ᠰᠢᠯᠢ ᠶᠢᠨ ᠭᠤᠣᠯ ᠠᠶᠢᠮᠠᠭ ᠤᠨ ᠠᠮᠤ ᠪᠤᠳᠠᠭᠠᠨ ᠤ ᠲᠣᠪᠴᠢᠶ᠎ᠠ ᠢᠳᠡᠪᠬᠢᠲᠡᠶ ᠲᠣᠬᠢᠷᠠᠭᠤᠯᠤᠨ ᠪᠠᠶᠢᠷᠢᠯᠠᠭᠤᠯᠵᠤ᠂ ᠭᠠᠮᠰᠢᠭ ᠲᠠᠢ ᠲᠡᠮᠡᠴᠡᠵᠦ ᠭᠠᠮᠰᠢᠭ ᠠᠴᠠ ᠠᠪᠤᠷᠠᠬᠤ ᠬᠠᠮᠢᠶ᠎ᠠ ᠪᠦᠬᠦᠢ ᠪᠡᠯᠡᠳᠬᠡᠯ ᠠᠵᠢᠯ ᠢ ᠰᠠᠶᠢᠲᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2015/12/9
      ᠤᠶᠢᠷ᠎ᠠ ᠶᠢᠨ ᠡᠳᠦᠷ ᠰᠢᠯᠢ ᠶᠢᠨ ᠭᠤᠣᠯ ᠠᠶᠢᠮᠠᠭ ᠤᠨ ᠬᠡᠰᠡᠭ ᠬᠤᠰᠢᠭᠤ ᠰᠢᠶᠠᠨ ᠳᠤ ᠦᠷᠭᠦᠯᠵᠢᠯᠡᠨ ᠶᠡᠭᠡ ᠴᠠᠰᠤ ᠣᠷᠤᠵᠤ ᠬᠡᠰᠡᠭ ᠭᠠᠵᠠᠷ ᠤᠷᠤᠨ ᠭᠠᠮᠰᠢᠭᠳᠠᠭᠰᠠᠨ ᠪᠠᠶᠢᠳᠠᠯ ᠳᠤ ᠴᠢᠭᠯᠡᠭᠦᠯᠦᠨ᠂ ᠰᠢᠯᠢ ᠶᠢᠨ ᠭᠤᠣᠯ ᠠᠶᠢᠮᠠᠭ ᠤᠨ ᠠᠮᠤ ᠪᠤᠳᠠᠭᠠᠨ ᠤ ᠲᠣᠪᠴᠢᠶ᠎ᠠ 12 ᠳ᠋ᠤᠭᠠᠷ ᠰᠠᠷ᠎ᠠ ᠶᠢᠨ 4᠎ ᠤ ᠡᠳᠦᠷ ᠪᠠᠴᠢᠮ ᠬᠤᠷᠠᠯ ᠬᠤᠷᠠᠯᠳᠤᠭᠤᠯᠵᠤ᠂ ᠭᠠᠮᠰᠢᠭ ᠲᠠᠢ ᠲᠡᠮᠡᠴᠡᠵᠦ ᠭᠠᠮᠰᠢᠭ ᠠᠴᠠ ᠠᠪᠤᠷᠠᠬᠤ ᠡᠬᠢᠨ ᠤ ᠬᠤᠭᠤᠴᠠᠭᠠᠨ ᠤ ᠪᠡᠯᠡᠳᠭᠡᠯ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠴᠠᠭ ᠢᠮᠠᠭᠲᠠ ᠵᠠᠷᠯᠢᠭ ᠬᠦᠯᠢᠶᠡᠨ᠂ ᠭᠠᠮᠰᠢᠭ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠳᠤ ᠴᠠᠭ ᠲᠤᠬᠠᠢ ᠳᠤᠨᠢ ᠣᠷᠤᠯᠴᠠᠬᠤ ᠪᠠᠷ ᠪᠡᠯᠡᠬᠡᠨ ᠪᠣᠯᠪᠠ᠃ ᠰᠢᠯᠢ ᠶᠢᠨ ᠭᠤᠣᠯ ᠠᠶᠢᠮᠠᠭ ᠤᠨ ᠠᠮᠤ ᠪᠤᠳᠠᠭᠠᠨ ᠤ ᠲᠣᠪᠴᠢᠶ᠎ᠠ ᠪᠠᠴᠢᠮ ᠮᠡᠳᠡᠭᠳᠡᠯ ᠪᠠᠭᠤᠯᠭᠠᠨ᠂ ᠠᠶᠢᠮᠠᠭ ᠬᠤᠰᠢᠭᠤ ᠬᠤᠶᠠᠷ ᠱᠠᠲᠤᠨ ᠤ ᠠᠮᠤ ᠪᠤᠳᠠᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ᠲᠤ ︽ᠰᠢᠯᠢ ᠶᠢᠨ ᠭᠤᠣᠯ ᠤᠨ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾᠎ ᠤᠨ ᠡᠯ᠎ᠡ ᠵᠦᠢᠯ ᠤᠨ ᠱᠠᠭᠠᠷᠳᠠᠯᠭ᠎ᠠ ᠶᠢ ᠭᠦᠢᠴᠡᠳ ᠤᠶᠢᠯᠭᠠᠵᠤ᠂ ᠳᠣᠲᠤᠷ᠎ᠠ ᠪᠠᠨ ᠲᠤᠭ᠎ᠠ ᠲᠠᠢ ᠪᠠᠶᠢᠬᠤ ᠬᠡᠷᠡᠭᠲᠡᠢ︔ ᠠᠮᠤ ᠪᠤᠳᠠᠭ᠎ᠠ ᠪᠠ ᠲᠤᠰᠤ ᠶᠢ ᠳᠠᠭᠠᠭᠠᠨ ᠨᠥᠭᠡᠴᠡᠯᠡᠵᠦ ᠪᠠᠶᠢᠭ᠎ᠠ ᠡᠯ᠎ᠡ ᠠᠵᠤ ᠠᠬᠤᠶᠢᠯᠠᠯ ᠤᠳ ᠠᠮᠤ ᠪᠤᠳᠠᠭ᠎ᠠ ᠶᠢ ᠬᠦᠮᠦᠷᠭᠡ ᠠᠴᠠ ᠭᠠᠷᠭᠠᠬᠤ ᠪᠡᠯᠡᠳᠭᠡᠯ ᠢ ᠰᠠᠶᠢᠲᠤᠷ ᠬᠢᠬᠦ ᠶᠢ ᠴᠢᠩᠭ᠎ᠠ ᠠᠳᠬᠤᠵᠤ᠂ ᠡᠳ᠋ ᠪᠣᠳᠠᠰ ᠪᠣᠭᠤᠳᠠᠯᠯᠠᠬᠤ᠂ ᠠᠴᠢᠶᠠᠯᠠᠵᠤ ᠪᠠᠭᠤᠯᠭᠠᠬᠤ ᠠᠵᠢᠯᠳᠡᠨ ᠲᠠᠢ ᠡᠷᠲᠡᠬᠡᠨ ᠬᠠᠷᠢᠯᠴᠠᠵᠤ᠂ ᠠᠴᠢᠶᠠᠯᠠᠵᠤ ᠪᠠᠭᠤᠯᠭᠠᠬᠤ ᠲᠦᠬᠦᠭᠡᠷᠦᠮᠵᠢ ᠪᠠᠨ ᠠᠷᠠᠳᠴᠢᠯᠠᠨ ᠬᠠᠮᠠᠭᠠᠯᠠᠵᠤ᠂ ᠦᠨ᠎ᠡ ᠬᠠᠩᠰᠢ ᠶᠢ ᠵᠢᠱᠢᠨ ᠪᠣᠳᠤᠯᠲᠠ ᠶᠢ ᠰᠠᠶᠢᠲᠤᠷ ᠬᠢᠵᠦ᠂ ᠳᠡᠭᠡᠳᠦ ᠱᠠᠲᠤᠨ ᠤ ᠵᠢᠭᠠᠪᠤᠷᠢ ᠶᠢ ᠦᠨᠳᠦᠰᠦᠯᠡᠨ ᠭᠠᠮᠰᠢᠭ ᠠᠴᠠ ᠠᠪᠤᠷᠠᠬᠤ ᠠᠮᠤ ᠪᠤᠳᠠᠭ᠎ᠠ ᠬᠠᠩᠭᠠᠬᠤ ᠡᠭᠦᠷᠭᠡ ᠶᠢ ᠴᠠᠭ ᠢᠮᠠᠭᠲᠠ ᠡᠭᠦᠷᠭᠡᠯᠡᠬᠦ ᠬᠡᠷᠡᠭᠲᠡᠢ ᠭᠡᠵᠦ ᠱᠠᠭᠠᠷᠳᠠᠪᠠ᠃ ᠣᠳᠣᠬᠠᠨ ᠳᠤ᠂ ᠰᠢᠯᠢ ᠶᠢᠨ ᠭᠤᠣᠯ ᠠᠶᠢᠮᠠᠭ ᠤᠨ ᠠᠮᠤ ᠪᠤᠳᠠᠭᠠᠨ ᠤ ᠬᠥᠮᠥᠷᠭᠡ ᠳᠠᠬᠢ ᠬᠠᠳᠠᠭᠠᠯᠠᠯᠲᠠ ᠭᠦᠢᠴᠡᠳ ᠪᠠᠶᠢᠵᠤ᠂ ᠬᠡᠷᠡᠭᠴᠡᠭᠡ ᠪᠠᠨ ᠦᠨᠳᠦᠰᠦᠯᠡᠨ ᠤᠶᠢᠷ᠎ᠠ ᠣᠷᠴᠢᠮ ᠳᠤ ᠰᠢᠯᠵᠢᠭᠦᠯᠦᠨ ᠬᠡᠷᠡᠭᠯᠡᠵᠦ ᠪᠣᠯᠬᠤ ᠪᠦᠭᠡᠳ ᠠᠮᠤ ᠪᠤᠳᠠᠭᠠᠨ ᠤ ᠨᠥᠭᠡᠴᠡ ᠨᠢ ᠭᠠᠮᠰᠢᠭ ᠠᠴᠠ ᠠᠪᠤᠷᠠᠬᠤ ᠬᠡᠷᠡᠭᠴᠡᠭᠡ ᠶᠢ ᠪᠦᠷᠢᠮᠦᠰᠦᠨ ᠬᠠᠩᠭᠠᠵᠤ ᠳᠡᠶᠢᠯᠦᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号