ᠬᠥᠯᠥᠨ ᠪᠤᠶᠢᠷ ᠬᠤᠳᠠ ᠤᠯᠤᠰ ᠤᠨ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ | ᠢᠨᠵᠧᠨᠧᠷᠢᠩ᠂ ᠲᠡᠵᠢᠭᠡᠯ ᠡᠪᠡᠰᠦᠨ ᠤ ᠰᠠᠶᠢᠨ ᠦᠷ᠎ᠡ ᠶᠢᠨ ᠨᠥᠬᠦᠪᠥᠷᠢ ᠵᠢᠴᠢ ᠥᠨᠳᠥᠷ ᠬᠤᠷᠢᠶᠠᠯᠲᠠ ᠲᠠᠢ ᠴᠢᠨᠠᠷ | ᠰᠠᠶᠢᠲᠠᠶ ᠴᠠᠷᠭᠠᠰᠤᠨ ᠤ ᠵᠢᠱᠢᠶ᠎ᠡ ᠦᠵᠡᠭᠦᠯᠬᠦ ᠵᠡᠷᠭᠡ ᠢᠨᠵᠧᠨᠧᠷᠢᠩ ᠤᠨ ᠲᠦᠷᠦᠯ ᠵᠦᠢᠯ ᠢ ᠢᠳᠡᠪᠬᠢᠲᠡᠶ | ᠬᠡᠷᠡᠭᠵᠢᠬᠦᠯᠪᠡ᠃ ᠤᠳᠤ ᠪᠤᠯᠬᠤ ᠳᠤ᠂ ᠨᠤᠲᠤᠭ ᠪᠡᠯᠴᠢᠭᠡᠷ ᠤᠨ ᠠᠮᠢ ᠠᠬᠤᠶ ᠳᠤ ᠲᠤᠰᠠᠯᠠᠮᠵᠢ ᠱᠠᠩᠨᠠᠯ ᠤᠨ ᠪᠡᠯᠡ | ᠮᠥᠩᠭᠦ ᠶᠢ ᠨᠡᠶᠢᠲᠡ 26 ᠳ᠋ᠦᠩᠰᠢᠭᠤᠷ ᠲᠥᠭᠦᠷᠢᠭ ᠪᠤᠳᠠᠲᠠᠶᠢᠵᠢᠭᠤᠯᠵᠤ᠂ 11 ᠬᠤᠰᠢᠭᠤ ᠬᠤᠲᠠ ᠲᠣᠭᠤᠷᠢᠭ ᠲᠤ | ᠬᠡᠷᠡᠭᠵᠢᠭᠦᠯᠵᠦ᠂ ᠬᠡᠷᠡᠭᠵᠢᠬᠦᠯᠦᠭᠰᠡᠨ ᠶᠡᠷᠦᠩᠬᠡᠶ ᠲᠠᠯᠠᠪᠠᠶ ᠨᠢ 1.04 ᠳ᠋ᠦᠡᠭᠰᠢᠭᠤᠷ ᠮᠤ᠋ ᠳᠤ ᠬᠦᠷᠴᠦ᠂ 11 | ᠬᠤᠰᠢᠭᠤ ᠬᠤᠲᠠ ᠲᠣᠭᠤᠷᠢᠭ ᠤᠨ ᠠᠰᠢᠭᠯᠠᠵᠤ ᠪᠣᠯᠬᠤ ᠨᠤᠲᠤᠭ ᠪᠡᠯᠴᠢᠭᠡᠷ ᠤᠨ ᠲᠠᠯᠠᠪᠠᠶ ᠶᠢᠨ 77% ᠶᠢ | ᠡᠵᠡᠯᠡᠵᠤ᠂ ᠡᠭᠦᠨ ᠳᠤ ᠮᠠᠯᠵᠢᠬᠤ ᠳᠦᠷᠪᠡᠨ ᠬᠤᠰᠢᠭᠤ 8786 ᠲᠦᠮᠡᠨ ᠮᠦ ᠬᠡᠷᠡᠭᠵᠢᠭᠦᠯᠵᠦ᠂ ᠪᠦᠬᠦ ᠬᠤᠲᠠ ᠶᠢᠨ | ᠬᠡᠷᠡᠭᠵᠢᠭᠦᠯᠬᠦ ᠲᠠᠯᠠᠪᠠᠢ ᠶᠢᠨ 85% ᠶᠢ ᠡᠵᠡᠯᠡᠪᠡ᠃ ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢᠨ | ᠶᠡᠷᠦᠩᠬᠡᠶ ᠬᠡᠪᠴᠢᠶ᠎ᠡ ᠶᠢᠨ ᠡᠭᠦᠷᠭᠡ ᠶᠢ 404.53 ᠲᠦᠮᠡᠨ ᠮᠦ ᠪᠡᠶᠡᠯᠡᠭᠦᠯᠵᠦ᠂ ᠡᠭᠦᠨ ᠳᠤ ᠪᠡᠯᠴᠢᠭᠡᠷ ᠢ | ᠬᠦᠷᠢᠶᠡᠯᠡᠬᠦ ᠳᠤ 150.05 ᠲᠦᠮᠡᠨ ᠮᠤ᠋ ᠪᠡᠶᠡᠯᠡᠭᠦᠯᠵᠦ᠂ ᠡᠭᠦᠷᠭᠡ ᠶᠢᠨ 100% ᠶᠢ ᠪᠡᠶᠡᠯᠡᠬᠦᠯᠦᠭᠰᠡᠨ ᠪᠠᠶᠢᠨ᠎ᠠ︔ | ᠪᠡᠯᠴᠢᠭᠡᠷ ᠰᠠᠶᠢᠵᠢᠷᠠᠭᠤᠯᠬᠤ ᠳᠤ 91.8 ᠲᠦᠮᠡᠨ ᠮᠤ᠋ ᠪᠡᠶᠡᠯᠡᠭᠦᠯᠵᠦ᠂ ᠡᠭᠦᠷᠭᠡ ᠪᠠᠨ 102% ᠪᠠᠷ | ᠪᠡᠶᠡᠯᠡᠭᠦᠯᠦᠭᠰᠡᠨ ᠪᠠᠶᠢᠨ᠎ᠠ︔ ᠡᠪᠡᠰᠦ ᠲᠠᠷᠢᠬᠤ ᠪᠦᠲᠦᠭᠡᠨ ᠪᠠᠶᠢᠭᠤᠯᠤᠯᠲᠠ ᠶᠢ 162.68 ᠲᠦᠮᠡᠨ ᠮᠤ᠋ | ᠪᠡᠶᠡᠯᠡᠭᠦᠯᠵᠤ᠂ ᠡᠭᠦᠷᠭᠡ ᠪᠠᠨ 111.4% ᠪᠠᠷ ᠪᠡᠶᠡᠯᠡᠭᠦᠯᠦᠭᠰᠡᠨ ᠪᠠᠶᠢᠨ᠎ᠠ᠃ ᠡᠨᠡ ᠨᠢ ᠨᠤᠲᠤᠭ ᠪᠡᠯᠴᠢᠭᠡᠷ ᠤᠨ | ᠮᠠᠭᠤᠳᠠᠬᠤ ᠦᠵᠡᠭᠳᠡᠯ ᠢ ᠪᠦᠲᠦᠮᠵᠢᠲᠠᠢ ᠬᠢᠵᠠᠭᠠᠷᠯᠠᠵᠤ᠂ ᠨᠤᠲᠤᠭ ᠪᠡᠯᠴᠢᠭᠡᠷ ᠪᠤᠯᠤᠨ ᠮᠠᠯ ᠰᠦᠷᠦᠭ ᠤᠨ ᠵᠦᠷᠢᠴᠡᠯ ᠢ | ᠤᠯᠠᠮ ᠨᠢᠭᠡ ᠠᠯᠬᠤᠮ ᠨᠠᠮᠳᠠᠭᠤᠯᠵᠤ᠂ ᠮᠠᠯ ᠠᠵᠤ ᠠᠬᠤᠶ ᠶᠢᠨ ᠬᠥᠭᠵᠢᠯᠲᠡ ᠳᠤ ᠡᠯᠪᠡᠭ ᠪᠠᠶᠠᠯᠢᠭ ᠪᠣᠳᠠᠰ ᠤᠨ | ᠰᠠᠭᠤᠷᠢ ᠪᠣᠯᠤᠨ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠨᠥᠬᠦᠴᠡᠯ ᠢ ᠪᠦᠷᠢᠯᠳᠦᠬᠦᠯᠵᠤ ᠦᠭᠴᠠᠢ᠃ |