2014 ᠣᠨ ᠤ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠲᠡᠭᠦᠰᠦᠭᠰᠡᠳ ᠢ ᠬᠦᠳᠤᠯᠤᠨ  ᠵᠢᠯᠤᠭᠤᠳᠴᠤ  ᠬᠥᠳᠡᠭᠡ  ᠲᠣᠰᠬᠤᠨ  ᠮᠠᠯᠵᠢᠬᠤ  ᠣᠷᠣᠨ ᠎ ᠳᠤ  ᠤᠴᠢᠭᠤᠯᠤᠨ ᠦᠨᠳᠦᠰᠦᠨ  ᠱᠠᠲᠤᠨ  ᠎ ᠳᠤ  ᠦᠢᠯᠡᠴᠢᠯᠡᠬᠦ  ᠲᠥᠷᠥᠯ  ᠵᠦᠢᠯ ᠎ ᠳᠤ  ᠡᠯᠰᠡᠬᠦ  ᠠᠯᠪᠠᠨ ᠵᠠᠷ
ᠨᠡᠶᠢᠲᠡᠯᠡᠭᠰᠡᠨ ᠴᠠᠭ᠄
2015/2/10
     2014 ᠣᠨ ᠤ ᠳᠡᠭᠡᠳᠦ ᠰᠤᠷᠭᠠᠭᠤᠯᠢ ᠠᠴᠠ ᠲᠡᠭᠦᠰᠦᠭᠰᠡᠳ ᠲᠤ ᠠᠵᠢᠯ ᠣᠯᠭᠤᠬᠤ ᠠᠵᠢᠯ ᠢ ᠰᠠᠶᠢᠳᠣᠷ ᠬᠢᠬᠦ ᠶᠢᠨ ᠲᠥᠯᠥᠭᠡ᠂ 2014 ᠣᠨ ᠤ ᠪᠦᠬᠦ ᠤᠯᠤᠰ ᠤᠨ ᠡᠩ ᠤᠨ ᠳᠡᠭᠡᠳᠦ ᠰᠤᠷᠭᠠᠭᠤᠯᠢ ᠠᠴᠠ ᠲᠡᠭᠦᠰᠦᠭᠰᠡᠳ ᠲᠤ  ᠠᠵᠢᠯ ᠣᠯᠭᠤᠬᠤ ᠠᠳᠠᠯ ᠦᠢᠯᠡᠰ ᠪᠣᠰᠬᠠᠬᠤ ᠠᠵᠢᠯ ᠢ ᠰᠠᠶᠢᠳᠤᠷ ᠬᠢᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ ︵ᠲᠥᠷᠥ ᠠᠯᠪᠠᠨ ᠲᠠᠷᠬᠠᠭᠠᠭᠰᠠᠨ ﹇2014﹈ 22 ᠳ᠋ᠤᠭᠠᠷ ᠲᠣᠭᠠᠲᠤ︶᠎ ᠎ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠳᠠᠯ ᠦᠢᠯᠡᠰ ᠪᠣᠰᠬᠠᠬᠤ ᠠᠵᠢᠯ ᠣᠯᠭᠤᠬᠤ ᠢᠨᠵᠧᠨᠧᠷᠢᠩ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠎ ᠢᠶᠠᠷ ᠲᠠᠮᠵᠢᠭᠤᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠵᠡᠷᠭᠡ ᠲᠥᠷᠥᠯ ᠵᠦᠢᠯ ᠤᠨ ᠲᠦᠷᠦᠭᠦᠯᠡᠬᠦ ᠰᠠᠯᠠᠭ᠎ᠠ ᠮᠥᠴᠢᠷ ᠲᠠᠢ ᠵᠦᠪᠳᠡᠯᠴᠡᠭᠡᠳ᠂ 5 ᠰᠠᠷ᠎ᠠ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ 2014 ᠣᠨ ᠤ ︽ᠣᠶᠤᠲᠠᠨ ᠲᠣᠰᠬᠤᠨ ᠤ ᠺᠠᠳ᠋ᠷ︾ ᠲᠥᠯᠥᠪᠯᠡᠭᠡ᠂ ᠳᠡᠭᠡᠳᠦ ᠰᠤᠷᠭᠠᠭᠤᠯᠢ ᠶᠢᠨ ᠲᠡᠭᠦᠰᠦᠭᠰᠡᠳ ᠤᠨ ︽ᠭᠤᠷᠪᠠ ᠶᠢ ᠳᠡᠮᠵᠢᠵᠦ ᠨᠢᠭᠡ ᠶᠢ ᠳᠡᠳᠬᠦᠬᠦ︾ ᠲᠥᠯᠥᠪᠯᠡᠭᠡ᠂ ᠤᠶᠤᠳᠠᠳ ᠤᠨ ᠰᠠᠶᠢᠨ ᠳᠤᠷ᠎ᠠ ᠶᠢᠨ ᠦᠢᠯᠡᠴᠢᠯᠡᠭᠡ ︽ᠪᠠᠷᠠᠭᠤᠨ ᠪᠦᠰᠡ ᠣᠷᠣᠨ ᠤ ᠲᠥᠯᠥᠪᠯᠡᠭᠡ︾᠂ ︽ᠲᠠᠷᠢᠶᠠᠯᠠᠬᠤ ᠮᠠᠯᠵᠢᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠱᠠᠳᠤᠨ ᠤ ᠰᠤᠷᠭᠠᠭᠤᠯᠢ ᠶᠢᠨ ᠪᠠᠭᠰᠢ ᠳᠤ ᠣᠨᠴᠠᠭᠠᠢ ᠠᠵᠢᠯ ᠤᠨ ᠪᠠᠶᠢᠷᠢ  ᠲᠤᠬᠢᠷᠠᠭᠤᠯᠬᠤ︾᠎  ᠲᠥᠯᠥᠪᠯᠡᠭᠡ ᠪᠠ ᠳᠡᠭᠡᠳᠦ ᠰᠤᠷᠭᠠᠭᠤᠯᠢ ᠠᠴᠠ ᠲᠡᠭᠦᠰᠦᠭᠰᠡᠳ ᠤᠨ ︽ᠨᠡᠶᠢᠭᠡᠮ ᠤᠨ ᠲᠣᠭᠤᠷᠢᠭ ᠠᠷᠠᠳ ᠤᠨ ᠠᠮᠢᠳᠤᠷᠠᠯ ᠤᠨ ᠠᠵᠢᠯ ᠤᠨ ᠰᠠᠶᠢᠨ ᠳᠤᠷᠠᠴᠤᠳ︾ ᠲᠥᠯᠥᠪᠯᠡᠭᠡ ᠶᠢᠨ ᠰᠢᠯᠢᠨ ᠡᠯᠰᠡᠬᠦ ᠠᠵᠢᠯ ᠢ ᠨᠢᠭᠡᠳᠦᠯᠲᠡᠢ ᠲᠥᠯᠥᠪᠯᠡᠨ ᠬᠡᠷᠡᠭᠵᠢᠭᠦᠯᠦᠨ᠎ᠡ᠃ 6 ᠰᠠᠷ᠎ᠠ ᠶᠢᠨ 1᠎ ᠤ ᠡᠳᠦᠷ ᠡᠯ᠎ᠡ ᠬᠠᠮᠢᠶ᠎ᠠ ᠪᠦᠬᠦᠢ ᠰᠦᠯᠵᠢᠶᠡᠨ ᠳᠤ ᠡᠯᠰᠡᠬᠦ ᠲᠣᠪᠴᠢ ᠳᠦᠷᠢᠮ ᠢ ᠨᠡᠶᠢᠲᠡᠯᠡᠨ᠎ᠡ᠃ ᠡᠯ᠎ᠡ ᠲᠥᠷᠥᠯ ᠵᠦᠢᠯ ᠎ ᠳᠤ ᠡᠯᠰᠡᠬᠦ ᠬᠦᠮᠤᠨ᠂ ᠡᠯᠰᠡᠬᠦ ᠲᠤᠭ᠎ᠠ᠂ ᠡᠯᠰᠡᠬᠦ ᠠᠷᠭ᠎ᠠ ᠵᠡᠷᠭᠡ ᠠᠭᠤᠯᠭ᠎ᠠ ᠎ ᠶᠢ ᠡᠯ᠎ᠡ ᠲᠥᠷᠥᠯ ᠵᠦᠢᠯ ᠤᠨ ᠡᠯᠰᠡᠬᠦ ᠲᠣᠪᠴᠢ ᠳᠦᠷᠢᠮ ᠳᠤ ᠯᠠᠪᠯᠠᠭᠠᠷᠠᠢ ︵ᠠᠰᠠᠭᠤᠨ ᠯᠠᠪᠯᠠᠬᠤ ᠰᠦᠯᠵᠢᠶ᠎ᠡ᠄ ᠥᠪᠥᠷ ᠮᠣᠩᠭᠤᠯ ᠤᠨ ᠬᠥᠮᠥᠨ ᠤ ᠬᠦᠴᠦᠨ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠤᠷᠠᠭ ᠵᠠᠩᠭᠢ ᠶᠢᠨ ᠰᠦᠯᠵᠢᠶ᠎ᠡ ︵www.nm12333.cn)᠂ ᠥᠪᠥᠷ ᠮᠣᠩᠭᠤᠯ ᠤᠨ ᠴᠢᠳᠠᠪᠤᠷᠢᠲᠠᠨ ᠤ ᠰᠦᠯᠵᠢᠶ᠎ᠡ ︵www.nmgrc.com.cn)᠂ ᠥᠪᠥᠷ ᠮᠣᠩᠭᠤᠯ ᠤᠨ ᠠᠵᠢᠯᠲᠠᠨ ᠤ ᠰᠢᠯᠭᠠᠯᠲᠠ ᠶᠢᠨ ᠰᠤᠷᠠᠭ ᠵᠠᠩᠭᠢ ᠶᠢᠨ ᠰᠦᠯᠵᠢᠶ᠎ᠡ ︵www.impta.com)᠂ ᠥᠪᠥᠷ ᠮᠣᠩᠭᠤᠯ ᠤᠨ ᠳᠡᠭᠡᠳᠦ ᠰᠤᠷᠭᠠᠭᠤᠯᠢ  ᠲᠡᠭᠦᠰᠦᠭᠰᠡᠳ ᠲᠤ ᠠᠵᠢᠯ ᠣᠯᠭᠤᠬᠤ ᠰᠤᠷᠠᠭ ᠵᠠᠩᠭᠢ ᠶᠢᠨ ᠰᠦᠯᠵᠢᠶ᠎ᠡ ︵www.nmbys.com︶᠂ ᠥᠪᠥᠷ ᠮᠣᠩᠭᠤᠯ ᠤᠨ ᠰᠠᠶᠢᠨ ᠳᠤᠷᠠᠴᠤᠳ ᠤᠨ ᠰᠦᠯᠵᠢᠶ᠎ᠡ www.nmgzyz.org.cn)᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号