ᠮᠠᠨᠵᠤᠤᠷ ᠤᠨ ᠬᠢᠯᠢ ᠶᠢᠨ ᠪᠣᠭᠤᠮᠲᠠ ︽ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠮᠡᠳᠡᠭᠡ ᠵᠠᠩᠬᠢ ᠶᠢ ᠬᠠᠮᠲᠤ | ᠪᠠᠷ ᠡᠳ᠋ᠯᠡᠬᠦ᠂ ᠬᠠᠮᠲᠤᠪᠡᠷ ᠬᠢᠨᠠᠯᠲᠠ ᠲᠠᠯᠪᠢᠬᠤ︾ ᠪᠠᠷ ᠠᠵᠢᠯ ᠤᠨ ᠭᠠᠷᠳᠠᠴᠠ ᠪᠠᠨ ᠪᠣᠯᠭᠠᠨ᠂ ︽ᠬᠠᠤᠯᠢ ᠶᠣᠰᠤᠭᠠᠷ | ᠪᠣᠭᠤᠮᠲᠠ ᠶᠢ ᠰᠠᠬᠢᠬᠤ᠂ ᠡᠬᠢ ᠪᠠᠶᠠᠯᠢᠭ ᠢ ᠬᠠᠮᠲᠤ ᠪᠠᠷ ᠬᠡᠷᠡᠭᠯᠡᠬᠦ᠂ ᠨᠢᠭᠡᠳᠦᠯᠲᠡᠢ ᠵᠣᠬᠢᠴᠠᠭᠤᠯᠬᠤ᠂ ᠬᠠᠮᠲᠤᠷᠠᠯᠴᠠᠵᠤ | ᠬᠠᠮᠲᠤ ᠪᠠᠷ ᠠᠰᠢᠭ ᠬᠦᠷᠳᠡᠬᠦ︾ ᠵᠠᠷᠴᠢᠮ ᠢ ᠪᠠᠷᠢᠮᠳᠠᠯᠠᠨ ᠬᠢᠯᠢ ᠶᠢᠨ ᠪᠣᠭᠤᠮᠲᠠ ᠶᠢᠨ ᠪᠠᠶᠢᠴᠠᠭᠠᠯᠲᠠ ᠶᠢᠨ | ᠬᠠᠮᠲᠤᠷᠠᠯᠴᠠᠭᠠᠨ ᠤ ︽ᠨᠢᠭᠡ ᠯᠠ ᠳᠡᠭᠡᠷ᠎ᠡ ᠭᠤᠶᠤᠴᠢᠯᠠᠬᠤ᠂ ᠨᠢᠭᠡ ᠯᠠ ᠳᠡᠭᠡᠷ᠎ᠡ ᠪᠠᠶᠢᠴᠠᠭᠠᠬᠤ᠂ ᠨᠢᠭᠡ ᠯᠠ ᠳᠡᠭᠡᠷ᠎ᠡ | ᠦᠩᠭᠡᠷᠭᠡᠬᠦ︾ ᠦᠭᠡᠷᠡᠴᠢᠯᠡᠯᠲᠡ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠪᠣᠭᠤᠮᠲᠠ ᠪᠠᠷ ᠲᠦᠷᠭᠡᠨ ᠥᠩᠭᠡᠷᠡᠭᠦᠯᠬᠦ | ᠪᠠᠶᠢᠭᠤᠯᠤᠯᠲᠠ ᠶᠢ ᠦᠨᠡᠨᠬᠦ ᠲᠦᠯᠬᠢᠨ ᠠᠬᠢᠭᠤᠯᠵᠤ᠂ ᠢᠳᠡᠪᠬᠢᠲᠡᠢ ᠦᠷ᠎ᠡ ᠪᠦᠲᠦᠮᠵᠢ ᠣᠯᠪᠠ᠃ | ᠲᠤᠰ ᠪᠣᠭᠤᠮᠲᠠ ᠨᠢ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠰᠠᠯᠠᠭ᠎ᠠ ᠮᠦᠴᠢᠷ ᠯᠦᠭᠡ ᠬᠤᠶᠠᠷ | ᠲᠠᠯ᠎ᠠ ᠶᠢᠨ ᠲᠤᠰ ᠲᠤᠰ ᠤᠨ ᠬᠠᠷᠢᠭᠤᠴᠠᠯᠭ᠎ᠠ ᠪᠣᠯᠤᠨ ᠲᠦᠷᠦᠯ ᠵᠦᠢᠯ ᠢ ᠲᠦᠯᠬᠢᠨ ᠠᠬᠢᠭᠤᠯᠬᠤ ᠴᠠᠭ ᠤᠨ | ᠬᠦᠰᠦᠨᠦᠭᠲᠦ ᠪᠠᠨ ᠲᠣᠳᠤᠷᠬᠠᠶᠢᠯᠠᠵᠤ᠂ ᠭᠠᠳᠠᠭᠠᠳᠤ ᠠᠴᠠ ᠣᠷᠤᠭᠤᠯᠬᠤ ᠮᠣᠳᠤᠨ ᠮᠠᠲ᠋ᠧᠷᠢᠶᠠᠯ ᠢ ᠪᠣᠭᠤᠮᠲᠠ ᠪᠠᠷ | ᠦᠩᠭᠡᠷᠡᠬᠦ ᠪᠦᠲᠦᠮᠵᠢ ᠶᠢ ᠳᠡᠭᠡᠭᠰᠢᠯᠡᠭᠦᠯᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠭᠰᠡᠨ ᠰᠠᠭᠤᠷᠢᠨ ᠳᠡᠭᠡᠷ᠎ᠡ | ᠳᠠᠭᠤᠷᠢᠶᠠᠵᠤ ᠪᠣᠯᠬᠤ ᠳᠡᠯᠭᠡᠷᠡᠭᠦᠯᠵᠦ ᠪᠣᠯᠬᠤ ︽ᠮᠡᠳᠡᠭᠡ ᠵᠠᠩᠬᠢ ᠪᠠᠨ ᠬᠠᠷᠢᠯᠴᠠᠨ ᠰᠣᠯᠢᠯᠴᠠᠬᠤ᠂ ᠬᠢᠨᠠᠯᠲᠠ | ᠬᠠᠮᠢᠶᠠᠷᠤᠯᠲᠠ ᠪᠠᠨ ᠬᠠᠷᠢᠯᠴᠠᠨ ᠮᠡᠳᠡᠷᠡᠬᠦ᠂ ᠬᠠᠤᠯᠢ ᠬᠡᠷᠡᠭᠵᠢᠭᠦᠯᠬᠦ ᠪᠠᠨ ᠬᠠᠷᠢᠯᠴᠠᠨ ᠬᠠᠪᠰᠤᠷᠤᠯᠴᠠᠬᠤ︾ | ᠬᠠᠮᠲᠤᠷᠠᠯᠴᠠᠭᠠᠨ ᠤ ᠲᠤᠷᠰᠢᠯᠭ᠎ᠠ ᠶᠢ ᠬᠠᠶᠢᠨ ᠰᠦᠪᠡᠭᠴᠢᠯᠡᠵᠦ ᠪᠠᠶᠢᠨ᠎ᠠ᠃ ᠰᠢᠯᠭᠠᠨ ᠪᠠᠶᠢᠴᠠᠭᠠᠬᠤ ᠬᠢᠵᠢᠭ | ᠪᠠᠶᠢᠴᠠᠭᠠᠬᠤ ᠰᠠᠯᠠᠭ᠎ᠠ ᠮᠦᠴᠢᠷ ᠤᠨ ᠬᠢᠨ ᠲᠠᠢ ᠢᠳᠡᠪᠬᠢᠲᠡᠢ ᠨᠡᠪᠲᠡᠷᠡᠯᠴᠡᠨ᠂ ᠲᠤᠬᠠᠶᠢᠯᠠᠭᠰᠠᠨ ᠠᠵᠢᠯ ᠤᠨ | ᠲᠤᠬᠠᠢ ᠶᠢᠨ ᠲᠠᠯᠠᠪᠠᠢ ᠳᠤ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶᠠᠨ ᠤ ᠮᠣᠳᠣ ᠬᠡᠮᠵᠢᠬᠦ | ᠰᠢᠰᠲ᠋ᠧᠮ ᠤᠨ ᠳᠥᠷᠪᠡᠨ ᠬᠡᠮᠵᠢᠭᠦᠷ ᠤᠭᠰᠠᠷᠠᠨ᠂ ᠲᠤᠰ ᠰᠢᠰᠲ᠋ᠧᠮ ᠢᠶᠠᠷ ᠳᠠᠮᠵᠢᠭᠤᠯᠤᠨ ᠬᠢᠯᠢ ᠶᠢᠨ ᠪᠣᠭᠤᠮᠲᠠ ᠨᠢ | ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶᠠᠨ ᠤ ᠬᠡᠮᠵᠢᠨ ᠪᠠᠶᠢᠴᠠᠭᠠᠭᠰᠠᠨ ᠬᠠᠭᠤᠳᠠᠰᠤ ᠦᠭᠡᠢ ᠮᠣᠳᠤᠨ | ᠮᠠᠲ᠋ᠧᠷᠢᠶᠠᠯ ᠤᠨ ᠬᠡᠮᠵᠢᠯᠲᠡ ᠶᠢᠨ ᠲᠤᠭ᠎ᠠ ᠪᠠᠷᠢᠮᠳᠠ ᠶᠢ ᠪᠠᠶᠢᠴᠠᠭᠠᠨ ᠯᠠᠪᠯᠠᠵᠤ ᠳᠡᠶᠢᠯᠬᠦ ᠪᠣᠯᠵᠤ᠂ ᠬᠢᠯᠢ ᠶᠢᠨ ᠪᠣᠭᠤᠮᠲᠠ | ᠬᠢᠭᠡᠳ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ ᠨᠢ ᠭᠠᠳᠠᠭᠠᠳᠤ ᠠᠴᠠ ᠣᠷᠤᠭᠤᠯᠤᠭᠰᠠᠨ ᠮᠣᠳᠣᠨ | ᠮᠠᠲ᠋ᠧᠷᠢᠶᠠᠯ ᠤᠨ ᠬᠡᠮᠵᠢᠯᠲᠡ ᠶᠢᠨ ᠲᠤᠭ᠎ᠠ ᠪᠠᠷᠢᠮᠳᠠ ᠶᠢ ᠬᠠᠮᠲᠤ ᠪᠠᠷ ᠡᠳ᠋ᠯᠡᠬᠦ ᠶᠢ ᠠᠩᠬ᠎ᠠ ᠠᠯᠬᠤᠮ ᠪᠡᠶᠡᠯᠡᠭᠦᠯᠪᠡ᠃ | ᠪᠣᠭᠤᠮᠲᠠ ᠪᠠ ᠪᠠᠶᠢᠴᠠᠭᠠᠯᠲᠠ ᠶᠢᠨ ᠬᠠᠮᠲᠤᠷᠠᠯᠴᠠᠭᠠᠨ ᠤ ︽ᠨᠢᠭᠡ ᠯᠠ ᠳᠡᠭᠡᠷ᠎ᠡ ᠭᠤᠶᠤᠴᠢᠯᠠᠬᠤ᠂ ᠨᠢᠭᠡ ᠯᠠ | ᠳᠡᠭᠡᠷ᠎ᠡ ᠪᠠᠶᠢᠴᠠᠭᠠᠬᠤ᠂ ᠨᠢᠭᠡ ᠯᠠ ᠳᠡᠭᠡᠷ᠎ᠡ ᠦᠩᠭᠡᠷᠭᠡᠬᠦ︾ ᠪᠣᠭᠤᠮᠲᠠ ᠪᠠᠷ ᠦᠩᠭᠡᠷᠡᠬᠦ ᠦᠭᠡᠷᠡᠴᠢᠯᠡᠯᠲᠡ ᠬᠢᠭᠡᠳ ︽ | ᠨᠢᠭᠡ ᠪᠦᠰᠡ ᠨᠢᠭᠡ ᠵᠠᠮ︾ ᠤᠨ ᠪᠠᠶᠢᠭᠤᠯᠤᠯᠲᠠ ᠶᠢ ᠬᠠᠮᠲᠤ ᠳᠤᠨᠢ ᠲᠦᠯᠬᠢᠨ ᠠᠬᠢᠭᠤᠯᠵᠤ᠂ ᠰᠠᠯᠠᠭ᠎ᠠ ᠮᠦᠴᠢᠷ | ᠠᠯᠤᠰᠯᠠᠭᠰᠠᠨ ᠬᠠᠮᠲᠤᠷᠠᠯᠴᠠᠭ᠎ᠠ᠂ ᠭᠠᠵᠠᠷ ᠤᠷᠤᠨ ᠠᠯᠤᠰᠯᠠᠭᠰᠠᠨ ᠵᠣᠬᠢᠴᠠᠯᠳᠤᠭ᠎ᠠ᠂ ᠤᠯᠠᠨ ᠤᠯᠤᠰ ᠤᠨ | ᠬᠠᠮᠲᠤᠷᠠᠯᠴᠠᠭ᠎ᠠ ᠶᠢᠨ ᠭᠤᠷᠪᠠᠨ ᠬᠡᠮᠵᠢᠯ ᠢ ᠴᠢᠩᠭᠠᠷᠠᠭᠤᠯᠵᠤ᠂ ᠪᠦᠬᠦ ᠲᠠᠯᠠᠴᠢᠯᠠᠭᠰᠠᠨ᠂ ᠪᠡᠶᠡᠲᠦᠴᠢᠯᠡᠭᠰᠡᠨ᠂ | ᠰᠦᠯᠵᠢᠶᠡᠵᠢᠭᠦᠯᠦᠭᠰᠡᠨ ᠬᠠᠷᠢᠯᠴᠠᠨ ᠬᠤᠯᠪᠤᠭᠠᠯᠠᠨ ᠨᠡᠪᠲᠡᠷᠡᠯᠴᠡᠬᠦ ᠶᠢ ᠪᠣᠢ ᠪᠣᠯᠭᠠᠨ᠎ᠠ᠃ ᠤᠯᠠᠨ ᠤᠯᠤᠰ ᠤᠨ ᠲᠠᠯ᠎ᠠ | ᠪᠠᠷ᠂ ᠪᠣᠭᠤᠮᠲᠠ ᠶᠢᠨ ᠤᠷᠤᠨ ᠤ ᠬᠦᠴᠦᠨ ᠢ ᠠᠰᠢᠭᠯᠠᠨ ︽ᠳᠤᠮᠳᠠᠳᠤ ᠤᠯᠤᠰ ᠪᠠ ᠧᠦ᠋ᠷᠣᠫᠠ ᠲᠢᠪ︾ ᠤᠨ | ᠡᠭᠡᠯᠵᠢ ᠶᠢᠨ ᠭᠠᠯᠲᠤ ᠲᠡᠷᠭᠡ ᠶᠢᠨ ᠵᠠᠮ ᠳᠠᠭᠠᠤ ᠤᠯᠤᠰ ᠤᠨ ᠪᠣᠭᠤᠮᠲᠠ ᠶᠢᠨ ᠬᠠᠤᠯᠢ ᠬᠡᠷᠡᠭᠵᠢᠭᠦᠯᠬᠦ ᠪᠠᠶᠢᠭᠤᠯᠤᠮᠵᠢ | ᠲᠠᠢ ᠲᠤᠭᠳᠠᠴᠠᠵᠢᠭᠤᠯᠬᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠤᠯᠠᠨ ᠤᠯᠤᠰ ᠤᠨ ᠵᠣᠬᠢᠴᠠᠭᠤᠯᠬᠤ | ᠲᠣᠭᠲᠠᠴᠠ ᠶᠢ ᠪᠠᠶᠢᠭᠤᠯᠬᠤ ᠪᠠᠷ ᠳᠠᠮᠵᠢᠨ᠂ ᠲᠤᠰ ᠲᠤᠰ ᠤᠨ ᠬᠠᠮᠲᠤᠷᠠᠯᠴᠠᠭᠠᠨ ᠤ ︽ᠬᠠᠮᠤᠭ ᠶᠡᠭᠡ ᠶᠡᠷᠦᠩᠬᠡᠢ | ᠬᠤᠷᠢᠶᠠᠭᠴᠢ ᠲᠤᠭ᠎ᠠ︾ ᠶᠢ ᠡᠷᠢᠵᠦ ᠣᠯᠤᠨ᠎ᠠ᠃ ᠤᠯᠤᠰ ᠤᠨ ᠳᠣᠲᠤᠭᠠᠳᠤ ᠶᠢᠨ ᠲᠠᠯ᠎ᠠ ᠪᠠᠷ᠂ ︽ᠳᠠᠩ ᠭᠠᠭᠴᠠ | ᠴᠣᠩᠬᠤᠪᠴᠢ︾ ᠪᠠᠷ ᠪᠣᠷᠣ ᠲᠥᠯᠥᠪ ᠪᠣᠯᠭᠠᠭᠰᠠᠨ ᠪᠣᠭᠤᠮᠲᠠ ᠶᠢᠨ ᠬᠠᠮᠢᠶᠠᠷᠤᠯᠲᠠ ᠶᠢᠨ ᠲᠤᠭᠳᠠᠴᠠᠵᠢᠭᠤᠯᠬᠤ | ᠬᠠᠮᠲᠤᠷᠠᠯᠴᠠᠭ᠎ᠠ ᠶᠢ ᠲᠦᠯᠬᠢᠨ ᠠᠬᠢᠭᠤᠯᠵᠤ᠂ ᠡᠯᠧᠺᠲᠷᠣᠨ ᠪᠣᠭᠤᠮᠲᠠ ᠶᠢᠨ ᠪᠠᠶᠢᠭᠤᠯᠤᠯᠲᠠ ᠶᠢ ᠬᠠᠮᠲᠤ ᠶᠢᠨ | ᠪᠣᠭᠤᠮᠲᠠ ᠶᠢᠨ ᠬᠠᠮᠢᠶᠠᠷᠤᠯᠲᠠ ᠶᠢᠨ ᠬᠠᠮᠲᠤ ᠪᠠᠷ ᠡᠳ᠋ᠯᠡᠬᠦ ᠲᠠᠪᠴᠠᠩ ᠪᠣᠯᠭᠠᠵᠤ᠂ ᠪᠣᠭᠤᠮᠲᠠ ᠶᠢᠨ ᠬᠠᠮᠢᠠᠶ᠋ᠷᠤᠯᠲᠠ ᠶᠢᠨ | ᠬᠠᠮᠢᠶ᠎ᠠ ᠪᠦᠬᠦᠢ ᠰᠠᠯᠠᠠᠭᠠ ᠮᠦᠴᠢᠷ ᠤᠨ ᠬᠥᠨᠳᠡᠯᠡᠨ ᠬᠤᠯᠪᠣᠭ᠎ᠠ ᠶᠢ ᠲᠦᠯᠬᠢᠨ ᠠᠬᠢᠭᠤᠯᠵᠤ᠂ ︽ᠨᠢᠭᠡ ᠯᠠ ᠳᠡᠭᠡᠷ᠎ᠡ | ᠬᠦᠯᠢᠶᠡᠨ ᠠᠪᠴᠤ ᠭᠦᠢᠴᠡᠳᠬᠡᠬᠦ︾ ᠪᠠ ︽ᠨᠢᠭᠡᠯᠡ ᠴᠣᠩᠬᠤ ᠪᠠᠷ ᠭᠠᠳᠠᠭᠠᠳᠤ ᠳᠤ ᠬᠠᠨᠳᠤᠬᠤ︾ ᠰᠢᠨᠵᠢᠯᠡᠬᠦ | ᠤᠬᠠᠭᠠᠨᠴᠢ ᠵᠠᠭᠪᠤᠷ ᠤᠨ ᠶᠣᠰᠤᠭᠠᠷ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨᠠᠳᠠᠯᠢ | ᠲᠦᠷᠦᠯ ᠤᠨ ᠲᠤᠭ᠎ᠠ ᠪᠠᠷᠢᠮᠳᠠ ᠶᠢᠨ ᠵᠦᠢᠯ ᠢ ᠳᠠᠪᠬᠤᠷᠳᠠᠭᠤᠯᠤᠨ ᠰᠢᠩᠭᠡᠭᠡᠨ ᠣᠷᠣᠭᠤᠯᠬᠤ ᠪᠠ ᠨᠠᠰᠢ ᠴᠠᠰᠢ | ᠭᠦᠶᠦᠬᠦ ᠶᠢ ᠨᠢ ᠪᠠᠭᠠᠰᠬᠠᠨ᠎ᠠ᠃ ᠣᠳᠣᠬᠠᠨ ᠳᠤ᠂ ᠲᠤᠰ ᠬᠢᠯᠢ ᠶᠢᠨ ᠪᠣᠭᠤᠮᠲᠠ ᠨᠢ ᠰᠢᠯᠭᠠᠨ ᠪᠠᠶᠢᠴᠠᠭᠠᠬᠤ ᠬᠢᠵᠢᠭ | ᠪᠠᠶᠢᠴᠠᠭᠠᠬᠤ ᠲᠣᠪᠴᠢᠶ᠎ᠠ ᠲᠠᠢ ᠵᠦᠪᠳᠡᠯᠴᠡᠬᠦ ᠪᠠᠷ ᠳᠠᠮᠵᠢᠨ᠂ ︽ᠳᠤᠮᠳᠠᠳᠤ ᠤᠯᠤᠰ ᠪᠠ ᠧᠦ᠋ᠷᠣᠫᠠ ᠲᠢᠪ︾ ᠤᠨ | ᠪᠣᠴᠠᠬᠤ ᠡᠭᠡᠯᠵᠢ ᠶᠢᠨ ᠭᠠᠯᠲᠤ ᠲᠡᠷᠭᠡ ᠮᠣᠳᠣᠨ ᠬᠠᠪᠲᠠᠰᠤ ᠠᠴᠢᠶᠠᠯᠠᠨ ᠬᠢᠯᠢ ᠳᠤ ᠣᠷᠤᠬᠤ ᠳᠤ ᠰᠢᠭᠤᠳ | ᠨᠡᠪᠲᠡᠷᠡᠭᠦᠯᠦᠨ ᠦᠩᠭᠡᠷᠬᠡᠬᠦ ᠬᠡᠯᠪᠡᠷᠢ ᠶᠢ ᠪᠡᠶᠡᠯᠡᠭᠦᠯᠵᠦ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ | ᠨᠢ ᠮᠣᠳᠣᠨ ᠬᠠᠪᠲᠠᠰᠤ ᠠᠴᠢᠶᠠᠯᠠᠨ ᠬᠢᠯᠢ ᠳᠤ ᠣᠷᠤᠬᠤ ᠡᠭᠡᠯᠵᠢ ᠶᠢᠨ ᠭᠠᠯᠲᠤ ᠲᠡᠷᠭᠡᠨ ᠳᠤ ᠵᠦᠪᠬᠡᠨ ᠴᠥᠮ᠎ᠡ ᠶᠢᠨ | ᠰᠠᠴᠤᠷᠠᠭ ᠢᠶᠠᠷ ᠬᠢᠨᠠᠨ ᠬᠡᠮᠵᠢᠬᠦ᠂ ᠬᠢᠯᠢ ᠳᠤ ᠣᠷᠤᠬᠤ ᠪᠥᠭᠡᠮ ᠢᠶᠠᠷ ᠰᠠᠪᠠᠯᠠᠬᠤ ᠬᠠᠶᠢᠷᠴᠠᠭ ᠲᠤ ᠬᠢᠵᠢᠭ ᠪᠠᠶᠢᠴᠠᠭᠠᠬᠤ | ᠵᠢᠴᠢ ᠦᠩᠭᠡᠨ ᠲᠠᠯ᠎ᠠ ᠶᠢᠨ ᠬᠢᠵᠢᠭ ᠪᠠᠶᠢᠴᠠᠭᠠᠬᠤ ᠶᠢ ᠬᠡᠷᠡᠭᠵᠢᠭᠦᠯᠵᠦ᠂ ᠬᠢᠯᠢ ᠶᠢᠨ ᠪᠣᠭᠤᠮᠲᠠ ᠶᠢᠨ ᠪᠠᠶᠢᠴᠠᠭᠠᠯᠲᠠ | ᠬᠢᠬᠦ ᠳᠡᠭᠡᠨ ᠬᠠᠶᠢᠷᠴᠠᠭ ᠢ ᠪᠠᠭᠤᠯᠭᠠᠬᠤ᠂ ᠬᠠᠶᠢᠷᠴᠠᠭ ᠢ ᠨᠡᠬᠡᠬᠡᠬᠦ᠂ ᠬᠠᠶᠢᠷᠴᠠᠭ ᠢ ᠠᠭᠤᠳᠠᠯᠯᠠᠬᠤ ᠵᠡᠷᠭᠡ ᠠᠷᠭ᠎ᠠ | ᠮᠠᠶ᠋ᠢᠭ ᠢ ᠳᠠᠬᠢᠨ ᠬᠡᠷᠡᠭᠯᠡᠬᠦ ᠪᠠᠨ ᠪᠣᠯᠢᠵᠤ᠂ ᠡᠳ᠋ ᠪᠠᠷᠠᠭ᠎ᠠ ᠶᠢ ᠬᠢᠯᠢ ᠶᠢᠨ ᠪᠣᠭᠤᠮᠲᠠ ᠳᠤ ᠰᠠᠭᠠᠳᠠᠭᠠᠬᠤ ᠠᠴᠠ | ᠵᠠᠶᠢᠯᠠᠰᠬᠢᠵᠦ᠂ ᠪᠣᠭᠤᠮᠲᠠ ᠦᠩᠭᠡᠷᠡᠬᠦ ᠪᠦᠲᠦᠮᠵᠢ ᠶᠢ ᠪᠦᠲᠦᠮᠵᠢᠲᠡᠢ ᠳᠡᠭᠡᠭᠰᠢᠯᠡᠭᠦᠯᠪᠡ᠃ | ᠡᠭᠦᠨ ᠤ ᠬᠠᠮᠲᠤ᠂ ᠲᠤᠰ ᠬᠢᠯᠢ ᠶᠢᠨ ᠪᠣᠭᠤᠮᠲᠠ ᠨᠢ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠰᠠᠯᠠᠭ᠎ᠠ | ᠮᠦᠴᠢᠷ ᠲᠠᠢ ᠮᠡᠳᠡᠭᠡ ᠵᠠᠩᠬᠢ ᠶᠢ ᠰᠣᠯᠢᠯᠴᠠᠬᠤ ᠪᠠ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠪᠠᠨ ᠭᠦᠨᠵᠡᠭᠡᠶᠢᠷᠡᠭᠦᠯᠦᠨ᠂ | ᠬᠤᠶᠠᠷ ᠲᠠᠯ᠎ᠠ ᠪᠠᠷ ᠢᠶᠠᠨ ᠬᠠᠷᠢᠯᠴᠠᠬᠤ ᠬᠦᠮᠦᠨ ᠤ ᠲᠣᠭᠲᠠᠴᠠ ᠶᠢ ᠪᠠᠶᠢᠭᠤᠯᠤᠭᠰᠠᠨ ᠰᠠᠭᠤᠷᠢᠨ ᠳᠡᠭᠡᠷ᠎ᠡ᠂ ᠬᠠᠤᠯᠢ | ᠬᠡᠷᠡᠭᠵᠢᠭᠦᠯᠬᠦ ᠪᠠᠶᠢᠳᠠᠯ ᠪᠠ ᠲᠥᠭᠰᠢᠭᠦᠷᠢ ᠶᠢᠨ ᠮᠡᠳᠡᠭᠡ ᠵᠠᠩᠬᠢ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠬᠦ ᠪᠠᠷ | ᠴᠢᠷᠮᠠᠶᠢᠵᠤ᠂ ᠮᠣᠳᠣᠨ ᠮᠠᠲ᠋ᠧᠷᠢᠶᠠᠯ ᠤᠨ ᠬᠡᠮᠵᠢᠯᠲᠡ ᠶᠢᠨ ᠲᠤᠭ᠎ᠠ ᠪᠠᠷᠢᠮᠳᠠ ᠶᠢ ᠬᠠᠮᠲᠤ ᠡᠳ᠋ᠯᠡᠬᠦ ᠶᠢ ᠪᠡᠶᠡᠯᠡᠭᠦᠯᠦᠭᠰᠡᠨ | ᠰᠠᠭᠤᠷᠢᠨ ᠳᠡᠭᠡᠷ᠎ᠡ᠂ ᠡᠬᠢ ᠪᠠᠶᠠᠯᠢᠭ ᠢ ᠬᠢᠨᠠᠵᠤ ᠬᠠᠮᠢᠶᠠᠷᠬᠤ ᠶᠢ ᠬᠠᠮᠲᠤ ᠪᠠᠷ ᠡᠳ᠋ᠯᠡᠬᠦ ᠶᠢ ᠤᠯᠠᠮ ᠠᠬᠢᠭᠤᠯᠬᠤ ᠪᠠᠷ | ᠪᠠᠶᠢᠨ᠎ᠠ᠃ ᠰᠠᠴᠤᠷᠠᠭ ᠢᠶᠠᠷ ᠬᠠᠶᠢᠬᠤ᠂ ᠮᠠᠰᠢᠨ ᠢᠶᠠᠷ ᠪᠠᠶᠢᠴᠠᠭᠠᠬᠤ ᠪᠠ ᠠᠮᠤᠷ ᠲᠥᠪᠰᠢᠨ ᠤ ᠬᠠᠮᠠᠭᠠᠯᠠᠬᠤ ᠵᠡᠷᠭᠡ | ᠬᠢᠨᠠᠨ ᠬᠠᠮᠢᠶᠠᠷᠬᠤ ᠲᠦᠬᠦᠬᠡᠷᠦᠮᠵᠢ ᠶᠢ ᠬᠠᠮᠲᠤ ᠡᠳ᠋ᠯᠡᠵᠦ ᠬᠠᠷᠢᠯᠴᠠᠨ ᠬᠠᠪᠰᠤᠷᠤᠯᠴᠠᠬᠤ ᠪᠠᠨ ᠶᠡᠬᠡᠳᠬᠡᠵᠦ᠂ | ᠲᠦᠬᠦᠬᠡᠷᠦᠮᠵᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ᠂ ᠠᠶᠤᠯ ᠶᠡᠬᠡᠲᠡᠶ ᠲᠠᠸᠠᠷ ᠢ ᠢᠯᠭᠠᠨ ᠲᠠᠨᠢᠬᠤ᠂ ᠬᠤᠪᠢ | ᠬᠦᠮᠦᠨ ᠤ ᠠᠮᠤᠷ ᠲᠥᠪᠰᠢᠨ ᠢ ᠬᠠᠮᠠᠭᠠᠯᠠᠬᠤ ᠵᠡᠷᠭᠡ ᠲᠠᠯ᠎ᠠ ᠪᠠᠷ ᠮᠡᠳᠡᠭᠡ ᠵᠠᠩᠬᠢ ᠶᠢ ᠬᠠᠮᠲᠤ ᠪᠠᠷ ᠡᠳ᠋ᠯᠡᠬᠦ ᠪᠠ | ᠪᠣᠯᠪᠠᠰᠤᠷᠠᠭᠤᠯᠬᠤ ᠬᠠᠪᠰᠤᠷᠤᠯᠴᠠᠭ᠎ᠠ ᠪᠠᠨ ᠴᠢᠩᠭᠠᠳᠬᠠᠬᠤ ᠶᠢ ᠬᠠᠶᠢᠨ ᠰᠦᠪᠡᠭᠴᠢᠯᠡᠵᠦ᠂ ᠮᠠᠨᠵᠤᠤᠷ ᠤᠨ ᠲᠡᠮᠦᠷ | ᠵᠠᠮ ᠤᠨ ᠬᠢᠯᠢ ᠶᠢᠨ ᠪᠣᠭᠤᠮᠲᠠ ᠲᠠᠢ ᠬᠤᠯᠪᠤᠭᠠᠯᠠᠨ ᠰᠡᠷᠭᠡᠶᠢᠯᠡᠵᠦ ᠡᠵᠡᠮᠳᠡᠬᠦ ᠬᠢᠷᠢ ᠲᠥᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠬᠦ ᠪᠠᠷ ᠪᠠᠶᠢᠨ᠎ᠠ᠃ |