠨ ᠦᠢᠯᠡᠳᠪᠤᠷᠢ ᠶᠢᠨ ᠦᠢᠯᠡᠳᠪᠤᠷᠢᠯᠡᠭᠰᠡᠨ 2BP-2 ᠭᠡᠯᠪᠡᠷᠢ ᠶᠢᠨ ᠪᠤᠷᠳᠤᠭᠤᠷ ᠤᠷᠤᠭᠤᠯᠵᠦ ᠪᠦᠷᠭᠦᠭᠦᠯ ᠪᠦᠷᠭᠦᠭᠦ ᠲᠠᠷᠢᠬᠤ ᠮᠠᠰᠢᠨ᠂ ᠰᠢ ᠠᠨ ᠬᠤᠳᠠ ᠶᠢᠨ ᠡᠷᠭᠢᠯᠳᠦᠭᠦᠯᠦᠨ ᠲᠠᠷᠢᠬᠤ ᠮᠠᠰᠢᠨ ᠤ ᠦᠢᠯᠡᠳᠪᠤᠷᠢ ᠶᠢᠨ ᠦᠢᠯᠡᠳᠪᠤᠷᠢᠯᠡᠭᠰᠡᠨ XBFL-4/8 ᠭᠡᠯᠪᠡᠷᠢ ᠶᠢᠨ ᠡᠷᠭᠢᠯᠳᠦᠭᠦᠯᠦᠨ ᠲᠠᠷᠢᠬᠤ ᠪᠤᠷᠳᠤᠭᠤᠷ ᠤᠷᠤᠭᠤᠯᠬᠤ ᠮᠠᠰᠢᠨ᠂ ᠬᠠᠷᠠᠮᠦ᠋ᠷᠡᠨ ᠮᠤᠵᠢ ᠶᠢᠨ ᠬᠠᠢ ᠯᠦᠩ ᠲᠠᠷᠢᠶᠠᠯᠠᠩ ᠤᠨ ᠮᠠᠰᠢᠨ ᠵᠠᠰᠠᠵᠤ ᠦᠢᠯᠡᠳᠭᠦ ᠦᠢᠯᠡᠳᠪᠤᠷᠢ ᠶᠢᠨ ᠦᠢᠯᠡᠳᠪᠤᠷᠢᠯᠡᠭᠰᠡᠨ LFBJ -6 ᠭᠡᠯᠪᠡᠷᠢ ᠶᠢᠨ ᠲᠡᠯᠡᠩᠴᠢᠯᠠᠨ ᠬᠠᠭᠠᠯᠪᠤᠷᠢᠯᠠᠵᠤ ᠪᠤᠷᠳᠤᠭᠤᠷ ᠤᠷᠤᠭᠤᠯᠵᠤ ᠨᠠᠷᠢᠯᠢᠬ ᠲᠠᠷᠢᠬᠤ ᠮᠠᠰᠢᠨ᠂ ᠱᠠᠠᠳᠦ᠋ᠩ ᠮᠤᠵᠢ ᠶᠢᠨ ᠢ ᠨᠠᠨ ᠲᠠᠷᠢᠶᠠᠯᠠᠭ᠎ᠠ ᠶᠢᠨ ᠮᠠᠰᠢᠨ ᠤ ᠦᠢᠯᠡᠳᠪᠤᠷᠢ ᠶᠢᠨ ᠦᠢᠯᠡᠳᠪᠤᠷᠢᠯᠡᠭᠰᠡᠨ 2BX-9 ᠭᠡᠯᠪᠡᠷᠢ ᠶᠢᠨ ᠪᠤᠭᠤᠳᠠᠢ ᠶᠢ ᠬᠠᠭᠠᠰ ᠨᠠᠷᠢᠯᠢᠬ ᠭᠡᠮᠵᠢᠶ᠎ᠠ ᠪᠠᠷ ᠲᠠᠷᠢᠬᠤ ᠮᠠᠰᠢᠨ ᠵᠡᠷᠭᠡ ᠪᠤᠯᠤᠨ᠎ᠠ᠃       ︵3︶ ᠨᠦᠭᠦᠯᠳᠡ ᠪᠤᠷᠳᠤᠭᠤᠷ ᠢ ᠭᠦᠨ ᠤᠷᠤᠭᠤᠯᠬᠤ ᠮᠠᠰᠢᠨ ᠪᠠᠭᠠᠵᠢ᠄ ᠨᠦᠭᠦᠯᠳᠡ ᠪᠤᠷᠳᠤᠭᠤᠷ ᠤᠷᠤᠭᠤᠯᠬᠤ ᠮᠠᠰᠢᠨ ᠪᠠᠭᠠᠵᠢ ᠪᠤᠯ ᠲᠠᠷᠢᠮᠠᠯ ᠤᠨ ᠤᠷᠭᠤᠯᠳᠠ ᠶᠢᠨ ᠲᠤᠮᠳᠠ ᠬᠤᠭᠤᠴᠠᠭ᠎ᠠ ᠪᠤᠯᠤᠨ ᠰᠡᠭᠦᠯ ᠤᠨ ᠬᠤᠭᠤᠴᠠᠭᠠᠨ ᠳᠤ ᠪᠤᠷᠳᠤᠭᠤᠷ ᠤᠷᠤᠭᠤᠯᠬᠤ ᠮᠠᠰᠢᠨ ᠪᠠᠭᠠᠵᠢ ᠮᠦᠨ᠃ ᠤᠷᠤᠭᠤᠯᠬᠤ ᠪᠤᠷᠳᠤᠭᠤᠷ ᠨᠢ ᠰᠢᠭᠡᠰᠦᠯᠢᠭ ᠡᠳ᠋ ᠵᠡᠷᠭᠡ ᠲᠦᠷᠭᠡᠨ ᠦᠢᠯᠡᠳᠦᠯᠳᠤ ᠪᠤᠷᠳᠤᠭᠤᠷ ᠢᠶᠠᠷ ᠭᠤᠤᠯ ᠪᠤᠯᠭᠠᠵᠤ᠂ ᠵᠠᠷᠢᠮ ᠮᠠᠰᠢᠨ ᠨᠢ ᠪᠠᠰᠠ ᠨᠡᠭᠦᠷᠡᠰᠦᠳᠦ᠋ᠷᠦᠭᠴᠢ ᠠᠮᠮᠤᠨᠢ ᠤᠷᠤᠭᠤᠯᠵᠤ ᠪᠤᠯᠳᠠᠭ᠃       ① ᠱᠠᠩ ᠪᠠᠭᠤᠯᠭᠠᠨ ᠪᠤᠷᠳᠤᠭᠤᠷ ᠤᠷᠤᠭᠤᠯᠬᠤ ᠮᠠᠰᠢᠨ ᠪᠤᠯ ᠱᠠᠩ ᠪᠠᠭᠤᠯᠭᠠᠵᠤ ᠪᠤᠷᠳᠤᠭᠤᠷ ᠤᠷᠤᠭᠤᠯᠬᠤ ᠮᠠᠰᠢᠨ ᠪᠤᠶᠤ ᠱᠠᠩ ᠪᠠᠭᠤᠯᠭᠠᠬᠤ ᠮᠠᠰᠢᠨ ᠳᠤ ᠮᠠᠰᠢᠨ ᠵᠢᠶᠠᠰᠠ ᠴᠢᠷᠦᠭᠦᠯᠵᠤ ᠢᠵᠢ ᠪᠦᠷᠢᠳᠦᠭᠦᠯᠦᠭᠰᠡᠨ ᠲᠠᠩ ᠴᠤᠠᠠᠴᠠᠳᠤ ᠪᠤᠷᠳᠤᠭᠤᠷ ᠤᠷᠣᠭᠤᠯᠬᠤ ᠮᠠᠰᠢᠨ ᠪᠤᠯᠤᠨ᠎ᠠ᠃ ᠲᠷᠠᠺᠲ᠋ᠤᠷ ᠢᠶᠠᠷ ᠴᠢᠷᠦᠭᠦᠯᠭᠦ ᠪᠤᠶᠤ ᠵᠢᠵᠢᠭ ᠭᠦᠳᠡᠯᠭᠡᠭᠦᠷᠳᠤ ᠮᠠᠰᠢᠨ ᠢᠶᠠᠷ ᠭᠦᠳᠡᠯᠭᠡᠵᠤ᠂ ᠮᠦᠷ ᠤᠨ ᠬᠠᠵᠠᠭᠤ ᠪᠠᠷ ᠪᠤᠶᠤ ᠰᠠᠭᠤᠷᠢ ᠶᠢᠨ ᠬᠠᠵᠠᠭᠤ ᠪᠠᠷ ᠭᠦᠨ ᠪᠤᠷᠳᠤᠭᠤᠷ ᠤᠷᠤᠭᠤᠯᠳᠠᠭ᠃       ② ᠭᠠᠷ ᠭᠦᠳᠡᠯᠭᠡᠭᠦᠷᠳᠤ ᠨᠦᠭᠦᠯᠳᠡ ᠪᠤᠷᠳᠤᠭᠤᠷ ᠤᠷᠤᠭᠤᠯᠬᠤ ᠮᠠᠰᠢᠨ ᠪᠠᠭᠠᠵᠢ᠄ ᠨᠦᠭᠦᠯᠳᠡ ᠪᠤᠷᠳᠤᠭᠤᠷ ᠤᠷᠤᠭᠤᠯᠬᠤ ᠬᠤᠭᠤᠴᠠᠭ᠎ᠠ ᠨᠢ ᠲᠠᠷᠢᠮᠠᠯ ᠤᠨ ᠤᠷᠭᠤᠯᠳᠠ ᠶᠢᠨ ᠲᠤᠮᠳᠠ ᠰᠡᠭᠦᠯᠴᠢ ᠶᠢᠨ ᠬᠤᠭᠤᠴᠠᠭ᠎ᠠ ᠪᠠᠶᠢᠳᠠᠭ ᠪᠤᠯᠬᠤᠷ ᠤᠷᠭᠤᠮᠠᠯ ᠤᠨ ᠡᠰᠢ ᠲᠤᠮᠤᠷᠠᠭᠠᠳ᠂ ᠮᠠᠰᠢᠨ ᠢᠶᠠᠷ ᠨᠦᠭᠦᠯᠳᠡ ᠪᠤᠷᠳᠤᠭᠤᠷ ᠤᠷᠤᠭᠤᠯᠬᠤ ᠶᠢ ᠭᠢᠵᠠᠭᠠᠷᠯᠠᠵᠤ ᠪᠠᠶᠢᠳᠠᠭ᠃ ᠤᠶᠢᠷ᠎ᠠ ᠶᠢᠨ ᠵᠢᠯ ᠤᠳ ᠲᠤ  ᠡᠯ᠎ᠠ ᠭᠠᠵᠠᠷ ᠤᠨ ᠬᠢᠨ ᠡᠨᠡ ᠬᠦ ᠵᠦᠷᠢᠴᠡᠯ ᠳᠤ ᠴᠢᠭᠯᠡᠭᠦᠯᠦᠨ ᠨᠢᠭᠡ ᠪᠦᠯᠦᠭ ᠭᠠᠷ ᠭᠦᠳᠡᠯᠭᠡᠭᠦᠷᠳᠤ ᠨᠦᠭᠦᠯᠳᠡ ᠪᠤᠷᠳᠤᠭᠤᠷ ᠤᠷᠤᠭᠤᠯᠬᠤ ᠮᠠᠰᠢᠨ ᠪᠠᠭᠠᠵᠢ ᠶᠢ ᠵᠠᠯᠭᠠᠭ᠎ᠠ ᠪᠠᠷ ᠰᠤᠳᠤᠯᠤᠨ ᠭᠢᠵᠠᠢ᠃ ᠲᠠᠷᠠ ᠨᠢ ᠬᠠᠳᠠᠭᠠᠯᠠᠬᠤ ᠲᠦᠯᠦᠪᠳᠤ ᠭᠢᠮᠢ ᠶᠢᠨ ᠪᠤᠷᠳᠤᠭᠤᠷ ᠪᠤᠯᠤᠨ ᠰᠢᠩᠭᠡᠨ ᠪᠡᠶᠡᠳᠤ ᠭᠢᠮᠢ ᠶᠢᠨ ᠪᠤᠷᠳᠤᠭᠤᠷ ᠢ ᠲᠤᠰ ᠲᠤᠰ ᠢᠶᠠᠷ ᠨᠢ ᠤᠷᠤᠭᠤᠯᠳᠠᠭ ᠪᠠᠶᠢᠨ᠎ᠠ᠃       ᠪᠠᠶᠢᠡᠭᠭᠤ ᠭᠡᠷᠡᠭᠯᠡᠳᠡᠭ ᠮᠠᠰᠢᠨ ᠤ ᠭᠡᠯᠪᠡᠷᠢ ᠳᠤ ᠰᠢᠨᠵᠢᠶᠠᠩ ᠤᠨ ᠺᠦᠢ ᠲᠦᠨ ᠲᠠᠪᠤ ᠲᠠᠪᠤ ᠲᠠᠷᠢᠶᠠᠯᠠᠩ ᠤᠨ ᠮᠠᠰᠢᠨ ᠤ ᠦᠢᠯᠡᠳᠪᠤᠷᠢ ᠶᠢᠨ ᠦᠢᠯᠡᠳᠪᠦᠷᠢᠯᠡᠭᠰᠡᠨ 3ZF — 4.2 ᠭᠡᠯᠪᠡᠷᠢ ᠶᠢᠨ ᠱᠠᠩ ᠪᠠᠭᠤᠯᠭᠠᠵᠤ ᠪᠤᠷᠳᠤᠭᠤᠷ ᠤᠷᠤᠭᠤᠯᠬᠤ ᠮᠠᠰᠢᠨ᠂ ᠰᠢᠨᠵᠢᠶᠠᠩ ᠤᠨ ᠨᠦᠩ ᠭᠧᠩ ᠲᠠᠷᠢᠶᠠᠨ ᠪᠦᠷᠭᠦᠭᠦᠯ ᠤᠨ ᠮᠠᠰᠢᠨ ᠤ ᠦᠢᠯᠡᠳᠪᠤᠷᠢ ᠶᠢᠨ ᠦᠢᠯᠡᠳᠪᠤᠷᠢᠯᠡᠭᠰᠡᠨ 3ZFX — 4 ᠭᠡᠯᠪᠡᠷᠢ ᠶᠢᠨ ᠱᠠᠩ ᠪᠠᠭᠤᠯᠭᠠᠨ ᠪᠤᠷᠳᠤᠭᠤᠷ ᠤᠷᠤᠭᠤᠯᠬᠤ ᠮᠠᠰᠢᠨ᠂ ᠹᠦᠵᠢᠶᠠᠨ ᠮᠤᠵᠢ ᠶᠢᠨ ᠲᠠᠷᠢᠶᠠᠯᠠᠩ ᠶᠢᠨ ᠰᠢᠨᠵᠢᠯᠡᠭᠦ ᠤᠬᠠᠭᠠᠨ ᠤ ᠭᠦᠷᠢᠶᠠᠯᠡᠩ ᠤᠨ ᠰᠤᠳᠤᠯᠤᠨ ᠡᠭᠦᠳᠦᠭᠰᠡᠨ 2UPD — 2 ᠭᠡᠯᠪᠡᠷᠢ ᠶᠢᠨ ᠤᠰᠤᠨ ᠲᠠᠷᠢᠶᠠᠨ ᠳᠤ ᠰᠢᠭᠡᠰᠦᠯᠢᠭ ᠡᠳ᠋ ᠴᠤᠨᠤᠠᠠᠯᠠᠨ ᠭᠦᠨ ᠤᠷᠤᠭᠤᠯᠬᠤ ᠮᠠᠰᠢᠨ ᠵᠡᠷᠭᠡ ᠪᠤᠢ᠃ ᠭᠠᠷ ᠭᠦᠳᠡᠯᠭᠡᠭᠦᠷᠳᠤ ᠮᠠᠰᠢᠨ ᠳᠤ ᠵᠢᠶᠠᠩᠰᠤ ᠮᠤᠵᠢ ᠶᠢᠨ ᠭᠤᠤ ᠶᠢᠤ ᠲᠠᠷᠢᠶᠠᠯᠠᠩ ᠤᠨ ᠮᠠᠰᠢᠨ ᠤ ᠺᠤᠮᠫᠠᠨᠢ ᠶᠢᠨ ᠦᠢᠯᠡᠳᠪᠤᠷᠢᠯᠡᠭᠰᠡᠨ 2BF — 1D ᠭᠡᠯᠪᠡᠷᠢ ᠶᠢᠨ ᠬᠠᠭᠤᠷᠠᠢ ᠲᠠᠷᠢᠶᠠᠨ ᠳᠤ ᠪᠤᠷᠳᠤᠭᠤᠷ ᠭᠦᠨ ᠤᠷᠤᠭᠤᠯᠬᠤ ᠮᠠᠰᠢᠨ ᠪᠠᠭᠠᠵᠢ᠂ ᠬᠤᠪᠸᠢ ᠮᠤᠵᠢ ᠶᠢᠨ ᠵᠢᠢ ᠮᠧᠨ ᠬᠤᠳᠠ ᠶᠢᠨ ᠲᠢᠶᠠᠨ ᠷᠧᠨ ᠭᠦᠭᠵᠢᠭᠦᠯᠦᠯᠳᠡ ᠶᠢᠨ ᠺᠤᠮᠫᠠᠨᠢ ᠶᠢᠨ ᠦᠢᠯᠡᠳᠪᠦᠷᠢᠯᠡᠭᠰᠡᠨ ᠲᠢᠶᠠᠨ ᠽᠦᠸᠧ ᠨᠡᠷᠡᠮᠵᠢᠳᠤ 2F-90 ᠭᠡᠯᠪᠡᠷᠢ ᠶᠢᠨ ᠭᠢᠮᠢ ᠶᠢᠨ ᠪᠤᠷᠳᠤᠭᠤᠷ ᠭᠦᠨ ᠤᠷᠤᠭᠤᠯᠬᠤ ᠮᠠᠰᠢᠨ ᠪᠠᠭᠠᠵᠢ᠂ ᠭᠠᠨᠰᠤ ᠮᠤᠵᠢ ᠶᠢᠨ ᠤᠯᠠᠨ ᠴᠢᠳᠠᠪᠤᠷᠢᠳᠤ ᠨᠦᠭᠦᠯᠳᠡ ᠪᠤᠷᠳᠤᠭᠤᠷ ᠤᠷᠤᠭᠤᠯᠬᠤ ᠫᠤᠤ ᠶᠢᠨ ᠺᠤᠮᠫᠠᠨᠢ ᠶᠢᠨ ᠦᠢᠯᠡᠳᠪᠤᠷᠢᠯᠡᠭᠰᠡᠨ LYJ ᠰᠢᠷᠢᠰ ᠨᠦᠭᠦᠯᠳᠡ ᠪᠤᠷᠳᠤᠭᠤᠷ ᠤᠷᠤᠭᠤᠯᠬᠤ ᠫᠤᠤ ᠵᠡᠷᠭᠡ ᠪᠤᠢ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号