ᠤᠯᠠᠭᠠᠨᠬᠠᠳᠠ ᠳᠡᠭᠡᠳᠦ ᠰᠤᠷᠭᠠᠭᠤᠯᠢ ᠵᠢᠯ ᠪᠦᠷᠢ 100 ᠲᠦᠮᠡᠨ ᠲᠥᠭᠦᠷᠢᠭ ᠰᠠᠯᠭᠠᠨ ᠥᠭᠴᠦ ᠰᠤᠷᠤᠭᠴᠢᠳ ᠤᠨ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠶᠢ ᠳᠡᠮᠵᠢᠪᠡ
ᠨᠡᠶᠢᠲᠡᠯᠡᠭᠰᠡᠨ ᠴᠠᠭ᠄
2015/12/30
     12 ᠳ᠋ᠤᠭᠠᠷ ᠰᠠᠷ᠎ᠠ ᠶᠢᠨ 26᠎ ᠤ ᠡᠳᠦᠷ᠂ ᠤᠯᠠᠭᠠᠨᠬᠠᠳᠠ ᠳᠡᠭᠡᠳᠦ ᠰᠤᠷᠭᠠᠭᠤᠯᠢ ᠭᠤᠷᠪᠠᠳᠤᠭᠠᠷ ᠬᠤᠭᠤᠴᠠᠭᠠᠨ ᠤ ᠵᠢᠭᠠᠨ ᠰᠤᠷᠭᠠᠬᠤ ᠠᠵᠢᠯ ᠤᠨ ᠬᠤᠷᠠᠯ ᠢ ᠬᠤᠷᠠᠯᠳᠤᠭᠤᠯᠪᠠ᠃ ᠬᠤᠶᠢᠰᠢᠳᠠ᠂ ᠤᠯᠠᠭᠠᠨᠬᠠᠳᠠ ᠳᠡᠭᠡᠳᠦ ᠰᠤᠷᠭᠠᠭᠤᠯᠢ ᠬᠡᠷᠡᠭᠯᠡᠭᠡᠨ ᠤ ᠴᠢᠳᠠᠪᠤᠷᠢᠲᠠᠨ ᠢ ᠬᠥᠮᠦᠵᠢᠭᠦᠯᠬᠦ ᠵᠠᠭᠪᠤᠷ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠠᠭᠠᠨᠬᠤᠲᠠ ᠬᠤᠳᠠ ᠶᠢᠨ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠲᠠᠢ ᠤᠶᠠᠯᠳᠤᠭᠤᠯᠤᠨ᠂ ᠰᠢᠨ᠎ᠡ ᠪᠠᠷ ᠬᠥᠭᠵᠢᠭᠰᠡᠨ ᠲᠤᠰᠬᠠᠶ ᠮᠡᠷᠭᠡᠵᠢᠯ ᠪᠠ ᠴᠢᠳᠠᠪᠤᠷᠢᠲᠠᠨ ᠬᠤᠪᠣᠷ ᠴᠤᠬᠠᠭ ᠪᠠᠶᠢᠭ᠎ᠠ ᠬᠡᠷᠡᠭᠯᠡᠭᠡᠨ ᠤ ᠬᠡᠯᠪᠡᠷᠢ ᠶᠢᠨ ᠲᠤᠰᠬᠠᠶ ᠮᠡᠷᠭᠡᠵᠢᠯ ᠢ ᠲᠥᠯᠥᠪᠯᠡᠭᠡ ᠲᠠᠢ ᠨᠡᠮᠡᠨ ᠪᠠᠶᠢᠭᠤᠯᠬᠤ ᠪᠣᠯᠣᠨ᠎ᠠ᠃ ᠡᠭᠦᠨ ᠠᠴᠠ ᠭᠠᠳᠠᠨ᠎ᠠ᠂ ᠪᠠᠰᠠ ᠠᠵᠤ ᠠᠬᠤᠶᠢᠯᠠᠯ ᠤᠨ ᠦᠢᠯᠡᠳᠦᠯᠭᠡ ᠶᠢᠨ ᠥᠩᠭᠡᠷᠡᠯᠲᠡ ᠪᠣᠯᠤᠨ ᠠᠵᠢᠯ ᠲᠥᠷᠥᠯ ᠤᠨ ᠠᠬᠤᠶ ᠪᠠᠶᠢᠳᠠᠯ ᠲᠠᠢ ︽ᠬᠤᠣᠰ ᠪᠠᠭᠰᠢ ᠶᠢᠨ ᠬᠡᠯᠪᠡᠷᠢ︾᠎ ᠶᠢᠨ ᠪᠠᠭᠰᠢ ᠶᠢ ᠭᠤᠣᠯᠳᠠᠯᠭ᠎ᠠ ᠲᠠᠢ ᠪᠠᠷ ᠬᠥᠮᠦᠵᠢᠭᠦᠯᠵᠦ᠂ ᠠᠳᠠᠯ ᠦᠢᠯᠡᠰ ᠴᠣᠭᠴᠠᠯᠠᠬᠤ ᠳᠡᠭᠡᠳᠦ ᠰᠤᠷᠭᠠᠭᠤᠯᠢ ᠵᠡᠷᠭᠡ ᠵᠣᠬᠢᠶᠠᠨ ᠪᠠᠶᠢᠭᠤᠯᠤᠯᠲᠠ ᠪᠠ ᠪᠠᠶᠢᠭᠤᠯᠤᠮᠵᠢ ᠶᠢ ᠪᠡᠯᠡᠳᠬᠡᠨ ᠪᠠᠶᠢᠭᠤᠯᠵᠤ᠂ ᠰᠤᠷᠤᠭᠴᠢᠳ ᠲᠤ ᠬᠠᠨᠳᠤᠭᠤᠯᠤᠨ ︽ᠤᠶᠤᠲᠠᠳ ᠤᠨ ᠠᠳᠠᠯ ᠦᠢᠯᠡᠰ ᠴᠣᠭᠴᠠᠯᠠᠬᠤ ᠰᠠᠭᠤᠷᠢ︾᠂ ︽ᠣᠶᠣᠲᠠᠳ ᠤᠨ ᠠᠵᠢᠯ ᠮᠡᠷᠭᠡᠵᠢᠯ ᠤᠨ ᠬᠥᠭᠵᠢᠯᠲᠡ ᠪᠣᠯᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠵᠢᠯᠤᠭᠤᠳᠤᠯᠭ᠎ᠠ︾ ᠭᠡᠬᠦ ᠵᠡᠷᠭᠡ ᠬᠢᠴᠢᠶᠡᠯ ᠤᠳ ᠢ ᠪᠠᠶᠢᠭᠤᠯᠬᠤ ᠪᠣᠯᠣᠨ᠎ᠠ᠃ ᠳᠡᠭᠡᠳᠦ ᠰᠤᠷᠭᠠᠭᠤᠯᠢ ᠵᠢᠯ ᠪᠦᠷᠢ ᠳᠤ 100 ᠲᠦᠮᠡᠨ ᠲᠥᠭᠦᠷᠢᠭ ᠤᠨ ᠲᠤᠰᠬᠠᠶ ᠵᠦᠢᠯ ᠤᠨ ᠵᠠᠷᠤᠳᠠᠯ ᠰᠠᠯᠭᠠᠨ ᠥᠭᠴᠦ ᠰᠤᠷᠤᠭᠴᠢᠳ ᠤᠨ ᠰᠢᠨ᠎ᠡ ᠶᠢ ᠡᠭᠦᠳᠬᠦ ᠰᠤᠷᠭᠠᠨ ᠬᠥᠮᠦᠵᠢᠯ ᠤᠨ ᠲᠥᠷᠥᠯ ᠵᠦᠢᠯ ᠤᠨ ᠦᠢᠯᠡᠳᠦᠯᠭᠡ ᠶᠢ ᠳᠡᠮᠵᠢᠬᠦ ᠳᠤ ᠬᠡᠷᠡᠭᠯᠡᠵᠦ᠂ ᠰᠤᠷᠤᠭᠴᠢᠳ ᠤᠨ ᠠᠳᠠᠯ ᠦᠢᠯᠡᠰ ᠴᠣᠭᠴᠠᠯᠠᠬᠤ ᠳᠤᠷ᠎ᠠ ᠪᠠᠬ᠎ᠠ ᠶᠢ ᠬᠥᠭᠵᠢᠭᠡᠨ᠂ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠰᠤᠷᠭᠠᠨ ᠬᠥᠮᠦᠵᠢᠯ ᠢ ᠶᠠᠪᠤᠴᠠᠵᠢᠭᠤᠯᠵᠤ᠂ ᠬᠡᠪᠰᠢᠭᠦᠯᠬᠦ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号