ᠤᠯᠠᠭᠠᠨᠴᠠᠪ ᠬᠤᠲᠠ ᠶᠢᠨ ᠲᠣᠯᠣᠭᠠᠶᠢᠯᠠᠭᠴᠢ ᠠᠵᠤ ᠠᠬᠤᠶᠢᠯᠠᠯ ᠢ ᠮᠠᠯᠴᠢᠨ ᠲᠠᠷᠢᠶᠠᠴᠢᠨ ᠤ ᠠᠰᠢᠭ ᠲᠤᠰᠠ ᠲᠠᠢ ᠬᠤᠯᠪᠣᠬᠤ ᠲᠣᠭᠲᠠᠴᠠ ᠶᠢᠨ ᠪᠠᠶᠢᠭᠤᠯᠤᠯᠲᠠ ᠢᠯᠡᠳᠲᠡ ᠠᠮᠵᠢᠯᠲᠠ ᠪᠦᠲᠦᠮᠵᠢ ᠣᠯᠪᠠ
ᠨᠡᠶᠢᠲᠡᠯᠡᠭᠰᠡᠨ ᠴᠠᠭ᠄
2015/12/7
     ᠥᠪᠡᠷᠲᠡᠭᠡᠨ ᠵᠠᠰᠠᠬᠤ ᠣᠷᠣᠨ ᠲᠣᠯᠣᠭᠠᠶᠢᠯᠠᠭᠴᠢ ᠠᠵᠤ ᠠᠬᠤᠶᠢᠯᠠᠯ ᠢ ᠮᠠᠯᠴᠢᠨ ᠲᠠᠷᠢᠶᠠᠴᠢᠨ ᠤ ᠠᠰᠢᠭ ᠲᠤᠰᠠ ᠲᠠᠢ ᠬᠤᠯᠪᠣᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠠᠵᠢᠯ ᠢ ᠲᠦᠯᠬᠢᠨ ᠠᠬᠢᠭᠤᠯᠬᠤ ᠶᠢ ᠳᠤᠷᠠᠳᠤᠭᠰᠠᠨ ᠠᠴᠠ ᠨᠠᠰᠢ᠂ ᠤᠯᠠᠭᠠᠨᠴᠠᠪ ᠬᠤᠲᠠ ᠨᠢ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠠᠴᠠ ᠪᠠᠨ ᠡᠭᠦᠰᠬᠦ ᠶᠢ ᠪᠠᠷᠢᠮᠲᠠᠯᠠᠨ᠂ ᠥᠷᠭᠡᠨ ᠤᠯᠠᠨ ᠮᠠᠯᠴᠢᠨ ᠲᠠᠷᠢᠶᠠᠴᠢᠨ ᠤ ᠠᠰᠢᠭ ᠲᠤᠰᠠ ᠶᠢ ᠬᠠᠮᠠᠭᠠᠯᠠᠬᠤ ᠪᠠᠷ ᠭᠤᠣᠯ ᠪᠣᠯᠭᠠᠨ᠂ ᠬᠡᠷᠡᠭᠵᠢᠭᠦᠯᠬᠦ ᠶᠢ ᠨᠡᠶᠢᠲᠡᠯᠡᠨ᠂ ᠤᠳᠤᠷᠢᠳᠬᠤ ᠳᠤᠭᠤᠶᠢᠯᠠᠩ ᠪᠠᠶᠢᠭᠤᠯᠵᠤ᠂ ᠡᠭᠦᠷᠭᠡ ᠶᠢ ᠵᠠᠳᠠᠯᠬᠤ ᠶᠢ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠭᠰᠠᠨ ᠤ ᠬᠠᠮᠲᠤ᠂ ᠤᠳᠤᠷᠢᠳᠤᠯᠭ᠎ᠠ ᠶᠢᠨ ᠬᠠᠷᠢᠴᠠᠬᠤ ᠪᠠ ᠲᠣᠭᠲᠠᠮᠠᠯ ᠬᠤᠭᠤᠴᠠᠭ᠎ᠠ ᠪᠠᠷ ᠬᠢᠨᠠᠨ ᠪᠠᠶᠢᠴᠠᠭᠠᠬᠤ ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠪᠠ᠃ ᠣᠯᠠᠨ ᠲᠠᠯ᠎ᠠ ᠶᠢᠨ ᠬᠢᠨ ᠤ ᠬᠠᠮᠲᠤ ᠶᠢᠨ ᠴᠢᠷᠮᠠᠶᠢᠯᠭ᠎ᠠ ᠳᠣᠣᠷ᠎ᠠ᠂ ᠣᠯᠠᠭᠠᠨᠴᠠᠪ ᠬᠤᠲᠠ ᠲᠥᠮᠥᠰᠥ᠂ ᠢᠳᠡᠰᠢᠨ ᠨᠣᠭᠤᠭ᠎ᠠ᠂ ᠭᠠᠭ᠋ᠠᠢ᠂ ᠳᠠᠬᠢᠶ᠎ᠠ ᠶᠢᠨ ᠮᠢᠬ᠎ᠠ᠂ ᠰᠦ᠂ ᠬᠤᠨᠢᠨ ᠮᠢᠬ᠎ᠠ ᠵᠡᠷᠭᠡ ᠠᠵᠤ ᠦᠢᠯᠡᠰ ᠤᠨ ᠲᠤᠭᠤᠷᠢᠨ ᠳᠤ ᠠᠵᠤ ᠦᠢᠯᠡᠰ ᠤᠨ ᠬᠤᠷᠰᠢᠶᠠᠵᠢᠯ ᠂ ᠭᠡᠷ ᠪᠦᠯᠢ ᠶᠢᠨ ᠮᠠᠯ ᠲᠠᠷᠢᠶᠠᠯᠠᠩ ᠤᠨ ᠲᠠᠯᠠᠪᠠᠢ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠤᠭᠴᠠ ᠶᠢ ᠲᠦᠷᠭᠡᠳᠬᠡᠨ ᠪᠣᠶᠢᠵᠢᠭᠤᠯᠵᠤ᠂ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ ᠪᠦᠷᠢᠨᠰᠢᠭᠦᠯᠵᠦ᠂ ᠬᠤᠪᠢ ᠣᠷᠣᠭᠤᠯᠣᠨ ᠬᠤᠷᠰᠢᠬᠤ᠂ ᠵᠠᠬᠢᠶᠠᠯᠠᠭ᠎ᠠ ᠪᠠᠷ ᠭᠡᠷ᠎ᠡ ᠲᠣᠭᠲᠠᠬᠤ᠂ ᠦᠨ᠎ᠡ ᠬᠠᠩᠰᠢ ᠬᠠᠮᠠᠭᠠᠯᠠᠬᠤ᠂ ᠦᠢᠯᠡᠴᠢᠯᠡᠭᠡᠨ ᠤ ᠬᠠᠮᠲᠤᠷᠠᠯᠴᠠᠭ᠎ᠠ ᠬᠢᠬᠦ᠂ ᠡᠷᠭᠢᠯᠳᠦᠭᠦᠯᠦᠨ ᠡᠯᠰᠡᠨ ᠬᠡᠷᠡᠭᠯᠡᠬᠦ ᠵᠠᠭᠪᠤᠷ ᠢ ᠬᠡᠷᠡᠭᠯᠡᠨ᠂ ᠲᠣᠯᠣᠭᠠᠶᠢᠯᠠᠭᠴᠢ ᠠᠵᠤ ᠠᠬᠤᠶᠢᠯᠠᠯ ᠢ ᠮᠠᠯᠴᠢᠨ ᠲᠠᠷᠢᠶᠠᠴᠢᠨ ᠤ ᠠᠰᠢᠭ ᠲᠤᠰᠠ ᠲᠠᠢ ᠬᠤᠯᠪᠣᠬᠤ ᠤᠷᠲᠤ ᠬᠤᠭᠤᠴᠠᠭᠠᠨ ᠤ ᠬᠦᠴᠦᠨ ᠪᠦᠬᠦᠢ ᠲᠤᠭᠲᠠᠴᠠ ᠶᠢ ᠲᠠᠰᠤᠷᠠᠯᠲᠠ ᠦᠭᠡᠢ ᠪᠠᠶᠢᠭᠤᠯᠤᠨ ᠪᠦᠷᠢᠨᠰᠢᠭᠦᠯᠵᠦ᠂ ᠪᠦᠬᠦ ᠬᠤᠲᠠ ᠳᠤ ᠠᠰᠢᠭ ᠲᠤᠰᠠ ᠶᠢ ᠬᠤᠯᠪᠣᠬᠤ ᠰᠠᠶᠢᠨ ᠲᠤᠭᠲᠠᠴᠠ ᠲᠠᠢ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠬᠦ ᠬᠦᠴᠦᠨ ᠴᠢᠳᠠᠪᠤᠷᠢ ᠲᠠᠢ ᠨᠢᠭᠡ ᠪᠦᠯᠦᠭ ᠲᠣᠯᠣᠭᠠᠶᠢᠯᠠᠭᠴᠢ ᠠᠵᠤ ᠠᠬᠤᠶᠢᠯᠠᠯ ᠴᠣᠯᠭᠤᠷᠠᠨ ᠭᠠᠷᠪᠠ᠃ ᠣᠳᠣᠬᠠᠨ ᠪᠣᠯᠬᠤ ᠳᠤ᠂ ᠵᠢᠯ ᠤᠨ ᠪᠣᠷᠤᠯᠠᠭᠤᠯᠭ᠎ᠠ ᠶᠢᠨ ᠣᠷᠣᠯᠭ᠎ᠠ ᠨᠢ 500 ᠲᠦᠮᠡ ᠠᠴᠠ ᠳᠡᠭᠡᠭᠰᠢᠬᠢ ᠲᠠᠷᠢᠬᠤ ᠲᠡᠵᠢᠭᠡᠬᠦ ᠡᠳᠡᠰᠢᠭᠦᠯᠬᠦ ᠠᠵᠤ ᠠᠬᠤᠶᠢᠯᠠᠯ 418᠎ ᠳᠤ ᠬᠦᠷᠴᠦ᠂ ᠠᠰᠢᠭ ᠲᠤᠰᠠ ᠲᠠᠢ ᠨᠢᠭᠲᠠ ᠬᠤᠯᠪᠣᠭᠠᠯᠠᠭᠰᠠᠨ ᠨᠤᠷᠮ᠎ᠠ 35%᠎ ᠳᠤ ᠬᠦᠷᠪᠡ᠂ 2013 ᠣᠨ ᠤ ᠬᠢ ᠠᠴᠠ 5 ᠵᠠᠭᠤᠨ ᠤ ᠴᠡᠭ ᠢᠶᠠᠷ ᠳᠡᠭᠡᠭᠰᠢᠯᠡᠵᠡᠢ︔ 80%᠎ ᠠᠴᠠ ᠳᠡᠭᠡᠭᠰᠢᠬᠢ ᠮᠠᠯᠵᠢᠬᠤ ᠲᠠᠷᠢᠶᠠᠯᠠᠬᠤ ᠡᠷᠦᠬᠡ ᠶᠢ ᠳᠠᠶᠢᠴᠢᠯᠠᠨ ᠠᠵᠤ ᠦᠢᠯᠡᠰᠵᠢᠭᠰᠡᠨ ᠡᠵᠡᠩᠨᠡᠯᠲᠡ ᠶᠢᠨ ᠬᠡᠯᠬᠢᠶᠡᠵᠢᠯ ᠳᠤ ᠣᠷᠣᠭᠤᠯᠵᠤ᠂ ᠮᠠᠯᠴᠢᠨ ᠲᠠᠷᠢᠶᠠᠴᠢᠳ ᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠬᠦ᠂ ᠡᠳᠡᠰᠢᠭᠦᠯᠬᠦ ᠪᠠ ᠭᠦᠢᠯᠭᠡᠭᠡᠨ ᠤ ᠭᠤᠭᠴᠤᠭ᠎ᠠ ᠶᠢᠨ ᠠᠰᠢᠭ ᠢ ᠬᠦᠷᠲᠡᠭᠡᠵᠦ᠂ ᠮᠠᠯᠴᠢᠨ ᠲᠠᠷᠢᠶᠠᠴᠢᠳ ᠤᠨ ᠬᠠᠮᠲᠤᠪᠠᠷ ᠪᠠᠶᠠᠵᠢᠬᠤ ᠬᠠᠷᠠᠯᠲᠠ ᠶᠢ ᠴᠢᠷᠮᠠᠶᠢᠨ ᠪᠡᠶᠡᠯᠡᠭᠦᠯᠵᠦ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号