ᠲᠠᠶᠢᠸᠠᠨ ᠤ ᠠᠬ᠎ᠠ ᠳᠡᠭᠦᠦ ᠨᠠᠷ ᠡᠬᠡ ᠬᠠᠭᠤᠷᠠᠢ ᠳᠤ ᠲᠤᠰᠬᠠᠢ ᠠᠰᠢᠭ ᠭᠤᠶᠣᠴᠢᠯᠠᠬᠤ ᠲᠤᠬᠠᠢ ᠮᠡᠳᠡᠪᠡᠰᠦ ᠵᠣᠬᠢᠬᠤ ᠵᠦᠢᠯ
ᠨᠡᠶᠢᠲᠡᠯᠡᠭᠰᠡᠨ ᠴᠠᠭ᠄
2015/2/25
     ᠨᠢᠭᠡ᠂ ᠲᠠᠶᠢᠸᠠᠨ ᠤ ᠠᠬ᠎ᠠ ᠳᠡᠭᠦᠦ ᠨᠠᠷ ᠡᠬᠡ ᠬᠠᠭᠤᠷᠠᠢ ᠶᠢᠨ ᠠᠬ᠎ᠠ ᠳᠡᠭᠦᠦ ᠨᠠᠷ ᠲᠠᠢ ᠠᠳᠠᠯᠢ ᠪᠠᠷ᠂ ᠡᠭᠦᠳᠦᠯᠲᠡ ᠪᠥᠲᠦᠭᠡᠯᠲᠡ ᠪᠠᠨ ᠳᠤᠮᠳᠠᠲᠤ ᠤᠯᠤᠰ ᠤᠨ ᠲᠤᠰᠬᠠᠢ ᠠᠰᠢᠭ ᠤᠨ ᠲᠣᠪᠴᠢᠶ᠎ᠡ ᠳᠤ ᠲᠤᠰᠬᠠᠢ ᠠᠰᠢᠭ ᠭᠤᠶᠤᠴᠢᠯᠠᠵᠤ᠂ ᠲᠤᠰᠬᠠᠢ ᠠᠰᠢᠭ ᠤᠨ ᠬᠠᠮᠠᠭᠠᠯᠠᠯᠲᠠ ᠣᠯᠵᠤ ᠪᠣᠯᠣᠨ᠎ᠠ᠃      ᠬᠤᠶᠠᠷ᠂ ᠲᠠᠶᠢᠸᠠᠨ ᠤ ᠠᠬ᠎ᠠ ᠳᠡᠭᠦᠦ ᠨᠠᠷ ᠳᠤᠮᠳᠠᠲᠤ ᠤᠯᠤᠰ ᠤᠨ ᠲᠤᠰᠬᠠᠢ ᠠᠰᠢᠭ ᠤᠨ ᠲᠣᠪᠴᠢᠶ᠎ᠡ ᠎ ᠳᠤ ᠲᠤᠰᠢᠶᠠᠭᠰᠠᠨ ᠲᠤᠰᠬᠠᠢ  ᠠᠰᠢᠭ  ᠤᠨ  ᠭᠤᠶᠤᠴᠢᠯᠠᠯ  ᠤᠨ  ᠮᠠᠲ᠋ᠧᠷᠢᠶᠠᠯ  ᠎ ᠳᠠᠭᠠᠨ  ︽ᠳᠤᠮᠳᠠᠳᠤ ᠢᠷᠭᠡᠨ ᠤᠯᠤᠰ︾  ᠭᠡᠬᠦ ᠦᠰᠦᠭ ᠢ ᠬᠡᠷᠡᠭᠯᠡᠵᠦ ᠪᠣᠯᠬᠤ ᠦᠭᠡᠢ᠂ ᠬᠠᠷᠢᠨ ︽ᠳᠤᠮᠳᠠᠳᠤ ᠤᠯᠤᠰ ᠤᠨ ᠲᠠᠶᠢᠸᠠᠨ︾ ᠭᠡᠵᠦ ᠬᠡᠷᠡᠭᠯᠡᠬᠦ ᠬᠡᠷᠡᠭᠲᠡᠢ᠃       ᠭᠤᠷᠪᠡ᠂ ᠲᠤᠰᠬᠠᠢ ᠠᠰᠢᠭ ᠤᠨ ᠭᠤᠶᠤᠴᠢᠯᠠᠯ ᠢ ᠭᠦᠢᠴᠡᠳᠬᠡᠬᠦ ᠶᠠᠪᠤᠴᠠ ᠳᠤᠮᠳᠠ᠂ ᠳᠤᠮᠳᠠᠳᠤ ᠤᠯᠤᠰ ᠤᠨ ᠲᠤᠰᠬᠠᠢ ᠠᠰᠢᠭ ᠤᠨ ᠲᠣᠪᠴᠢᠶ᠎ᠡ ᠪᠣᠯᠣᠨ ᠲᠠᠶᠢᠸᠠᠨ ᠤ ᠠᠬ᠎ᠠ ᠳᠡᠭᠦᠦ ᠨᠠᠷ ᠤᠨ ᠲᠤᠰᠬᠠᠢ ᠠᠰᠢᠭ ᠭᠤᠶᠤᠴᠢᠯᠠᠭᠴᠢ ᠶᠢᠨ ᠴᠢᠮᠡᠭᠡ ᠨᠡᠪᠳᠡᠷᠡᠯᠬᠡ ᠶᠢ ᠪᠠᠲᠤᠯᠠᠬᠤ ᠶᠢᠨ ᠲᠥᠯᠦᠭᠡ᠂ ᠲᠠᠶᠢᠸᠠᠨ ᠤ ᠪᠠᠶᠢᠭᠠᠯᠢ ᠬᠥᠮᠦᠨ ᠲᠤᠰᠬᠠᠢ ᠠᠰᠢᠭ ᠭᠤᠶᠤᠴᠢᠯᠠᠬᠤ ᠳᠠᠭᠠᠨ ᠴᠦᠮ ᠳᠤᠮᠳᠠᠲᠤ ᠤᠯᠤᠰ ᠤᠨ ᠲᠤᠰᠬᠠᠢ ᠠᠰᠢᠭ ᠤᠨ ᠲᠣᠪᠴᠢᠶ᠎ᠡ ᠳᠤ ᠪᠦᠷᠢᠳᠬᠡᠭᠦᠯᠦᠭᠰᠡᠨ ᠠᠯᠪᠠᠨ ᠵᠠᠷ ᠤᠨ ᠤᠯᠤᠰ ᠤᠨ ᠲᠣᠲᠣᠭᠠᠳᠤ ᠶᠢᠨ ᠲᠤᠰᠬᠠᠢ ᠠᠰᠢᠭ ᠤᠨ ᠣᠷᠣᠯᠠᠬᠤ ᠪᠠᠶᠢᠭᠤᠯᠤᠮᠵᠢ ᠪᠠᠷ ᠳᠠᠮᠵᠢᠨ ᠭᠦᠢᠴᠡᠳᠬᠡᠨ᠎ᠡ᠃      ᠳᠥᠷᠪᠡ᠂ ᠲᠠᠶᠢᠸᠠᠨ ᠤ ᠬᠠᠦᠯᠢ ᠶᠢᠨ ᠬᠦᠮᠤᠨ ᠨᠢ ᠭᠤᠶᠤᠴᠢᠯᠠᠭᠴᠢ ᠶᠢᠨ ᠬᠤᠪᠢ ᠪᠠᠷ ᠳᠤᠮᠳᠠᠳᠤ ᠤᠯᠤᠰ ᠤᠨ ᠲᠤᠰᠬᠠᠢ ᠠᠰᠢᠭ ᠤᠨ ᠲᠣᠪᠴᠢᠶ᠎ᠡ ᠳᠤ ᠲᠤᠰᠬᠠᠢ ᠠᠰᠢᠭ ᠤᠨ ᠭᠤᠶᠤᠴᠢᠯᠠᠯ ᠳᠤᠷᠠᠳᠬᠤ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠲᠥᠷᠥ ᠶᠢᠨ ᠶᠠᠪᠤᠳᠠᠯ ᠤᠨ ᠬᠤᠷᠢᠶ᠎ᠡ ᠠᠴᠠ ᠡᠷᠬᠡ ᠤᠯᠭᠤᠭᠰᠠᠨ ᠳᠤᠮᠳᠠᠳᠤ ᠤᠯᠤᠰ ᠤᠨ ᠲᠤᠰᠬᠠᠢ ᠠᠰᠢᠭ ᠤᠨ ᠲᠣᠪᠴᠢᠶ᠎ᠡ ᠶᠢᠨ ᠲᠣᠭᠲᠠᠭᠰᠠᠨ ᠲᠤᠰᠬᠠᠢ ᠠᠰᠢᠭ ᠤᠨ ᠣᠷᠣᠯᠠᠬᠤ ᠪᠠᠶᠢᠭᠤᠯᠤᠮᠵᠢ ᠳᠤ ᠨᠡᠶᠢᠳᠠᠵᠤ ᠭᠦᠢᠴᠡᠳᠭᠡᠯᠭᠡᠨ᠎ᠡ᠃      ᠲᠠᠪᠤ᠂ ᠮᠠᠨ ᠤ ᠤᠯᠤᠰ ᠨᠢᠭᠡᠨᠲᠡ ︽ᠠᠵᠤ ᠦᠢᠯᠡᠳᠪᠦᠷᠢ ᠶᠢᠨ ᠥᠮᠴᠢᠯᠡᠬᠦ ᠡᠷᠬᠡ ᠶᠢ ᠬᠠᠮᠠᠭᠠᠯᠠᠬᠤ ᠫᠠᠷᠢ ᠶᠢᠨ ᠭᠡᠷ᠎ᠡ︾᠎ ᠳᠤ ᠤᠷᠤᠯᠴᠠᠪᠠ᠂ ᠲᠠᠶᠢᠸᠠᠨ ᠤ ᠠᠬ᠎ᠠ ᠳᠡᠭᠦᠦ ᠨᠠᠷ ᠡᠬᠡ ᠬᠠᠭᠤᠷᠠᠢ ᠶᠢᠨ ᠠᠬ᠎ᠠ ᠳᠡᠭᠦᠦ ᠨᠠᠷ ᠎ ᠲᠠᠢ ᠠᠳᠠᠯᠢ ᠪᠠᠷ᠂ ︽ᠪᠥᠭᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠲᠤᠰᠬᠠᠢ ᠠᠰᠢᠭ ᠤᠨ ᠬᠠᠦᠯᠢ︾᠎ ᠶᠢᠨ ᠲᠣᠭᠲᠠᠭᠠᠯ ᠢ ᠵᠢᠷᠤᠮᠯᠠᠵᠤ᠂ ᠳᠤᠮᠳᠠᠲᠤ ᠤᠯᠤᠰ ᠤᠨ ᠲᠤᠰᠬᠠᠢ ᠠᠰᠢᠭ ᠤᠨ ᠲᠣᠪᠴᠢᠶ᠎ᠡ ᠳᠤ ᠳᠤᠷᠠᠳᠤᠭᠰᠠᠨ ᠠᠩᠬᠠᠳᠤᠭᠠᠷ ᠤᠳᠠᠭᠠᠨ ᠤ ᠵᠢᠩᠬᠢᠨᠢ ᠭᠤᠶᠤᠴᠢᠯᠠᠯ ᠳᠠᠭᠠᠨ ᠪᠣᠰᠤᠳ ᠤᠯᠤᠰ ᠲᠤ ᠲᠤᠰᠬᠠᠢ ᠠᠰᠢᠭ ᠭᠤᠶᠤᠴᠢᠯᠠᠬᠤ ᠎ ᠠᠴᠠ ᠲᠡᠷᠢᠬᠦᠯᠡᠬᠦ ᠡᠷᠬᠡ ᠶᠢᠨ ᠭᠠᠷᠲᠠᠮ ᠢ ᠭᠦᠢᠴᠡᠳᠭᠡᠬᠦ ᠳᠤ᠂ ᠲᠡᠭᠦᠨ ᠤ ᠲᠤᠰᠢᠶᠠᠭᠰᠠᠨ ᠨᠢ ᠫᠠᠷᠢ ᠶᠢᠨ ᠭᠡᠷ᠎ᠡ ᠶᠢᠨ ᠠᠯᠢ ᠨᠢᠭᠡᠨ ᠬᠡᠰᠢᠭᠦᠨ ᠤᠯᠤᠰ ᠤᠨ ᠲᠤᠰᠢᠶᠠᠭᠰᠠᠨ ᠠᠩᠬᠠᠳᠤᠭᠠᠷ ᠤᠳᠠᠭ᠎ᠠ ᠶᠢᠨ ᠵᠢᠩᠬᠢᠨᠢ ᠭᠤᠶᠤᠴᠢᠯᠠᠯ ᠢᠶᠠᠷ ᠰᠠᠭᠤᠷᠢ ᠪᠣᠯᠭᠠᠵᠤ ᠳᠤᠮᠳᠠᠲᠤ ᠤᠯᠤᠰ ᠤᠨ ᠲᠤᠰᠬᠠᠢ ᠠᠰᠢᠭ ᠤᠨ ᠲᠤᠪᠴᠢᠶ᠎ᠡ ᠳᠤ ᠲᠡᠷᠢᠬᠦᠯᠡᠬᠦ ᠡᠷᠬᠡ ᠤᠯᠬᠤ ᠪᠠᠷ ᠱᠠᠭᠠᠷᠳᠠᠭᠰᠠᠨ ᠪᠤᠯ ᠳᠤᠮᠳᠠᠲᠤ ᠤᠯᠤᠰ ᠤᠨ ᠲᠤᠰᠬᠠᠢ ᠠᠰᠢᠭ ᠤᠨ ᠲᠣᠪᠴᠢᠶ᠎ᠡ ᠬᠦᠯᠢᠶᠡᠨ ᠠᠪᠴᠤ ᠰᠢᠢᠳᠪᠤᠷᠢᠯᠡᠵᠦ ᠦᠭᠬᠦᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号