1 —11 ᠳ᠋ᠦ᠋ᠭᠡᠷ ᠰᠠᠷ᠎ᠠ ᠳᠤ ᠣᠷᠳᠣᠰ ᠬᠤᠲᠠ ᠶᠢᠨ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠎ ᠢ ᠪᠦᠲᠦᠭᠡᠨ ᠪᠠᠶᠢᠭᠤᠯᠵᠤ ᠳᠠᠭᠤᠰᠤᠭᠰᠠᠨ ᠪᠠᠶᠢᠳᠠᠯ
ᠨᠡᠶᠢᠲᠡᠯᠡᠭᠰᠡᠨ ᠴᠠᠭ᠄
2015/12/30
      11 ᠳ᠋ᠦ᠋ᠭᠡᠷ ᠰᠠᠷ᠎ᠠ ᠪᠣᠯᠲᠠᠯ᠎ᠠ ᠣᠷᠳᠣᠰ ᠬᠤᠲᠠ ᠶᠢᠨ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠎ ᠨᠢ ᠨᠡᠶᠢᠲᠡ  577820 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠵᠢᠯ ᠤᠨ ᠲᠥᠯᠥᠪᠯᠡᠭᠡ ᠪᠠᠨ 138%᠎ ᠪᠠᠷ ᠪᠡᠶᠡᠯᠡᠭᠦᠯᠪᠡ᠃ ᠡᠭᠦᠨ ᠳᠤ᠄ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠳᠤ 250641 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠵᠢᠯ ᠤᠨ ᠲᠥᠯᠥᠪᠯᠡᠭᠡ ᠪᠠᠨ 152.9%᠎ ᠪᠠᠷ ᠪᠡᠶᠡᠯᠡᠭᠦᠯᠪᠡ︔ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠥᠪᠰᠢᠨ ᠤ ᠢᠨᠵᠧᠨᠧᠷᠢᠩ ᠳᠤ19241 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠵᠢᠯ ᠤᠨ ᠲᠥᠯᠥᠪᠯᠡᠭᠡ ᠎ ᠪᠠᠨ 109%᠎ ᠪᠠᠷ ᠪᠡᠶᠡᠯᠡᠭᠦᠯᠪᠡ︔ ᠭᠠᠴᠠᠭ᠎ᠠ ᠲᠣᠰᠬᠤᠨ ︵ᠲᠠᠯᠠᠪᠠᠢ︶᠎ ᠤ ᠵᠡᠭᠡᠯᠢ ᠭᠤᠳᠤᠮᠵᠢ ᠶᠢ ᠬᠠᠲᠠᠭᠤᠷᠠᠭᠤᠯᠬᠤ  ᠢᠨᠵᠧᠨᠧᠷᠢᠩ ᠳᠤ192955 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠵᠢᠯ ᠤᠨ ᠲᠥᠯᠥᠪᠯᠡᠭᠡ ᠪᠠᠨ 182%᠎ ᠢᠶᠠᠷ ᠪᠡᠶᠡᠯᠡᠭᠦᠯᠪᠡ︔ ᠭᠠᠴᠠᠭ᠎ᠠ ᠪᠦᠬᠦᠨ ᠳᠤ ᠴᠠᠬᠢᠯᠭᠠᠨ ᠨᠡᠪᠲᠡᠷᠡᠭᠦᠯᠬᠦ ᠵᠢᠴᠢ ᠬᠥᠳᠡᠭᠡ ᠲᠣᠰᠬᠤᠨ ᠤ ᠴᠠᠬᠢᠯᠭᠠᠨ ᠲᠣᠣᠷ ᠢ ᠥᠭᠡᠷᠡᠴᠢᠯᠡᠨ ᠰᠠᠶᠢᠵᠢᠷᠠᠭᠤᠯᠵᠤ ᠳᠡᠰ ᠳᠡᠪᠰᠢᠭᠦᠯᠬᠦ ᠢᠨᠵᠧᠨᠧᠷᠢᠩ ᠳᠤ 70940 ᠲᠦᠮᠡᠨ ᠲᠥᠭᠦᠷᠢᠭ ᠤᠨ ᠪᠡᠯᠡ  ᠣᠷᠣᠭᠤᠯᠵᠤ᠂ ᠵᠢᠯ ᠤᠨ ᠲᠥᠯᠥᠪᠯᠡᠭᠡ ᠪᠠᠨ 87.7%᠎ ᠪᠠᠷ ᠪᠡᠶᠡᠯᠡᠭᠦᠯᠪᠡ︔ ᠭᠠᠴᠠᠭ᠎ᠠ ᠪᠦᠬᠦᠨ ᠳᠤ ᠷᠠᠳᠢᠣ᠋ ᠲᠧᠯᠸᠢᠰ ᠨᠡᠪᠲᠡᠷᠡᠭᠦᠯᠬᠦ ᠢᠨᠵᠧᠨᠧᠷᠢᠩ ᠳᠤ 5471 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠵᠢᠯ ᠤᠨ ᠲᠥᠯᠥᠪᠯᠡᠭᠡ ᠎ ᠪᠠᠨ 80.3%᠎ ᠪᠠᠷ ᠪᠡᠶᠡᠯᠡᠭᠦᠯᠪᠡ︔ ᠰᠤᠷᠭᠠᠭᠤᠯᠢ ᠶᠢᠨ ᠰᠤᠷᠤᠭᠴᠢ ᠶᠢᠨ ᠪᠠᠶᠢᠷᠢ ᠶᠢᠨ ᠪᠦᠳᠦᠭᠡᠨ ᠪᠠᠶᠢᠭᠤᠯᠤᠯᠲᠠ ᠬᠢᠭᠡᠳ ᠠᠶᠤᠯ ᠦᠬᠡᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠳᠤ 6645 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠵᠢᠯ ᠤᠨ ᠲᠥᠯᠥᠪᠯᠡᠭᠡ ᠪᠠᠨ 87.4%᠎ ᠪᠠᠷ ᠪᠡᠶᠡᠯᠡᠭᠦᠯᠪᠡ︔ ᠭᠠᠴᠠᠭ᠎ᠠ᠂ ᠲᠤᠰᠬᠤᠨ ᠤ ᠪᠠᠷᠢᠮᠵᠢᠶᠠᠵᠢᠭᠤᠯᠤᠭᠰᠠᠨ ᠡᠷᠡᠭᠦᠯ ᠬᠠᠮᠠᠭᠠᠯᠠᠯ ᠤᠨ ᠲᠠᠰᠤᠭ ᠤᠨ ᠢᠨᠵᠧᠨᠧᠷᠢᠩ ᠳᠤ 2294 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠵᠢᠯ ᠤᠨ ᠲᠥᠯᠥᠪᠯᠡᠭᠡ ᠪᠠᠨ 111.8%᠎ ᠪᠠᠷ ᠪᠡᠶᠡᠯᠡᠭᠦᠯᠪᠡ︔ ᠭᠠᠴᠠᠭ᠎ᠠ᠂ ᠲᠣᠰᠬᠤᠨ ᠤ ᠰᠣᠶᠣᠯ ᠤᠨ ᠠᠵᠢᠯᠯᠠᠭᠠᠨ ᠤ ᠲᠡᠰᠤᠬ ᠤᠨ ᠪᠦᠳᠦᠭᠡᠨ ᠪᠠᠶᠢᠭᠤᠯᠤᠯᠲᠠ ᠶᠢᠨ  ᠢᠨᠵᠧᠨᠧᠷᠢᠩ ᠳᠤ 4368 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠵᠢᠯ ᠤᠨ ᠲᠥᠯᠥᠪᠯᠡᠭᠡ ᠪᠠᠨ 137.2%᠎ ᠪᠠᠷ ᠪᠡᠶᠡᠯᠡᠭᠦᠯᠪᠡ︔ ᠠᠷᠠᠳ ᠲᠤ ᠳᠦᠭᠦᠮ ᠦᠵᠡᠭᠦᠯᠬᠦ ᠬᠡᠯᠬᠢᠶ᠎ᠡ ᠬᠡᠳᠦ ᠳᠡᠯᠭᠡᠭᠦᠷ ᠪᠣᠯᠤᠨ ᠲᠣᠬᠢᠷᠠᠭᠤᠯᠤᠨ ᠬᠦᠷᠭᠡᠬᠦ ᠲᠥᠪ ᠤᠨ ᠢᠨᠵᠧᠨᠧᠷᠢᠩ 1425 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠵᠢᠯ ᠤᠨ ᠲᠥᠯᠥᠪᠯᠡᠭᠡ ᠪᠠᠨ 71.3%᠎ ᠪᠠᠷ ᠪᠡᠶᠡᠯᠡᠭᠦᠯᠪᠡ︔ ᠮᠠᠯᠵᠢᠬᠤ ᠲᠠᠷᠢᠶᠠᠯᠠᠬᠤ ᠣᠷᠣᠨ  ᠤ ᠨᠡᠶᠢᠭᠡᠮ ᠤᠨ ᠪᠠᠲᠤᠯᠠᠭ᠎ᠠ ᠶᠢᠨ ᠢᠨᠵᠧᠨᠧᠷᠢᠩ ᠳᠤ 23840 ᠲᠦᠮᠡᠨ ᠲᠥᠭᠦᠷᠢᠭ ᠤᠨ ᠪᠡᠯᠡ  ᠣᠷᠣᠭᠤᠯᠵᠤ᠂ ᠵᠢᠯ ᠤᠨ ᠲᠥᠯᠥᠪᠯᠡᠭᠡ ᠪᠠᠨ 83.8%᠎ ᠪᠠᠷ ᠪᠡᠶᠡᠯᠡᠭᠦᠯᠪᠡ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号