ᠣᠶᠢᠷ᠎ᠠ ᠶᠢᠨ ᠵᠢᠯ ᠳᠤ᠂ ᠲᠦᠩᠯᠢᠶᠣᠣ ᠬᠤᠲᠠ ︽ᠭᠤᠷᠪᠠᠨ ᠤᠮᠠᠷᠠᠲᠤ︾ ᠶᠢᠨ ᠬᠠᠯᠬᠠᠪᠴᠢ ᠤᠢ᠂ | ᠡᠯᠡᠰᠦ ᠶᠢ ᠬᠤᠷᠢᠭᠯᠠᠵᠤ ᠡᠯᠡᠰᠦ ᠶᠢ ᠵᠠᠰᠠᠬᠤ᠂ ᠲᠠᠷᠢᠶᠠᠯᠠᠬᠤ ᠪᠠᠨ ᠵᠣᠭᠰᠣᠵᠤ ᠣᠶᠢᠵᠢᠭᠤᠯᠬᠤ ᠵᠡᠷᠭᠡ ᠤᠯᠤᠰ ᠤᠨ | ᠭᠤᠣᠯᠳᠠᠯᠭ᠎ᠠ ᠲᠠᠢ ᠣᠢ ᠰᠢᠭᠤᠢ ᠶᠢᠨ ᠠᠮᠢ ᠠᠬᠤᠢ ᠶᠢᠨ ᠪᠠᠶᠢᠭᠤᠯᠤᠯᠲᠠ ᠶᠢᠨ ᠠᠯᠢ ᠣᠯᠠᠨ ᠢᠨᠵᠧᠨᠧᠷᠢᠩ ᠳᠤ | ᠲᠦᠰᠢᠭᠯᠡᠨ᠂ ᠤᠷᠢᠳ ᠬᠤᠵᠢᠳ ︽5820︾ ᠢᠨᠵᠧᠨᠧᠷᠢᠩ᠂ ︽ᠬᠤᠣᠰ ᠮᠢᠩᠭᠠᠨ ᠲᠦᠮᠡᠨ ᠮᠦ︾ | ᠢᠨᠵᠧᠨᠧᠷᠢᠩ ᠪᠠ ︽323︾ ᠣᠢ ᠰᠢᠭᠤᠢ ᠶᠢᠨ ᠦᠢᠯᠡᠰ ᠤᠨ ᠵᠢᠱᠢᠶ᠎ᠡ ᠦᠵᠡᠭᠦᠯᠬᠦ ᠢᠨᠵᠧᠨᠧᠷᠢᠩ ᠢ ᠵᠤᠬᠢᠶᠠᠨ | ᠪᠠᠶᠢᠭᠤᠯᠤᠨ ᠬᠡᠷᠡᠭᠵᠢᠭᠦᠯᠵᠦ᠂ ᠣᠶᠢᠵᠢᠭᠤᠯᠵᠤ ᠨᠣᠭᠤᠭᠠᠷᠠᠭᠤᠯᠬᠤ ᠪᠠ ᠡᠯᠡᠰᠦ ᠶᠢ ᠰᠡᠷᠭᠡᠶᠢᠯᠡᠵᠦ ᠡᠯᠡᠰᠦ ᠶᠢ | ᠲᠣᠭᠲᠠᠪᠤᠷᠢᠵᠢᠭᠤᠯᠬᠤ ᠠᠵᠢᠯ ᠤᠨ ᠲᠠᠯ᠎ᠠ ᠪᠠᠷ ᠢᠯᠡᠷᠬᠡᠢ ᠠᠮᠵᠢᠯᠲᠠ ᠣᠯᠪᠠ᠃ | 2014 ᠣᠨ ᠠᠴᠠ ᠬᠤᠷᠴᠢᠨ ᠤ ᠡᠯᠡᠰᠦᠲᠦ ᠭᠠᠵᠠᠷ ︽ᠬᠤᠣᠰ ᠮᠢᠩᠭᠠᠨ ᠲᠦᠮᠡᠨ ᠮᠦ︾ ᠶᠡᠷᠦᠩᠬᠡᠶᠢᠯᠡᠨ | ᠵᠠᠰᠠᠬᠤ ᠢᠨᠵᠧᠨᠧᠷᠢᠩ ᠢ ᠬᠡᠷᠡᠭᠵᠢᠭᠦᠯᠦᠭᠰᠡᠨ ᠠᠴᠠ ᠨᠠᠰᠢ᠂ ᠲᠦᠩᠯᠢᠶᠣᠣ ᠬᠤᠲᠠ ᠣᠶᠢᠵᠢᠭᠤᠯᠵᠤ ᠨᠣᠭᠤᠭᠠᠷᠠᠭᠤᠯᠬᠤ᠂ | ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠵᠢᠯ ᠪᠦᠷᠢ | ᠳᠤᠮᠳᠠᠴᠢ ᠪᠠᠷ 100 ᠲᠦᠮᠡᠨ ᠮᠦ ᠠᠴᠠ ᠳᠡᠭᠡᠭᠰᠢ ᠣᠶᠢᠵᠢᠭᠤᠯᠵᠤ᠂ 300 ᠲᠦᠮᠡᠨ ᠮᠦ ᠠᠴᠠ ᠳᠡᠭᠡᠭᠰᠢ | ᠡᠯᠡᠰᠦ ᠶᠢ ᠶᠡᠷᠦᠩᠬᠡᠶᠢᠯᠡᠨ ᠵᠠᠰᠠᠬᠤ ᠬᠤᠷᠳᠤᠴᠠ ᠪᠠᠷ ᠡᠯᠡᠰᠦ ᠶᠢ ᠵᠠᠰᠠᠬᠤ ᠢᠨᠵᠧᠨᠧᠷᠢᠩ ᠢ ᠲᠦᠷᠬᠡᠨ ᠬᠡᠷᠡᠭᠵᠢᠭᠦᠯᠵᠦ᠂ | ᠡᠨᠡ ᠵᠢᠯ ᠪᠠᠰᠠ 8200 ᠲᠦᠮᠡᠨ ᠲᠥᠭᠦᠷᠢᠭ ᠤᠨ ᠪᠡᠯᠡ ᠣᠷᠣᠭᠤᠯᠵᠤ 2500 ᠮᠦ ᠲᠠᠯᠠᠪᠠᠢ ᠲᠠᠢ ᠬᠤᠷᠴᠢᠨ ᠤ | ᠠᠮᠢ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠢ ᠪᠠᠶᠢᠭᠤᠯᠪᠠ᠃ ᠪᠦᠬᠦ | ᠤᠯᠤᠰ ᠤᠨ ᠳᠥᠷᠪᠡᠳᠦᠭᠡᠷ ᠤᠳᠠᠭᠠᠨ ᠤ ᠠᠲᠠᠷᠰᠢᠯ ᠪᠠ ᠡᠯᠡᠰᠦᠷᠬᠡᠭᠵᠢᠯ ᠤᠨ ᠬᠢᠨᠠᠨ ᠬᠡᠮᠵᠢᠯᠲᠡ ᠶᠢᠨ ᠲᠤᠭ᠎ᠠ | ᠪᠠᠷᠢᠮᠲᠠ ᠳᠤ ᠢᠯᠡᠷᠡᠭᠰᠡᠨ ᠢᠶᠠᠷ᠂ ᠣᠶᠢᠷ᠎ᠠ ᠶᠢᠨ ᠠᠷᠪᠠᠨ ᠵᠢᠯ᠂ ᠡᠯᠡᠰᠦ ᠶᠢ ᠵᠠᠰᠠᠵᠤ ᠣᠶᠢᠵᠢᠭᠤᠯᠬᠤ᠂ ᠮᠠᠯᠵᠢᠬᠤ ᠶᠢ | ᠵᠣᠭᠰᠣᠭᠠᠵᠤ ᠪᠢᠲᠡᠭᠦᠮᠵᠢᠯᠡᠬᠦ᠂ ᠬᠥᠮᠥᠨ ᠠᠮᠠ ᠶᠢ ᠨᠡᠭᠦᠯᠭᠡᠬᠦ᠂ ᠪᠢᠲᠡᠭᠦᠮᠵᠢᠯᠡᠨ ᠬᠠᠮᠠᠭᠠᠯᠠᠬᠤ ᠣᠷᠣᠨ ᠢ ᠪᠠᠶᠢᠭᠤᠯᠬᠤ᠂ | ᠬᠥᠷᠥᠰᠥ ᠰᠢᠷᠤᠢ ᠶᠢᠨ ᠢᠳᠡᠭᠳᠡᠯ ᠢ ᠬᠤᠷᠢᠭᠯᠠᠬᠤ ᠵᠡᠷᠭᠡ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ᠂ ᠪᠦᠬᠦ | ᠬᠤᠲᠠ ᠶᠢᠨ ᠠᠲᠠᠷᠰᠢᠭᠰᠠᠨ᠂ ᠡᠯᠡᠰᠦᠷᠬᠡᠭᠵᠢᠭᠰᠡᠨ ᠭᠠᠵᠠᠷ ᠲᠠᠯᠠᠪᠠᠢ ᠨᠢ 583 ᠲᠦᠮᠡᠨ ᠮᠦ ᠪᠠᠭᠠᠰᠬᠠᠵᠤ᠂ ᠪᠦᠬᠦ | ᠬᠤᠲᠠ ᠪᠠᠷ ᠢᠶᠠᠨ ᠡᠯᠡᠰᠦᠷᠬᠡᠭᠵᠢᠭᠰᠡᠨ ᠭᠠᠵᠠᠷ ᠢ ᠨᠡᠶᠢᠲᠡ 2000 ᠭᠠᠷᠤᠢ ᠲᠦᠮᠡᠨ ᠮᠦ ᠵᠠᠰᠠᠵᠤ᠂ ᠲᠦᠩᠯᠢᠶᠣᠣ | ᠬᠤᠲᠠ ᠶᠢᠨ ᠬᠡᠪᠴᠢᠶᠡᠨ ᠳᠠᠬᠢ ᠬᠤᠷᠴᠢᠨ ᠤ ᠡᠯᠡᠰᠦᠨ ᠴᠦᠯ ᠤᠨ ᠵᠠᠰᠠᠯᠲᠠ ᠨᠢ ᠮᠠᠨ ᠤ ᠤᠯᠤᠰ ᠤᠨ ᠳᠥᠷᠪᠡᠨ | ᠶᠡᠭᠡ ᠡᠯᠡᠰᠦᠨ ᠴᠦᠯ ᠤᠨ ᠳᠣᠲᠣᠷ᠎ᠠ ᠵᠠᠰᠠᠬᠤ ᠬᠤᠷᠳᠣᠴᠠ ᠨᠢ ᠡᠯᠡᠰᠦᠷᠬᠡᠭᠵᠢᠬᠦ ᠬᠤᠷᠳᠣᠴᠠ ᠠᠴᠠ ᠲᠦᠷᠭᠡᠨ | ᠪᠣᠯᠣᠭᠰᠠᠨ ᠰᠠᠶᠢᠨ ᠡᠷᠭᠢᠯᠲᠡ ᠶᠢ ᠣᠷᠢᠳᠠᠪᠡᠷ ᠪᠡᠶᠡᠯᠡᠭᠦᠯᠵᠦ᠂ ︽ᠬᠥᠮᠦᠨ ᠤ ᠬᠦᠴᠦ ᠪᠠᠷ ᠡᠯᠡᠰᠦ ᠶᠢ ᠵᠠᠰᠠᠬᠤ︾ | ᠲᠡᠦᠬᠡᠲᠦ ᠴᠢᠨᠠᠷᠲᠠᠢ ᠬᠤᠪᠢᠰᠤᠯᠲᠠ ᠶᠢ ᠪᠡᠶᠡᠯᠡᠭᠦᠯᠵᠡᠢ᠃ |