ᠲᠦᠩᠯᠢᠶᠣᠣ ᠬᠤᠲᠠ ︽ᠬᠦᠴᠢᠷᠳᠡᠯ ᠲᠠᠢ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠤᠰᠠᠯᠠᠮᠵᠢ ᠶᠢᠨ ᠬᠡᠷᠡᠭᠵᠢᠭᠦᠯᠬᠦ ᠠᠷᠭ᠎ᠠ︾᠎ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2015/12/9
      ᠲᠦᠩᠯᠢᠶᠣᠣ ᠬᠤᠲᠠ ᠶᠢᠨ ᠡᠮ ᠡᠮᠨᠡᠯᠭᠡ ᠶᠢᠨ ᠲᠤᠰᠠᠯᠠᠮᠵᠢ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠦᠴᠢᠷᠳᠡᠯ ᠲᠠᠢ ᠤᠯᠠᠨ ᠲᠦᠮᠡᠨ ᠤ ᠡᠪᠡᠳᠴᠢᠨ ᠦᠵᠡᠭᠦᠯᠬᠦ ᠳᠤ ᠬᠦᠴᠢᠷ ᠲᠠᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢᠨ ᠲᠤᠰᠠᠲᠠ᠂ 12 ᠳ᠋ᠤᠭᠠᠷ ᠰᠠᠷ᠎ᠠ ᠶᠢᠨ 4᠎ ᠤ ᠡᠳᠦᠷ᠂ ᠲᠦᠩᠯᠢᠶᠣᠣ ᠬᠤᠲᠠ ︽ᠲᠦᠩᠯᠢᠶᠣᠣ ᠬᠤᠲᠠ ᠶᠢᠨ ᠬᠦᠴᠢᠷᠳᠡᠯ ᠲᠠᠢ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠤᠰᠠᠯᠠᠮᠵᠢ ᠶᠢᠨ ᠬᠡᠷᠡᠭᠵᠢᠭᠦᠯᠬᠦ ᠠᠷᠭ᠎ᠠ︾᠎ ᠶᠢ ᠨᠡᠶᠢᠲᠡᠯᠡᠪᠡ᠃ ︽ᠠᠷᠭ᠎ᠠ︾᠎ ᠳᠤ ᠭᠤᠣᠯ ᠨᠢ ᠲᠤᠰᠠᠯᠠᠬᠤ ᠬᠦᠷᠢᠶ᠎ᠡ ᠬᠡᠪᠴᠢᠶ᠎ᠡ ᠶᠢ ᠥᠷᠭᠡᠳᠬᠡᠬᠦ᠂ ᠲᠤᠰᠠᠯᠠᠬᠤ ᠬᠦᠴᠦᠯᠡᠴᠡ ᠪᠠᠨ ᠴᠢᠩᠭᠠᠷᠠᠭᠤᠯᠬᠤ᠂ ᠲᠤᠰᠠᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠤᠯᠠᠮ ᠨᠢᠭᠡ ᠠᠯᠬᠤᠮ  ᠪᠦᠷᠢᠨᠰᠢᠭᠦᠯᠵᠦ᠂ ᠤᠤᠯ ᠳᠠᠭᠠᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ᠂ ᠲᠠᠪᠤᠨ ᠪᠠᠲᠤᠯᠠᠭ᠎ᠠ᠂ ᠭᠤᠷᠪᠠᠨ ᠦᠭᠡᠢ᠂ ᠳᠣᠣᠷ᠎ᠠ ᠣᠷᠣᠯᠭᠠᠲᠤ ᠭᠡᠷ ᠪᠦᠯᠢ ᠪᠠᠷ ᠲᠤᠰᠠᠯᠠᠬᠤ ᠴᠤᠭᠴᠠ ᠪᠣᠯᠭᠠᠵᠤ ᠪᠠᠶᠢᠭᠰᠠᠨ ᠰᠠᠭᠤᠷᠢᠨ ᠳᠡᠭᠡᠷ᠎ᠡ᠂ ︽ᠡᠪᠡᠳᠴᠢᠨ‌ᠡᠴᠡ ᠪᠣᠯᠵᠤ ᠶᠠᠳᠠᠭᠤᠷᠠᠭᠰᠠᠨ ᠭᠡᠷ ᠪᠦᠯᠢ ᠶᠢᠨ ᠬᠦᠨᠳᠦ ᠡᠪᠡᠳᠴᠢᠲᠡᠨ︾ ᠲᠤᠬᠠᠶᠢᠯᠠᠪᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠪᠠ ᠬᠤᠳᠠᠯᠳᠤᠭᠠᠨ ᠤ ᠦᠢᠯᠡᠰ ᠤᠨ ᠳᠠᠭᠠᠳᠬᠠᠯ ᠢ ᠳᠠᠩᠰᠠ ᠲᠠᠶᠢᠯᠤᠭᠰᠠᠨ ᠤ ᠰᠡᠭᠦᠯᠡᠷ ᠬᠤᠪᠢ ᠪᠠᠷ ᠢᠶᠠᠨ ᠲᠦᠯᠦᠬᠦ ᠡᠮ ᠡᠮᠨᠡᠯᠭᠡ ᠶᠢᠨ ᠵᠠᠷᠤᠳᠠᠯ ᠨᠢ ᠭᠡᠷ ᠪᠦᠯᠢ ᠶᠢᠨ ᠵᠢᠯ ᠤᠨ ᠶᠡᠷᠦᠩᠬᠡᠢ ᠣᠷᠣᠯᠭ᠎ᠠ ᠠᠴᠠ 3 ᠳᠠᠬᠢᠨ ᠳᠠᠪᠠᠭᠰᠠᠨ ᠬᠦᠨᠳᠦ ᠶᠡᠭᠡ ᠡᠪᠡᠳᠴᠢᠲᠡᠨ ᠡᠮ ᠡᠮᠨᠡᠯᠭᠡ ᠶᠢᠨ ᠲᠤᠰᠠᠯᠠᠮᠵᠢ ᠭᠤᠶᠤᠴᠢᠯᠠᠵᠤ ᠪᠣᠯᠬᠤ ᠠᠭᠤᠯᠭ᠎ᠠ ᠶᠢ ᠰᠢᠨ᠎ᠡ ᠪᠠᠷ ᠨᠡᠮᠡᠵᠡᠢ᠃ ᠲᠤᠰᠠᠯᠠᠬᠤ ᠬᠠᠷᠢᠴᠠᠯ ᠨᠢ ᠬᠠᠮᠤᠭ ᠥᠨᠳᠥᠷ ᠲᠡᠭᠡᠨ 75% ᠬᠦᠷᠴᠦ᠂ ᠲᠤᠰᠠᠯᠠᠮᠵᠢ ᠶᠢᠨ ᠬᠠᠮᠤᠭ ᠥᠨᠳᠥᠷ ᠬᠡᠮᠵᠢᠶ᠎ᠡ ᠶᠢ ᠴᠦ 10 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠵᠡᠢ᠃ ᠡᠭᠦᠨ ᠠᠴᠠ ᠭᠠᠳᠠᠨ᠎ᠠ᠂ ︽ᠠᠷᠭ᠎ᠠ︾᠎ ᠳᠤ ᠪᠠᠰᠠ ᠡᠮᠨᠡᠭᠦᠯᠬᠦ ᠠᠴᠠ ᠡᠮᠦᠨ᠎ᠡ ᠲᠤᠰᠠᠯᠠᠬᠤ ᠪᠠ ᠡᠮᠨᠡᠭᠦᠯᠵᠦ ᠪᠠᠶᠢᠭ᠎ᠠ ᠦᠶ᠎ᠡ ᠳᠤ ᠲᠤᠰᠠᠯᠠᠬᠤ ᠶᠢ ᠨᠡᠮᠡᠵᠦ᠂ ᠡᠳ᠋ ᠤᠨ ᠵᠠᠰᠠᠭ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠬᠢᠨᠠᠨ ᠪᠤᠳᠤᠬᠤ᠂ ᠪᠤᠶᠠᠨ ᠤ ᠦᠢᠯᠡᠰ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠬᠤ ᠪᠠᠷ ᠳᠠᠮᠵᠢᠨ᠂ ᠬᠦᠴᠢᠷᠳᠡᠯᠲᠡᠢ ᠤᠯᠠᠨ ᠲᠦᠮᠡᠨ ᠳᠤ ᠲᠤᠰᠠᠯᠠᠮᠵᠢ ᠶᠢᠨ ᠢᠯᠭᠤᠮ ᠤᠷᠤᠭᠰᠢᠲᠠᠢ ᠠᠷᠭ᠎ᠠ ᠵᠠᠮ ᠢ ᠣᠯᠭᠤᠨ ᠥᠭᠴᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号