ᠡᠨᠡ ᠵᠢᠯ ᠠᠴᠠ ᠨᠠᠰᠢ᠂ ᠡᠷᠢᠶᠡᠨ ᠬᠤᠲᠠ ᠶᠢᠨ ᠬᠥᠳᠡᠭᠡ ᠲᠣᠰᠬᠤᠨ ᠤ ᠬᠤᠷᠰᠢᠭᠰᠠᠨ ᠪᠠᠩᠬᠢ ᠨᠢ | ᠲᠠᠷᠢᠶᠠᠯᠠᠬᠤ ᠮᠠᠯᠵᠢᠬᠤ ᠣᠷᠣᠨ ᠤ ᠰᠠᠭᠤᠷᠢ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠲᠠ᠂ ᠲᠠᠷᠢᠶᠠᠯᠠᠩ ᠤᠨ | ᠲᠣᠯᠣᠭᠠᠶᠢᠯᠠᠭᠴᠢ ᠠᠵᠤ ᠠᠬᠤᠶᠢᠯᠠᠯ᠂ ᠠᠳᠠᠯ ᠦᠢᠯᠡᠰ ᠴᠣᠭᠴᠠᠯᠠᠬᠤ ᠪᠠᠭ᠎ᠠ ᠲᠣᠭᠠᠨ ᠤ ᠲᠠᠭᠠᠭᠠᠯᠳᠠᠳᠤ ᠵᠡᠷᠭᠡ | ᠲᠠᠷᠢᠶᠠᠯᠠᠩ᠂ ᠲᠠᠷᠢᠶᠠᠯᠠᠬᠤ ᠣᠷᠣᠨ ᠲᠠᠷᠢᠶᠠᠴᠢᠨ ᠪᠣᠯᠣᠨ ᠮᠠᠯ ᠠᠵᠤ ᠠᠬᠤᠢ᠂ ᠮᠠᠯᠵᠢᠬᠤ ᠣᠷᠣᠨ᠂ ᠮᠠᠯᠴᠢᠨ ᠤ | ᠬᠥᠭᠵᠢᠯᠲᠡ ᠳᠤ ᠤᠷᠳᠤ ᠬᠤᠭᠤᠴᠠᠭᠠᠨ ᠤ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢᠨ ᠳᠡᠮᠵᠢᠯᠭᠡ ᠦᠵᠡᠭᠦᠯᠵᠦ | ᠂ ᠪᠡᠯᠡ ᠮᠥᠩᠭᠦ ᠶᠢᠨ ᠳᠡᠮᠵᠢᠯᠭᠡ ᠶᠢᠨ ᠲᠤᠭ᠎ᠠ ᠶᠢ ᠵᠢᠯ ᠳᠠᠷᠠᠭᠠᠯᠠᠨ ᠨᠡᠮᠡᠭᠳᠡᠭᠦᠯᠪᠡ᠃ 10 ᠳ᠋ᠤᠭᠠᠷ ᠰᠠᠷ᠎ᠠ ᠶᠢᠨ ᠡᠴᠦᠰ | ᠪᠣᠯᠬᠤ ᠳᠤ᠂ ᠲᠠᠷᠢᠶᠠᠯᠠᠬᠤ ᠮᠠᠯᠵᠢᠬᠤ ᠡᠷᠦᠬᠡ ᠶᠢᠨ ᠵᠢᠭᠡᠯᠡᠯᠭᠡ ᠶᠢᠨ ᠦᠯᠡᠳᠡᠪᠦᠷᠢ ᠲᠤᠭ᠎ᠠ 12850 ᠲᠦᠮᠡᠨ | ᠲᠥᠭᠦᠷᠢᠭ ᠪᠠᠶᠢᠵᠤ᠂ ᠵᠢᠯ ᠪᠦᠷᠢ ᠶᠢᠨ ᠳᠤᠮᠳᠠᠴᠢ ᠪᠠᠷ 57.46% ᠨᠡᠮᠡᠭᠳᠡᠵᠦ᠂ ᠵᠢᠭᠡᠯᠡᠯᠭᠡ ᠶᠢᠨ ᠡᠷᠡᠭᠦᠯ ᠪᠤᠰᠤ | ᠨᠤᠷᠮ᠎ᠠ ᠨᠢ 0 % ᠪᠣᠯᠵᠠᠢ᠂ ᠡᠭᠦᠨ ᠳᠤ᠄ ᠢᠲᠡᠭᠡᠮᠵᠢᠲᠦ ᠡᠷᠦᠬᠡ ᠶᠢᠨ ᠵᠢᠭᠡᠯᠡᠯᠭᠡ ᠶᠢᠨ ᠦᠯᠡᠳᠡᠪᠦᠷᠢ ᠲᠤᠭ᠎ᠠ | 1558 ᠲᠦᠮᠡᠨ ᠲᠥᠭᠦᠷᠢᠭ ᠪᠠᠶᠢᠵᠤ᠂ ᠢᠲᠡᠭᠡᠮᠵᠢᠲᠦ ᠡᠷᠦᠬᠡ ᠶᠢᠨ ᠵᠢᠭᠡᠯᠡᠯᠭᠡ ᠨᠢ ᠲᠠᠷᠢᠶᠠᠯᠠᠬᠤ ᠮᠠᠯᠵᠢᠬᠤ ᠡᠷᠦᠬᠡ | ᠵᠢᠭᠡᠯᠡᠯᠭᠡ ᠶᠢᠨ ᠬᠤᠪᠢ ᠶᠢᠨ ᠵᠢᠩ ᠲᠣᠲᠣᠷ᠎ᠠ 12.12% ᠢ ᠡᠵᠡᠯᠡᠵᠦ᠂ ᠢᠲᠡᠭᠡᠮᠵᠢᠲᠦ ᠡᠷᠦᠬᠡ ᠶᠢᠨ ᠵᠢᠭᠡᠯᠡᠯᠭᠡ ᠶᠢᠨ | ᠡᠷᠡᠭᠦᠯ ᠪᠤᠰᠤ ᠨᠤᠷᠮ᠎ᠠ ᠨᠢ 0% ᠪᠣᠯᠪᠠ᠃ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠨᠢ ᠮᠠᠯᠴᠢᠨ | ᠲᠠᠷᠢᠶᠠᠴᠢᠳ ᠤᠨ ᠲᠡᠷᠢᠵᠤ ᠲᠡᠵᠢᠭᠡᠬᠦ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ᠂ ᠣᠨᠴᠠᠯᠢᠭ ᠪᠦᠬᠦᠢ | ᠬᠥᠳᠡᠭᠡ ᠠᠵᠤ ᠠᠬᠤᠶ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠬᠤᠳᠠᠯᠳᠤᠨ ᠠᠪᠬᠤ ᠵᠢᠴᠢ | ᠠᠮᠢᠳᠤᠷᠠᠯ ᠤᠨ ᠬᠡᠷᠡᠭᠯᠡᠭᠡ ᠵᠡᠷᠭᠡ ᠲᠠᠯ᠎ᠠ ᠪᠠᠷ ᠴᠢᠬᠤᠯᠠ ᠦᠢᠯᠡᠳᠦᠯ ᠪᠠᠳᠠᠷᠠᠭᠤᠯᠵᠤ᠂ ᠲᠠᠷᠢᠶᠠᠯᠠᠩ ᠮᠠᠯ ᠠᠵᠤ | ᠠᠬᠤᠶ ᠶᠢᠨ ᠲᠣᠭᠲᠠᠭᠤᠨ ᠢᠶᠠᠷ ᠬᠥᠭᠵᠢᠬᠦ ᠪᠠ ᠲᠠᠷᠢᠶᠠᠴᠢᠨ ᠮᠠᠯᠴᠢᠳ ᠤᠨ ᠣᠷᠣᠯᠭ᠎ᠠ ᠶᠢ ᠯᠠᠪᠳᠠᠭᠤᠨ ᠢᠶᠠᠷ | ᠳᠡᠭᠡᠭᠰᠢᠯᠡᠬᠦ ᠶᠢ ᠠᠬᠢᠭᠤᠯᠪᠠ᠃ |