ᠬᠥᠯᠥᠨ ᠪᠤᠶᠢᠷ ᠬᠤᠲᠠ ᠶᠢᠨ ᠣᠷᠴᠣᠨ ᠤ ᠥᠪᠡᠷᠲᠡᠭᠡᠨ ᠵᠠᠰᠠᠬᠤ ᠬᠤᠰᠢᠭᠤ ︽ᠲᠠᠪᠤᠨ ᠵᠦᠢᠯ ᠤᠨ ᠠᠷᠭ᠎ᠠ ᠶᠢ ᠵᠡᠷᠭᠡ ᠪᠠᠷ ᠬᠡᠷᠡᠭᠯᠡᠵᠦ︾ ᠦᠨᠳᠦᠰᠦᠲᠡᠨ ᠤ ᠦᠭᠡ ᠬᠡᠯᠡ ᠦᠰᠦᠭ ᠪᠢᠴᠢᠭ ᠢᠶᠠᠨ ᠬᠥᠭᠵᠢᠭᠦᠯᠵᠦ ᠪᠤᠢ
ᠨᠡᠶᠢᠲᠡᠯᠡᠭᠰᠡᠨ ᠴᠠᠭ᠄
2015/12/4
     ᠬᠥᠯᠥᠨ ᠪᠤᠶᠢᠷ ᠬᠤᠲᠠ ᠶᠢᠨ ᠣᠷᠴᠣᠨ ᠤ ᠥᠪᠡᠷᠲᠡᠭᠡᠨ ᠵᠠᠰᠠᠬᠤ ᠬᠤᠰᠢᠭᠤ ᠣᠷᠴᠣᠨ ᠬᠡᠯᠡᠨ ᠤ ᠪᠤᠯᠤᠩ ᠡᠷᠬᠢᠯᠡᠵᠦ᠂ ᠡᠸᠧᠨ᠋ᠺᠢ ᠣᠷᠴᠣᠨ ᠠᠪᠢᠶᠠᠨ ᠤ ᠬᠠᠷᠢᠴᠠᠭᠤᠯᠤᠯ ᠲᠣᠯᠢ ᠶᠢ ᠵᠣᠬᠢᠶᠠᠬᠤ ᠳᠤ ᠣᠷᠣᠯᠴᠠᠵᠤ᠂ ᠣᠷᠴᠣᠨ ᠬᠡᠯᠡᠨ ᠤ ᠶᠠᠷᠢᠯᠴᠠᠭ᠎ᠠ ᠶᠢᠨ ᠺᠢᠨᠣ᠋ ᠣᠷᠴᠢᠭᠤᠯᠤᠨ ᠦᠢᠯᠡᠳᠴᠦ᠂ ᠤᠷᠠᠨ ᠶᠠᠷᠢᠶ᠎ᠠ ᠲᠠᠯᠪᠢᠬᠤ ᠬᠤᠷᠠᠯ ᠡᠷᠬᠢᠯᠡᠵᠦ᠂ ᠣᠷᠴᠣᠨ ᠬᠡᠯᠡ ᠰᠤᠷᠤᠯᠴᠠᠬᠤ ᠠᠩᠬᠢ ᠳᠤ ᠣᠷᠣᠯᠠᠬᠤ᠂ ᠲᠠᠪᠤᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠬᠦ ᠪᠠᠷ ᠳᠠᠮᠵᠢᠭᠤᠯᠤᠨ᠂ ᠦᠨᠳᠦᠰᠦᠲᠡᠨ ᠤ ᠬᠡᠯᠡᠨ ᠤ ᠰᠤᠷᠭᠠᠨ ᠬᠥᠮᠦᠵᠢᠯ ᠢ ᠢᠳᠡᠪᠬᠢᠲᠡᠶ ᠲᠦᠯᠬᠢᠨ ᠠᠬᠢᠭᠤᠯᠵᠤ᠂ ᠣᠷᠴᠣᠨ ᠦᠨᠳᠦᠰᠦᠲᠡᠨ ᠤ ᠪᠠᠨ ᠰᠣᠶᠣᠯ ᠤᠨ ᠣᠨᠴᠠᠯᠢᠭ ᠢᠶᠠᠨ ᠪᠠᠳᠠᠷᠠᠭᠤᠯᠵᠤ᠂ ᠲᠤᠰ ᠦᠨᠳᠦᠰᠦᠲᠡᠨ ᠤ ᠣᠷᠴᠣᠨ ᠬᠡᠯᠡ ᠪᠠᠨ ᠰᠤᠷᠤᠯᠴᠠᠬᠤ ᠶᠢ ᠠᠬᠢᠭᠤᠯᠬᠤ ᠳᠤ ᠰᠠᠶᠢᠨ ᠨᠥᠬᠦᠴᠡᠯ ᠪᠦᠷᠢᠳᠦᠭᠦᠯᠵᠦ᠂ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠬᠡᠷᠡᠭᠯᠡᠵᠦ ᠬᠥᠭᠵᠢᠭᠦᠯᠬᠦ ᠶᠢ ᠨᠡᠩ ᠰᠠᠶᠢᠨ ᠪᠠᠲᠤᠯᠠᠵᠠᠢ᠃      ᠨᠢᠭᠡ ᠳᠤ ︽ᠣᠷᠴᠣᠨ ᠬᠡᠯᠡ ᠶᠢ ᠬᠡᠯᠡᠵᠦ ᠰᠤᠷᠬᠤ︾ ᠪᠤᠯᠤᠩ ᠡᠷᠬᠢᠯᠡᠵᠦ᠂ ᠲᠤᠰᠬᠠᠶ ᠮᠡᠷᠭᠡᠵᠢᠯ ᠤᠨ ᠬᠥᠮᠥᠨ ᠢ ᠰᠣᠩᠭᠤᠨ ᠣᠷᠴᠣᠨ ᠬᠡᠯᠡᠨ ᠤ ᠪᠠᠭᠰᠢ ᠶᠢᠨ ᠲᠤᠰᠢᠶᠠᠯ ᠳᠤ ᠲᠣᠮᠢᠯᠠᠭᠰᠠᠨ ᠪᠥᠭᠡᠳ ᠪᠤᠯᠤᠩ ᠤᠨ ᠨᠠᠶᠢᠷᠠᠭᠤᠯᠬᠤ᠂ ᠰᠤᠷᠬᠤ ᠬᠢᠴᠢᠶᠡᠯ ᠤᠨ ᠫᠷᠣᠭ᠍ᠷᠠᠮ ᠢ ᠦᠢᠯᠡᠳᠬᠦ ᠵᠡᠷᠭᠡ ᠶᠢ ᠬᠠᠷᠢᠴᠠᠭᠤᠯᠵᠤ᠂ ᠪᠤᠯᠤᠩ ᠢ ᠭᠠᠷᠠᠭ ᠪᠦᠷᠢ ᠨᠢᠭᠡ ᠤᠳᠠᠭ᠎ᠠ ᠰᠢᠨᠡᠳᠬᠡᠵᠦ᠂ ᠲᠤᠰ ᠦᠨᠳᠦᠰᠦᠲᠡᠨ ᠤ ᠣᠷᠴᠣᠨ ᠬᠡᠯᠡ ᠪᠠᠷ ᠨᠡᠩ ᠰᠠᠶᠢᠨ ᠰᠤᠷᠤᠯᠴᠠᠬᠤ ᠳᠤ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠵᠦ ᠥᠭᠴᠡᠢ᠃      ᠬᠤᠶᠠᠷ ᠲᠤ ᠡᠸᠧᠨ᠋ᠺᠢ ᠣᠷᠴᠣᠨ ᠠᠪᠢᠶᠠᠨ ᠤ ᠬᠠᠷᠢᠴᠠᠭᠤᠯᠤᠯ ᠲᠣᠯᠢ ᠪᠢᠴᠢᠭ ᠢ ᠵᠣᠬᠢᠶᠠᠬᠤ ᠳᠤ ᠣᠷᠣᠯᠴᠠᠪᠠ᠃ ᠡᠨᠡ ᠬᠦ ᠠᠵᠢᠯ ᠢ ᠳᠤᠮᠳᠠᠳᠤ ᠤᠯᠤᠰ ᠤᠨ ᠦᠨᠳᠦᠰᠦᠲᠡᠨ ᠤ ᠮᠦᠽᠧᠢ᠂ ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠪᠣᠯᠤᠨ ᠣᠷᠣᠰ ᠤᠨ ᠠᠯᠤᠰ ᠳᠣᠷᠣᠨᠠᠲᠤ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠬᠠᠮᠲᠤᠷᠠᠯᠴᠠᠵᠤ᠂ ᠰᠢᠶᠠᠩᠭᠠᠩ ᠤᠨ ᠣᠷᠴᠣᠨ ᠰᠠᠭᠤᠷᠢ ᠮᠥᠩᠭᠦ ᠶᠢᠨ ᠨᠡᠶᠢᠭᠡᠮᠯᠢᠭ ᠪᠣᠯᠣᠨ ᠣᠷᠣᠰ ᠤᠨ ᠪᠯᠠᠭᠤᠸᠧᠱᠧᠨ᠋ᠰᠺ ᠤᠯᠤᠰ ᠤᠨ ᠶᠡᠭᠡ ᠰᠤᠷᠭᠠᠭᠤᠯᠢ ᠵᠡᠷᠭᠡ ᠨᠢᠭᠡᠴᠡ ᠶᠢᠨ ᠣᠷᠣᠯᠴᠠᠭᠰᠠᠨ ︽ᠳᠤᠮᠳᠠᠳᠤ ᠣᠷᠣᠰ ᠤᠨ ᠬᠢᠯᠢ ᠠᠯᠤᠰᠯᠠᠭᠰᠠᠨ ᠦᠨᠳᠦᠰᠦᠲᠡᠨ ᠤ ᠰᠣᠶᠣᠯ ᠢ ᠰᠤᠳᠤᠯᠬᠤ ᠰᠡᠳᠦᠪ︾ ᠪᠣᠯᠭᠠᠵᠠᠢ᠃ ᠣᠷᠴᠣᠨ ᠬᠡᠯᠡ ᠳᠤ ᠨᠡᠪᠲᠡᠷᠬᠡᠢ ᠪᠠᠭᠰᠢ ᠶᠢ ᠣᠷᠣᠰ ᠲᠤ ᠰᠣᠩᠭᠤᠨ ᠲᠣᠮᠢᠯᠠᠵᠤ ᠰᠢᠩᠭᠡᠭᠡᠨ ᠦᠢᠯᠡᠳᠬᠦ ᠠᠵᠢᠯ ᠳᠤ ᠣᠷᠣᠯᠴᠠᠭᠤᠯᠵᠤ᠂ ᠣᠷᠤᠰ ᠤᠨ ᠲᠠᠯ᠎ᠠ ᠠᠴᠠ ᠬᠤᠯᠪᠣᠭᠳᠠᠯ ᠪᠦᠬᠦᠢ ᠲᠧᠭᠨᠢᠭ ᠮᠡᠷᠭᠡᠵᠢᠯ ᠤᠨ ᠲᠥᠬᠦᠭᠡᠷᠦᠮᠵᠢ ᠵᠢᠴᠢ ᠬᠡᠪᠯᠡᠨ ᠲᠠᠷᠬᠠᠭᠠᠬᠤ ᠳᠡᠮᠵᠢᠯᠭᠡ ᠦᠵᠡᠭᠦᠯᠵᠦ᠂ ᠥᠪᠡᠷᠲᠡᠭᠡᠨ ᠵᠠᠰᠠᠬᠤ ᠬᠤᠰᠢᠭᠤᠨ ᠤ ᠦᠨᠳᠦᠰᠦᠲᠡᠨ ᠤ ᠬᠡᠯᠡᠨ ᠤ ᠰᠤᠷᠭᠠᠨ ᠬᠥᠮᠦᠵᠢᠯ ᠢ ᠥᠷᠨᠢᠭᠦᠯᠬᠦ ᠳᠤ ᠢᠳᠡᠪᠬᠢᠲᠡᠶ ᠲᠦᠯᠬᠢᠴᠡ ᠦᠢᠯᠡᠳᠦᠯ ᠦᠵᠡᠭᠦᠯᠵᠡᠶ᠃      ᠭᠤᠷᠪᠠ ᠳᠤ ᠺᠢᠨᠣ᠋ ︽ᠠᠸᠠᠲᠷ︾᠎ ᠤᠨ ᠶᠠᠷᠢᠯᠴᠠᠭ᠎ᠠ ᠶᠢ ᠣᠷᠴᠣᠨ ᠬᠡᠯᠡ ᠪᠠᠷ ᠣᠷᠴᠢᠭᠤᠯᠤᠨ ᠦᠢᠯᠡᠳᠴᠦ᠂ ᠦᠨᠳᠦᠰᠦᠲᠡᠨ ᠤ ᠰᠤᠳᠤᠯᠬᠤ ᠭᠠᠵᠠᠷ ᠠᠴᠠ ᠺᠢᠨᠣ᠋ ᠶᠢ ᠬᠢᠲᠠᠳ ᠬᠡᠯᠡ ᠠᠴᠠ ᠣᠷᠴᠣᠨ ᠬᠡᠯᠡᠨ ᠳᠤ ᠣᠷᠴᠢᠭᠤᠯᠤᠨ ᠦᠢᠯᠡᠳᠬᠦ ᠶᠢ ᠬᠠᠷᠢᠭᠤᠴᠠᠵᠤ᠂ ᠬᠤᠰᠢᠭᠤᠨ ᠤ ᠲᠧᠯᠸᠢᠰ ᠬᠤᠷᠢᠶ᠎ᠠ ᠰᠢᠩᠭᠡᠭᠡᠨ ᠦᠢᠯᠡᠳᠬᠦ ᠠᠵᠢᠯ ᠢ ᠬᠠᠷᠢᠭᠤᠴᠠᠵᠤ᠂ ᠬᠠᠭᠠᠰ ᠰᠠᠷ᠎ᠠ ᠶᠢᠨ ᠲᠣᠲᠣᠷ᠎ᠠ ᠡᠨᠡ ᠠᠵᠢᠯ ᠢ ᠬᠠᠮᠲᠤ ᠪᠠᠷ ᠪᠡᠶᠡᠯᠡᠭᠦᠯᠪᠡ᠃      ᠲᠦᠷᠪᠡ ᠳᠤ᠂ ︽ᠣᠷᠴᠣᠨ ᠦᠨᠳᠦᠰᠦᠲᠡᠨ ᠥᠪᠡᠷ ᠤᠨ ᠦᠯᠢᠭᠡᠷ ᠢᠶᠠᠨ ᠶᠠᠷᠢᠬᠤ︾ ᠤᠷᠠᠨ ᠶᠠᠷᠢᠶ᠎ᠠ ᠲᠠᠯᠪᠢᠬᠤ ᠬᠤᠷᠠᠯ ᠡᠷᠬᠢᠯᠡᠵᠦ᠂ 30 ᠭᠠᠷᠤᠶ ᠬᠥᠮᠦᠨ ᠡᠨᠡ ᠤᠳᠠᠭᠠᠨ ᠤ ᠤᠷᠠᠨ ᠶᠠᠷᠢᠶ᠎ᠠ ᠲᠠᠯᠪᠢᠬᠤ ᠳᠤ ᠣᠷᠣᠯᠴᠠᠵᠤ᠂ ᠦᠯᠢᠭᠡᠷ ᠶᠠᠷᠢᠬᠤ ᠪᠠᠷ ᠳᠠᠮᠵᠢᠭᠤᠯᠤᠨ ᠣᠷᠴᠣᠨ ᠦᠨᠳᠦᠰᠦᠲᠡᠨ ᠤ ᠦᠭᠡ ᠬᠡᠯᠡᠨ ᠤ ᠲᠠᠲᠠᠬᠤ ᠬᠦᠴᠦᠨ ᠢ ᠪᠦᠬᠦ ᠲᠠᠯ᠎ᠠ ᠪᠠᠷ᠂ ᠭᠦᠨ ᠳᠠᠪᠬᠤᠷᠭ᠎ᠠ ᠶᠢᠨ ᠲᠠᠯ᠎ᠠ ᠪᠠᠷ ᠦᠵᠡᠭᠦᠯᠵᠦ᠂ ᠣᠷᠴᠣᠨ ᠦᠨᠳᠦᠰᠦᠲᠡᠨ ᠤ ᠪᠠᠨ ᠰᠣᠶᠣᠯ ᠤᠨ ᠣᠨᠴᠠᠯᠢᠭ ᠢ ᠪᠠᠳᠠᠷᠠᠭᠤᠯᠪᠠ᠃      ᠲᠠᠪᠤ ᠳᠤ ᠨᠢᠭᠡ ᠭᠠᠷᠠᠭ ᠤᠨ ᠬᠤᠭᠤᠴᠠᠭ᠎ᠠ ᠲᠠᠢ ᠣᠷᠴᠣᠨ ᠬᠡᠯᠡ ᠰᠤᠷᠤᠯᠴᠠᠬᠤ ᠠᠩᠬᠢ ᠳᠤ ᠣᠷᠣᠯᠴᠠᠭᠤᠯᠵᠤ᠂ ᠣᠷᠴᠣᠨ ᠬᠡᠯᠡᠨ ᠤ ᠠᠪᠢᠶᠠᠯᠠᠬᠤ ᠪᠠ ᠣᠯᠠᠨ ᠤᠯᠤᠰ ᠤᠨ ᠭᠠᠯᠢᠭ ᠢᠶᠠᠷ ᠭᠠᠯᠢᠭᠯᠠᠬᠤ ᠵᠢᠴᠢ ᠡᠩ ᠤᠨ ᠬᠡᠷᠡᠭᠯᠡᠳᠡᠭ ᠦᠭᠡᠰ᠂ ᠥᠭᠦᠯᠡᠪᠦᠷᠢ ᠶᠢ ᠭᠦᠨᠵᠡᠭᠡᠶ ᠰᠤᠷᠤᠯᠴᠠᠭᠤᠯᠤᠭᠠᠳ᠂ ᠣᠷᠴᠣᠨ ᠬᠡᠯᠡ ᠪᠠᠷ ᠵᠢᠭᠠᠨ ᠰᠤᠷᠭᠠᠬᠤ ᠤᠨᠤᠯ ᠤᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠶᠢᠰᠢᠳᠠ ᠣᠷᠴᠣᠨ ᠬᠡᠯᠡᠨ ᠤ ᠰᠤᠳᠤᠯᠤᠯ ᠪᠠ ᠵᠢᠭᠠᠨ ᠰᠤᠷᠭᠠᠬᠤ ᠶᠢ ᠥᠷᠨᠢᠭᠦᠯᠬᠦ ᠳᠤ ᠮᠠᠰᠢ ᠶᠡᠭᠡ ᠬᠠᠪᠰᠤᠷᠤᠯᠲᠠ ᠶᠢ ᠦᠵᠡᠭᠦᠯᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号