ᠭᠠᠳᠠᠭᠠᠲᠤ ᠲᠠᠢ ᠬᠤᠯᠪᠤᠭᠳᠠᠭᠰᠠᠨ ᠬᠤᠳᠠᠯᠳᠤᠭᠠᠨ ᠤ ᠤᠷᠠᠨ ᠵᠢᠷᠤᠭ ᠤᠨ ᠪᠦᠲᠦᠭᠡᠯ ᠤᠨ ᠦᠵᠡᠰᠭᠦᠯᠡᠩ ᠤᠨ ᠠᠵᠢᠯᠯᠠᠭ᠎ᠠ  ᠡᠷᠬᠢᠯᠡᠬᠦ ᠶᠢ ᠬᠢᠨᠠᠬᠤ
ᠨᠡᠶᠢᠲᠡᠯᠡᠭᠰᠡᠨ ᠴᠠᠭ᠄
2015/2/10
      ᠵᠠᠰᠠᠭ ᠵᠠᠬᠢᠷᠭᠠᠨ ᠢᠶᠠᠷ ᠵᠦᠪᠰᠢᠶᠡᠷᠡᠭᠦᠯᠬᠦ ᠵᠦᠢᠯᠡᠰ ᠤᠨ ᠨᠡᠷᠡᠶᠢᠳᠦᠯ᠄ ᠭᠠᠳᠠᠭᠠᠲᠤ ᠲᠠᠢ ᠬᠤᠯᠪᠤᠭᠳᠠᠭᠰᠠᠨ ᠬᠤᠳᠠᠯᠳᠤᠭᠠᠨ ᠤ ᠤᠷᠠᠨ ᠵᠢᠷᠤᠭ ᠤᠨ ᠪᠦᠲᠦᠭᠡᠯ ᠤᠨ ᠦᠵᠡᠰᠭᠦᠯᠡᠩ ᠤᠨ ᠠᠵᠢᠯᠯᠠᠭ᠎ᠠ ᠡᠷᠬᠢᠯᠡᠬᠦ ᠶᠢ ᠬᠢᠨᠠᠬᠤ       ᠲᠦᠷᠦᠯ ᠵᠦᠢᠯ ᠤᠨ ᠳ᠋ᠤᠭᠠᠷ᠄       ᠬᠠᠤᠯᠢ ᠪᠠᠷ ᠲᠤᠭᠲᠠᠭᠠᠭᠰᠠᠨ ᠬᠡᠷᠡᠭᠵᠢᠬᠦᠯᠬᠦ ᠭᠤᠤᠯ ᠴᠤᠭᠴᠠ᠄ ᠦᠪᠡᠷᠲᠡᠭᠡᠨ ᠵᠠᠰᠠᠬᠤ ᠤᠷᠤᠨ ᠤ ᠰᠤᠶᠤᠯ ᠤᠨ ᠲᠢᠩᠬᠢᠮ       ᠬᠠᠷᠢᠭᠤᠴᠠᠯᠭ᠎ᠠ ᠡᠬᠦᠷᠭᠡᠯᠡᠭᠰᠡᠨ ᠭᠠᠵᠠᠷ ᠬᠡᠷ᠄ ᠰᠤᠶᠤᠯ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠭᠠᠵᠠᠷ       ᠵᠠᠰᠠᠭ ᠵᠠᠬᠢᠷᠭᠠᠨ ᠤ ᠵᠦᠪᠰᠢᠶᠡᠷᠡᠯ ᠤᠯᠭᠤᠬᠤ ᠦᠨᠳᠦᠰᠦᠯᠡᠯ᠄《 ᠤᠷᠠᠨ ᠵᠢᠷᠤᠭ ᠤᠨ ᠪᠦᠲᠦᠭᠡᠯ ᠡᠵᠡᠩᠨᠡᠬᠦ ᠬᠠᠮᠢᠶᠠᠷᠤᠯᠲᠠ ᠶᠢᠨ ᠠᠷᠭ᠎ᠠ》       ᠲᠤᠭ᠎ᠠ ᠬᠡᠮᠵᠢᠶᠡᠨ ᠤ ᠬᠢᠵᠠᠭᠠᠷᠯᠠᠯ᠄ ᠦᠭᠡᠢ       ᠵᠠᠰᠠᠭ ᠵᠠᠬᠢᠷᠭᠠᠨ ᠤ ᠵᠦᠪᠰᠢᠶᠡᠷᠡᠯ ᠤᠯᠭᠤᠬᠤ ᠶᠢᠨ ᠰᠦᠢᠳᠭᠡᠯ ᠬᠤᠷᠢᠶᠠᠬᠤ ᠦᠨᠳᠦᠰᠦᠯᠡᠯ᠄ ᠰᠦᠢᠳᠭᠡᠯ ᠬᠤᠷᠢᠶᠠᠬᠤ ᠦᠭᠡᠢ       ᠵᠠᠰᠠᠭ ᠵᠠᠬᠢᠷᠭᠠᠨ ᠤ ᠵᠦᠪᠰᠢᠶᠡᠷᠡᠯ ᠤᠯᠭᠤᠬᠤ ᠶᠢᠨ ᠬᠢᠨᠠᠨ ᠪᠠᠶᠢᠴᠠᠭᠠᠬᠤ ᠪᠦᠬᠦ ᠴᠠᠭ ᠬᠤᠭᠤᠴᠠᠭ᠎ᠠ᠄ 30 ᠠᠵᠢᠯᠯᠠᠬᠤ ᠡᠳᠦᠷ       ᠵᠠᠰᠠᠭ ᠵᠠᠬᠢᠷᠭᠠᠨ ᠤ ᠵᠦᠪᠰᠢᠶᠡᠷᠡᠯ ᠤᠯᠭᠤᠬᠤ ᠳᠡᠰ ᠳᠠᠷᠠᠭᠠᠯᠠᠯ᠄       ᠨᠢᠭᠡ᠂ ᠭᠤᠶᠤᠴᠢᠯᠠᠬᠤ       ︵ᠨᠢᠭᠡ︶ ᠭᠤᠶᠤᠴᠢᠯᠠᠬᠤ ᠨᠦᠬᠦᠴᠡᠯ᠄      1. ᠭᠠᠳᠠᠭᠠᠲᠤ ᠠᠴᠠ ᠤᠷᠤᠭᠤᠯᠬᠤ ᠭᠠᠳᠠᠭᠠᠳᠤ ᠳᠤ ᠭᠠᠷᠭᠠᠬᠤ ᠬᠢᠷᠢ ᠭᠡᠮ ᠲᠠᠢ ᠡᠵᠡᠩᠨᠡᠯᠲᠡ ᠶᠢᠨ ᠨᠢᠭᠡᠴᠡ ᠠᠴᠠ  ᠭᠤᠤᠯᠯᠠᠨ ᠡᠷᠬᠢᠯᠡᠨ᠎ᠡ︔      2. ᠡᠵᠡᠩᠨᠡᠯᠲᠡ ᠶᠢᠨ ᠨᠢᠭᠡᠴᠡ ᠶᠢᠨ ᠨᠡᠷᠡᠶᠢᠳᠦᠯ ᠲᠠᠢ︔      3. ᠵᠤᠬᠢᠴᠠᠩᠭᠤᠢ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠲᠠᠢ︔      4. ᠲᠤᠭᠲᠠᠮᠠᠯ ᠡᠵᠡᠩᠨᠡᠯᠲᠡ ᠶᠢᠨ ᠭᠠᠵᠠᠷ ᠲᠠᠢ︔      5. 300 ᠲᠦᠮᠡᠨ ᠲᠦᠭᠦᠷᠢᠭ ᠤᠨ ᠠᠷᠠᠳ ᠤᠨ ᠵᠤᠭᠤᠰ ᠠᠴᠠ ᠳᠤᠲᠠᠭᠤ ᠦᠭᠡᠢ ᠳᠠᠩᠰᠠᠯᠠᠭᠤᠯᠤᠭᠰᠠᠨ ᠪᠡᠯᠡ ᠮᠦᠡᠭᠭᠦ ᠲᠠᠢ︔      6. ᠵᠤᠬᠢᠴᠠᠩᠭᠤᠢ ᠤᠷᠠᠨ ᠵᠢᠷᠤᠭ ᠤᠨ ᠪᠦᠲᠦᠭᠡᠯ ᠤᠨ ᠡᠵᠡᠩᠨᠡᠯᠲᠡ ᠶᠢᠨ ᠲᠤᠰᠬᠠᠢ ᠮᠡᠷᠭᠡᠵᠢᠯ ᠤᠨ ᠠᠵᠢᠯᠲᠠᠨ ᠲᠠᠢ︔      7.  ᠭᠠᠳᠠᠭᠠᠲᠤ ᠭᠤᠪᠢᠭᠤᠯᠭ᠎ᠠ ᠶᠢᠨ ᠡᠳ᠋ ᠤᠨ ᠶᠠᠪᠤᠳᠠᠯ ᠤᠨ ᠪᠦᠷᠢᠨ ᠲᠡᠭᠦᠯᠳᠡᠷ ᠳᠦᠷᠢᠮ ᠲᠠᠢ︔      8. ᠬᠤᠪᠢ ᠪᠠᠷ ᠢᠶᠠᠨ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠪᠡᠶ᠎ᠡ ᠪᠠᠨ ᠳᠠᠭᠠᠭᠠᠨ ᠡᠭᠦᠷᠭᠡᠯᠡᠬᠦ ᠴᠢᠳᠠᠪᠤᠷᠢ ᠲᠠᠢ︔      9. ᠬᠠᠤᠯᠢ ᠴᠠᠭᠠᠵᠠ᠂ ᠬᠠᠤᠯᠢ ᠲᠤᠭᠲᠠᠭᠠᠯ ᠳᠤ ᠲᠤᠭᠲᠠᠭᠠᠭᠰᠠᠨ ᠪᠤᠰᠤᠳ ᠨᠦᠬᠦᠴᠡᠯ᠃      ︵ᠬᠤᠶᠠᠷ︶ ᠭᠤᠶᠤᠴᠢᠯᠠᠬᠤ ᠨᠦᠬᠦᠴᠡᠯ ᠤᠨ ᠦᠨᠳᠦᠰᠦᠯᠡᠯ᠄《 ᠤᠷᠠᠨ ᠵᠢᠷᠤᠭ ᠤᠨ ᠪᠦᠲᠦᠭᠡᠯ ᠡᠵᠡᠩᠨᠡᠬᠦ ᠬᠠᠮᠢᠶᠠᠷᠤᠯᠲᠠ ᠶᠢᠨ ᠠᠷᠭ᠎ᠠ》᠎ ᠶᠢᠨ ᠲᠠᠪᠤᠳᠤᠭᠠᠷ ᠵᠦᠢᠯ᠂ ᠶᠢᠰᠦᠳᠦᠭᠡᠷ ᠵᠦᠢᠯ᠂ ᠠᠷᠪᠠᠳᠤᠭᠠᠷ ᠵᠦᠢᠯ᠃      ︵ᠭᠤᠷᠪᠠ︶ ᠭᠤᠶᠤᠴᠢᠯᠠᠬᠤ ᠠᠷᠭ᠎ᠠ ᠮᠠᠶ᠋ᠢᠭ᠄ ᠲᠤᠬᠠᠢ ᠶᠢᠨ ᠭᠠᠵᠠᠷ ᠲᠤ ᠭᠤᠶᠤᠴᠢᠯᠠᠨ᠎ᠠ᠃      ︵ᠳᠦᠷᠪᠡ︶ ᠭᠤᠶᠤᠴᠢᠯᠠᠯ ᠤᠨ ᠮᠠᠲ᠋ᠧᠷᠢᠶᠠᠯ᠃      1. ᠭᠤᠤᠯᠯᠠᠨ ᠡᠷᠬᠢᠯᠡᠬᠦ ᠨᠢᠭᠡᠴᠡ ᠶᠢᠨ ᠬᠢᠷᠢ ᠴᠢᠳᠠᠮᠵᠢ ᠶᠢᠨ ᠬᠡᠷᠡᠴᠢ︔      2. ᠦᠵᠡᠰᠭᠦᠯᠡᠩ ᠤᠨ ᠠᠵᠢᠯᠯᠠᠭ᠎ᠠ ᠶᠢᠨ ᠲᠦᠰᠦᠯ︔      3. ᠡᠷᠬᠢᠯᠡᠬᠦ ᠨᠢᠭᠡᠴᠡ ᠬᠢᠭᠡᠳ ᠪᠤᠰᠤᠳ ᠬᠠᠮᠢᠶ᠎ᠠ ᠪᠦᠬᠦᠢ ᠨᠢᠭᠡᠴᠡ ᠯᠦᠭᠡ ᠲᠤᠭᠲᠠᠭᠰᠠᠨ ᠬᠡᠷ᠎ᠡ ᠪᠤᠶᠤ ᠵᠦᠪᠯᠡᠯᠴᠡᠭᠡᠷ︔      4. ᠵᠠᠷᠤᠳᠠᠯ ᠤᠨ ᠲᠦᠰᠦᠪ ᠬᠢᠭᠡᠳ ᠪᠡᠯᠡ ᠮᠦᠡᠭᠭᠦᠨ ᠤ ᠢᠷᠡᠯᠲᠡ ᠶᠢᠨ ᠬᠡᠷᠡᠴᠢ︔      5. ᠲᠠᠯᠠᠪᠤᠷ ᠬᠡᠷᠡᠭᠯᠡᠬᠦ ᠵᠦᠪᠯᠡᠯᠴᠡᠭᠡᠷ︔      6. ᠭᠠᠳᠠᠭᠠᠲᠤ ᠠᠴᠠ ᠳᠤᠮᠳᠠᠲᠤ ᠳᠤ ᠦᠵᠡᠰᠭᠦᠯᠡᠩ ᠳᠤ ᠤᠷᠤᠯᠴᠠᠬᠤ ᠪᠠᠷ ᠢᠷᠡᠬᠦ ᠤᠷᠠᠨ ᠵᠢᠷᠤᠭ ᠤᠨ ᠪᠦᠲᠦᠭᠡᠯ ᠤᠨ ᠨᠡᠷᠡᠰ ᠤᠨ ᠲᠡᠭᠦᠪᠦᠷᠢ᠂ ᠵᠢᠷᠤᠭ ᠪᠠ ᠲᠠᠨᠢᠯᠴᠠᠭᠤᠯᠭ᠎ᠠ︔      7. ᠬᠢᠨᠠᠨ ᠵᠦᠪᠰᠢᠶᠡᠷᠡᠬᠦ ᠰᠠᠯᠠᠭ᠎ᠠ ᠮᠦᠴᠢᠷ ᠤᠨ ᠱᠠᠭᠠᠷᠳᠠᠭᠰᠠᠨ ᠪᠤᠰᠤᠳ ᠮᠠᠲ᠋ᠧᠷᠢᠶᠠᠯ᠃       ︵ᠲᠠᠪᠤ︶ ᠰᠠᠨᠠᠭᠤᠯᠤᠨ ᠴᠢᠬᠤᠯᠠᠴᠢᠯᠠᠬᠤ ᠨᠢ᠄       ᠭᠤᠶᠤᠴᠢᠯᠠᠭᠴᠢ ᠬᠤᠯᠪᠤᠭᠳᠠᠯ ᠪᠦᠬᠦᠢ ᠮᠠᠲ᠋ᠧᠷᠢᠶᠠᠯ ᠢ ᠦᠨᠡᠨ ᠢᠶᠠᠷ ᠲᠤᠰᠢᠶᠠᠬᠤ ᠶᠢᠨ ᠬᠠᠮᠲᠤ ᠮᠠᠲ᠋ᠧᠷᠢᠶᠠᠯ ᠤᠨ ᠦᠨᠡᠨ ᠪᠤᠳᠠᠲᠤ ᠴᠢᠨᠠᠷ ᠲᠤ ᠬᠠᠷᠢᠭᠤᠴᠠᠬᠤ ᠬᠡᠷᠡᠭᠲᠠᠢ᠂ ᠦᠭᠡᠢ ᠪᠤᠯ ᠵᠤᠬᠢᠴᠠᠩᠭᠤᠢ ᠬᠠᠤᠯᠢ ᠴᠠᠭᠠᠵᠠ ᠶᠢᠨ ᠦᠷ᠎ᠡ ᠳ᠋ᠦᠡᠭ ᠢ ᠡᠭᠦᠷᠭᠡᠯᠡᠨ᠎ᠡ᠃       ᠬᠤᠶᠠᠷ᠂ ᠬᠦᠯᠢᠶᠡᠨ ᠠᠪᠬᠤ᠂ ᠬᠢᠨᠠᠨ ᠪᠠᠶᠢᠴᠠᠭᠠᠬᠤ᠂ ᠰᠢᠢᠳᠪᠦᠷᠢ ᠭᠠᠷᠭᠠᠬᠤ ᠶᠢ ᠲᠤᠰ ᠲᠢᠩᠬᠢᠮ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠳᠡᠰ ᠳᠠᠷᠠᠭᠠᠯᠠᠯ ᠤᠨ ᠬᠡᠪᠴᠢᠶ᠎ᠡ ᠶᠤᠰᠤᠭᠠᠷ ᠶᠠᠪᠤᠭᠳᠠᠭᠤᠯᠤᠨ᠎ᠠ᠃       ᠭᠤᠷᠪᠠ᠂ ᠬᠢᠨᠠᠯᠲᠠ ᠲᠠᠯᠪᠢᠨ ᠪᠠᠶᠢᠴᠠᠭᠠᠵᠤ ᠢᠯᠡᠴᠢᠯᠡᠨ ᠮᠡᠳᠡᠭᠦᠯᠬᠦ       ᠵᠦᠪᠰᠢᠶᠡᠷᠡᠯ ᠤᠯᠭᠤᠬᠤ ᠵᠦᠢᠯᠡᠰ ᠤᠨ ᠲᠦᠷᠦ ᠶᠢᠨ ᠪᠤᠳᠤᠯᠭ᠎ᠠ ᠶᠢᠨ ᠯᠠᠪᠯᠠᠯᠭ᠎ᠠ ᠠᠪᠬᠤ ᠳ᠋ᠢᠶᠠᠩᠬᠤᠸᠠ᠄ 0471 — 6283666       ᠲᠤᠰ ᠨᠢᠭᠡᠴᠡ ᠳᠠᠬᠢ ᠢᠯᠡᠴᠢᠯᠡᠨ ᠮᠡᠳᠡᠭᠦᠯᠵᠤ ᠬᠢᠨᠠᠯᠲᠠ ᠲᠠᠯᠪᠢᠬᠤ ᠳ᠋ᠢᠶᠠᠩᠬᠤᠸᠠ᠄ 0471 — 6968470
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号