ᠦᠩᠭᠡᠷᠡᠭᠰᠡᠨ ᠨᠢᠭᠡ ᠵᠢᠯ ᠤᠨ ᠲᠤᠷᠰᠢ᠂ ᠤᠷᠳᠤᠰ ᠬᠤᠳᠠ ᠠᠷᠠᠳ ᠤᠨ ᠠᠮᠢᠳᠤᠷᠠᠯ ᠤᠨ | ᠢᠨᠵᠧᠨᠧᠷᠢᠩ ᠢ ᠨᠡᠩ ᠳᠣᠪᠤᠶᠢᠮ᠎ᠠ ᠪᠠᠶᠢᠷᠢᠨ ᠳᠤ ᠲᠠᠯᠪᠢᠨ ᠠᠳᠬᠤᠵᠤ᠂ ︽ᠠᠷᠠᠳ ᠲᠤ ᠬᠠᠷᠠᠭᠠᠯᠵᠠᠯ ᠦᠵᠡᠭᠦᠯᠬᠦ | ᠠᠷᠪᠠᠨ ᠪᠤᠳᠠᠳᠤ ᠤᠴᠢᠷ︾ ᠪᠠ ︽ᠠᠷᠪᠠ ᠶᠢ ᠪᠦᠷᠬᠦᠭᠦᠯᠬᠦ︾ ᠵᠡᠷᠭᠡ ᠠᠷᠠᠳ ᠤᠨ ᠠᠮᠢᠳᠤᠷᠠᠯ ᠤᠨ ᠢᠨᠵᠧᠨᠧᠷᠢᠩ | ᠤᠨ ᠪᠡᠯᠡ ᠣᠷᠣᠭᠤᠯᠤᠯᠲᠠ ᠶᠢ ᠨᠡᠮᠡᠭᠳᠡᠭᠦᠯᠦᠭᠡᠳ ᠠᠷᠠᠳ ᠤᠨ ᠠᠮᠢᠳᠤᠷᠠᠯ ᠳᠤ ᠣᠷᠣᠭᠤᠯᠤᠭᠰᠠᠨ ᠡᠳ᠋ ᠤᠨ | ᠵᠠᠰᠠᠭ ᠤᠨ ᠵᠠᠷᠤᠯᠭ᠎ᠠ 442 ᠳ᠋ᠦᠩᠰᠢᠭᠤᠷ ᠲᠦᠬᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4. | 6% ᠨᠡᠮᠡᠭᠳᠡᠵᠦ᠂ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ ᠶᠢᠨ 81.6% ᠢ | ᠡᠵᠡᠯᠡᠭᠰᠡᠨ ᠪᠠᠶᠢᠨ᠎ᠠ᠃ | ᠠᠵᠢᠯ ᠣᠯᠭᠤᠯᠲᠠ ᠶᠢ ᠠᠬᠢᠭᠤᠯᠵᠤ᠂ ᠪᠦᠬᠦ ᠬᠤᠲᠠ ᠳᠤ 33934 ᠬᠦᠮᠦᠨ ᠳᠤ ᠰᠢᠨ᠎ᠡ ᠪᠠᠷ | ᠠᠵᠢᠯ ᠣᠯᠭᠤᠵᠤ᠂ ᠡᠭᠦᠷᠭᠡ ᠪᠠᠨ 106% ᠢᠶᠠᠷ ᠪᠡᠶᠡᠯᠡᠭᠦᠯᠦᠭᠰᠡᠨ ᠪᠠᠶᠢᠨ᠎ᠠ᠃ ᠡᠭᠦᠨ ᠳᠤ ᠠᠵᠢᠯ ᠣᠯᠬᠤ ᠳᠤ | ᠬᠦᠴᠢᠷᠲᠠᠢ 3221 ᠬᠦᠮᠦᠨ ᠳᠤ ᠠᠵᠢᠯ ᠲᠣᠬᠢᠷᠠᠭᠤᠯᠵᠤ᠂ ᠠᠵᠢᠯ ᠠᠯᠳᠠᠭᠰᠠᠨ 4068 ᠬᠦᠮᠦᠨ ᠳᠤ ᠳᠠᠬᠢᠨ | ᠠᠵᠢᠯ ᠣᠯᠭᠤᠵᠤ᠂ ᠡᠭᠦᠷᠭᠡ ᠪᠠᠨ ᠲᠤᠰᠪᠤᠷᠢ 107% ᠂ 136% ᠢᠶᠠᠷ ᠪᠡᠶᠡᠯᠡᠭᠦᠯᠵᠠᠢ᠃121797 ᠨᠡᠭᠦᠨ | ᠰᠢᠯᠵᠢᠭᠰᠡᠨ ᠮᠠᠯᠴᠢᠨ ᠲᠠᠷᠢᠶᠠᠴᠢᠨ ᠳᠤ ᠠᠵᠢᠯ ᠣᠯᠭᠤᠵᠤ᠂ ᠬᠤᠲᠠ ᠪᠠᠯᠭᠠᠰᠤ ᠶᠢᠨ ᠠᠵᠢᠯ ᠠᠯᠳᠠᠭᠰᠠᠳ ᠢ | ᠳᠠᠩᠰᠠᠯᠠᠬᠤ ᠨᠣᠷᠮ᠎ᠠ ᠶᠢ 2.61% ᠤᠨ ᠲᠣᠲᠣᠷ᠎ᠠ ᠬᠢᠵᠠᠭᠠᠷᠯᠠᠪᠠ᠃ | ᠦᠢᠯᠡᠰ ᠪᠣᠰᠬᠠᠬᠤ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠨᠥᠬᠦᠴᠡᠯ ᠳᠤ ᠨᠡᠶᠢᠴᠡᠭᠰᠡᠨ | 5314 ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠ 11 ᠪᠠᠭ᠎ᠠ ᠠᠵᠤ ᠠᠬᠤᠶᠢᠯᠠᠯ ᠳᠤ ᠨᠡᠶᠢᠲᠡ 2. | 5 ᠳ᠋ᠦᠩᠰᠢᠭᠤᠷ ᠲᠦᠬᠦᠷᠢᠭ ᠤᠨ ᠪᠠᠭ᠎ᠠ ᠲᠣᠭᠠᠨ ᠤ ᠪᠠᠲᠤᠯᠠᠭᠠᠲᠤ ᠵᠢᠭᠡᠯᠡᠯᠭᠡ ᠲᠠᠯᠪᠢᠵᠤ᠂ ᠪᠦᠬᠦ ᠵᠢᠯ ᠤᠨ | ᠬᠠᠷᠠᠯᠲᠠᠲᠤ ᠡᠭᠦᠷᠭᠡ ᠪᠠᠨ 100% ᠢᠶᠠᠷ ᠪᠡᠶᠡᠯᠡᠭᠦᠯᠪᠡ᠃ ᠪᠦᠬᠦ ᠬᠤᠲᠠ ᠦᠢᠯᠡᠰ ᠪᠣᠰᠬᠠᠬᠤ ᠪᠣᠯᠪᠠᠰᠤᠷᠠᠯ ᠢ185 | ᠬᠤᠭᠤᠴᠠᠭ᠎ᠠ ᠡᠷᠬᠢᠯᠡᠵᠦ᠂ 5264 ᠦᠢᠯᠡᠰ ᠪᠣᠰᠬᠠᠭᠴᠢ ᠤᠷᠤᠯᠴᠠᠵᠤ᠂ ᠪᠣᠯᠪᠠᠰᠤᠷᠠᠯ ᠤᠨ ᠳᠠᠷᠠᠭ᠎ᠠ 4248 | ᠬᠦᠮᠦᠨ ᠦᠢᠯᠡᠰ ᠪᠣᠰᠬᠠᠵᠤ᠂ ᠦᠢᠯᠡᠰ ᠪᠣᠰᠬᠠᠬᠤ ᠪᠠᠷ ᠲᠠᠮᠢᠷᠵᠢᠨ 13072 ᠬᠦᠮᠦᠨ ᠳᠤ ᠠᠵᠢᠯ ᠣᠯᠭᠤᠬᠤ ᠶᠢ | ᠳᠠᠶᠢᠴᠢᠯᠠᠭᠰᠠᠨ ᠪᠠᠶᠢᠨ᠎ᠠ᠃ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠭᠤᠣᠯᠳᠠᠯᠭ᠎ᠠ ᠪᠠᠨ ᠮᠠᠯᠵᠢᠬᠤ ᠲᠠᠷᠢᠶᠠᠯᠠᠬᠤ ᠣᠷᠣᠨ ᠳᠤ | ᠲᠠᠯᠪᠢᠵᠤ᠂ ︽ᠠᠷᠪᠠ ᠶᠢ ᠪᠦᠷᠬᠦᠬᠦᠯᠬᠦ︾ ᠠᠷᠠᠳ ᠤᠨ ᠠᠮᠢᠳᠤᠷᠠᠯ ᠤᠨ ᠢᠨᠵᠧᠨᠧᠷᠢᠩ ᠢ ᠴᠢᠩᠭ᠎ᠠ ᠠᠳᠬᠤᠵᠤ᠂ | ᠭᠤᠷᠪᠠᠨ ᠵᠢᠯ ᠤᠨ ᠳᠤᠲᠤᠷ᠎ᠠ ᠮᠠᠯᠵᠢᠬᠤ ᠲᠠᠷᠢᠶᠠᠯᠠᠬᠤ ᠤᠷᠤᠨ ᠤ 4.74 ᠲᠦᠮᠡᠨ ᠡᠷᠦᠭᠡ ᠶᠢᠨ ᠨᠤᠷᠠᠬᠤ ᠠᠶᠤᠯᠲᠠᠢ | ᠣᠷᠣᠨ ᠰᠠᠭᠤᠴᠠ ᠶᠢ ᠵᠠᠰᠠᠨ ᠰᠢᠨᠡᠳᠬᠡᠬᠦ᠂ 22.65 ᠲᠦᠮᠡᠨ ᠬᠦᠮᠦᠨ ᠤ ᠤᠤᠭᠤᠬᠤ ᠤᠰᠤᠨ ᠤ ᠠᠰᠠᠭᠤᠳᠠᠯ ᠢ | ᠰᠢᠢᠳᠪᠦᠷᠢᠯᠡᠬᠦ᠂ 1687 ᠺᠢᠯᠣᠮᠧᠲᠷ ᠵᠡᠭᠡᠯᠢ ᠶᠢ ᠬᠠᠲᠠᠭᠤᠷᠠᠭᠤᠯᠬᠤ ᠵᠡᠷᠭᠡ ᠬᠠᠷᠠᠯᠲᠠ ᠨᠤᠭᠤᠳ ᠢ ᠲᠣᠭᠲᠠᠭᠠᠵᠤ᠂ | 19.24 ᠳ᠋ᠦᠩᠰᠢᠭᠤᠷ ᠲᠦᠬᠦᠷᠢᠭ ᠤᠨ ᠪᠡᠯᠡ ᠮᠥᠩᠭᠦ ᠵᠠᠷᠤᠴᠠᠭᠤᠯᠵᠠᠢ᠃ ᠰᠤᠷᠭᠠᠨ ᠬᠦᠮᠦᠵᠢᠯ ᠪᠠ ᠡᠮ ᠡᠮᠨᠡᠯᠭᠡ | ᠡᠷᠡᠭᠦᠯ ᠬᠠᠮᠠᠭᠠᠯᠠᠯ ᠤᠨ ᠦᠢᠯᠡᠰ ᠲᠠᠬᠢ ᠪᠡᠯᠡ ᠣᠷᠣᠭᠤᠯᠤᠯᠲᠠ ᠲᠤᠰᠪᠤᠷᠢ 56.5 ᠳ᠋ᠦᠩᠰᠢᠭᠤᠷ ᠲᠦᠬᠦᠷᠢᠭ ᠪᠠ | 26.3 ᠳ᠋ᠦᠩᠰᠢᠭᠤᠷ ᠲᠦᠬᠦᠷᠢᠭ ᠲᠤ ᠬᠦᠷᠦᠭᠰᠡᠨ ᠪᠠᠶᠢᠨ᠎ᠠ᠃ | |