ᠤᠯᠠᠭᠠᠨᠴᠠᠪ ᠬᠤᠲᠠ ᠦᠪᠤᠷ ᠮᠤᠩᠭᠤᠯ᠂ ᠱᠠᠨᠰᠢ᠂ ᠾᠧᠪᠸᠢ ︵ᠣᠯᠠᠭᠠᠨᠴᠠᠪ᠂ ᠳ᠋ᠠ ᠲᠦᠡᠭ᠂ | ᠴᠢᠭᠤᠯᠤᠯᠳᠦ ᠬᠠᠭᠠᠯᠭ᠎ᠠ︶ ᠶᠢᠨ ᠤᠷᠲᠤ ᠴᠠᠭᠠᠨ ᠬᠡᠷᠡᠮ ᠤᠨ ᠠᠯᠲᠡᠨ ᠭᠤᠷᠪᠠᠯᠵᠢᠨ ᠬᠠᠮᠳᠤᠷᠠᠯᠴᠠᠭᠠᠨ ᠤ ᠤᠷᠥᠨ ᠤ | ᠭᠤᠤᠯ ᠰᠠᠭᠤᠷᠢᠨ ᠢ ᠬᠦᠴᠦᠯᠡᠨ ᠪᠠᠶᠢᠭᠤᠯᠵᠤ ᠪᠠᠶᠢᠨ᠎ᠠ᠃ ᠡᠨᠡ ᠨᠢ ᠦᠪᠦᠷ ᠮᠤᠩᠭᠤᠯ ᠤᠨ ᠪᠠᠷᠠᠭᠤᠨ ᠤᠷᠤᠨ ᠤ | ᠪᠠᠶᠢᠭᠠᠯᠢ ᠶᠢᠨ ᠰᠢᠲᠠᠮᠠᠬᠠᠢ ᠬᠡᠢ ᠶᠢᠨ ᠠᠵᠤ ᠠᠬᠤᠢᠢᠯᠠᠯ ᠠᠴᠠ ᠡ᠊ᠨᠳᠡ ᠪᠡᠯᠡ ᠤᠷᠤᠭᠤᠯᠬᠤ ᠳᠤ ᠰᠢᠯᠢᠳᠡᠭ ᠰᠠᠶᠢᠨ | ᠨᠦᠭᠦᠴᠡᠯ ᠬᠠᠨᠭ᠍ᠭᠠᠪᠠ᠃ | ᠦᠪᠤᠷ ᠮᠤᠩᠭᠤᠯ᠂ ᠱᠠᠨᠰᠢ᠂ ᠾᠧᠪᠸᠢ ᠶᠢᠨ ᠤᠷᠲᠤ ᠴᠠᠭᠠᠨ ᠬᠡᠷᠡᠮ ᠤᠨ ᠠᠯᠲᠡᠨ ᠭᠤᠷᠪᠠᠯᠵᠢᠨ | ᠬᠠᠮᠳᠤᠷᠠᠯᠴᠠᠭᠠᠨ ᠤ ᠤᠷᠥᠨ ᠤ ᠠᠩᠬᠠᠳᠤᠭᠠᠷ ᠤᠳᠠᠭ᠎ᠠ ᠶᠢᠨ ᠬᠤᠯᠪᠤᠭᠠᠲᠤ ᠬᠤᠷᠠᠯ ᠤᠨ ᠵᠤᠷᠢᠭ ᠰᠠᠨᠠᠭ᠎ᠠ ᠶᠢ | ᠲᠤᠤᠱᠯᠠᠭᠤᠯᠤᠨ᠂ ᠦᠪᠤᠷ ᠮᠤᠩᠭᠤᠯ᠂ ᠱᠠᠨᠰᠢ᠂ ᠾᠧᠪᠸᠢ ᠶᠢᠨ ᠨᠢᠭᠡ ᠴᠤᠭᠴᠠᠵᠢᠯᠲᠠ ᠶᠢᠨ ᠬᠦᠭᠵᠢᠯᠲᠡ ᠶᠢ ᠪᠦᠬᠦ | ᠲᠠᠯ᠎ᠠ ᠪᠠᠷ ᠠᠬᠢᠭᠤᠯᠬᠤ ᠶᠢᠨ ᠲᠦᠯᠤᠭᠡ ᠦᠪᠤᠷ ᠮᠤᠩᠭᠤᠯ ᠤᠨ ᠪᠠᠷᠠᠭᠤᠨ ᠤᠷᠤᠨ ᠤ ᠪᠠᠶᠢᠭᠠᠯᠢ ᠶᠢᠨ ᠰᠢᠲᠠᠮᠠᠬᠠᠢ | ᠬᠡᠢ ᠶᠢᠨ ᠬᠢᠵᠠᠭᠠᠷᠲᠤ ᠺᠤᠮᠫᠠᠨᠢ ︽ᠦᠪᠤᠷ ᠮᠤᠩᠭᠤᠯ᠂ ᠱᠠᠨᠰᠢ᠂ ᠾᠧᠪᠸᠢ ᠶᠢᠨ ᠤᠷᠲᠤ ᠴᠠᠭᠠᠨ ᠬᠡᠷᠡᠮ ᠤᠨ ᠠᠯᠲᠡᠨ | ᠭᠤᠷᠪᠠᠯᠵᠢᠨ ᠬᠠᠮᠳᠤᠷᠠᠯᠴᠠᠭᠠᠨ ᠤ ᠤᠷᠥᠨ ᠤ ᠪᠠᠶᠢᠭᠠᠯᠢ ᠶᠢᠨ ᠰᠢᠲᠠᠮᠠᠬᠠᠢ ᠬᠡᠢ ᠶᠢᠨ ᠪᠠᠷᠢᠯᠭ᠎ᠠ ᠶᠢᠨ ᠪᠦᠲᠤᠭᠡᠨ | ᠪᠠᠶᠢᠭᠤᠯᠤᠯᠲᠠ ᠶᠢᠨ ᠶᠡᠷᠤᠩᠬᠡᠢ ᠲᠦᠯᠤᠪᠵᠢᠭᠦᠯᠬᠡ︾ ︵2014 — 2020 ᠤᠨ︶ ᠶᠢ ᠲᠤᠭᠲᠠᠭᠠᠨ | ᠬᠡᠷᠡᠭᠵᠢᠭᠦᠯᠪᠡ᠃ ᠲᠤᠰ ᠲᠦᠯᠤᠪᠵᠢᠭᠦᠯᠭᠡ ᠬᠡᠷᠡᠭᠵᠢᠭᠦᠯᠦᠭᠳᠡᠭᠰᠡᠨ ᠠᠴᠠ ᠦᠪᠤᠷ ᠮᠤᠩᠭᠤᠯ᠂ ᠱᠠᠨᠰᠢ᠂ ᠾᠧᠪᠸᠢ ᠶᠢᠨ | ᠤᠷᠲᠤ ᠴᠠᠭᠠᠨ ᠬᠡᠷᠡᠮ ᠤᠨ ᠠᠯᠲᠡᠨ ᠭᠤᠷᠪᠠᠯᠵᠢᠨ ᠬᠠᠮᠳᠤᠷᠠᠯᠴᠠᠭᠠᠨ ᠤ ᠤᠷᠥᠨ ᠨᠢ ᠪᠦᠬᠦ ᠤᠯᠤᠰ ᠲᠤ ᠠᠩᠬᠠᠳᠠᠭᠴᠢ | ᠬᠤᠰᠢᠭᠤ ᠰᠢᠶᠠᠨ ᠤ ᠬᠤᠭᠤᠷᠤᠨᠳᠤ ᠦᠨᠳᠤᠷ ᠳᠠᠷᠤᠴᠠᠲᠤ ᠳᠠᠮᠵᠢᠭᠤᠯᠬᠤ ᠬᠤᠭᠤᠯᠠᠢ ᠨᠡᠪᠲᠡᠷᠡᠭᠰᠡᠨ ᠤᠷᠤᠨ ᠪᠤᠯᠵᠤ᠂ | ᠮᠦᠨᠴᠤ ᠪᠦᠬᠦ ᠤᠯᠤᠰ ᠲᠤ ᠠᠩᠬᠠᠳᠠᠭᠴᠢ CNG ︵ᠲᠠᠷᠤᠰᠢᠭᠤᠯᠤᠬᠰᠠᠨ ᠪᠠᠶᠢᠭᠠᠯᠢ ᠶᠢᠨ ᠰᠢᠳᠠᠮᠠᠬᠠᠢ ᠬᠡᠢ︶ | ᠦᠷᠲᠡᠭᠡ ᠬᠢᠭᠡᠳ LNG ︵ᠰᠢᠳᠠᠮᠠᠬᠠᠢ ᠬᠡᠢ ᠶᠢ ᠰᠢᠩᠭᠡᠨᠵᠢᠭᠦᠯᠬᠦ︶ ᠦᠷᠲᠡᠭᠡ ᠶᠢ ᠪᠠᠶᠢᠭᠤᠯᠤᠬᠰᠠᠨ ᠳᠦᠷᠢᠮᠵᠢᠭᠰᠡᠨ | ᠂ ᠬᠡᠪᠴᠢᠶᠡᠵᠢᠭᠰᠡ ᠤᠷᠤᠨ ᠪᠦᠭᠡᠤᠨ ᠪᠦᠬᠦ ᠤᠯᠤᠰ ᠤᠨ ᠬᠠᠮᠤᠭ ᠤᠨ ᠲᠤᠮᠤ LNG ᠪᠤᠬᠢᠷᠳᠤᠯ ᠦᠭᠡᠢ | ᠡᠨᠧᠷᠬᠢ ᠶᠢᠨ ᠰᠠᠭᠤᠷᠢᠨ ᠪᠤᠯᠬᠤ ᠪᠤᠯᠤᠨ᠎ᠠ᠃ | ᠦᠪᠤᠷ ᠮᠤᠩᠭᠤᠯ᠂ ᠱᠠᠨᠰᠢ᠂ ᠾᠧᠪᠸᠢ ᠤᠷᠲᠤ ᠴᠠᠭᠠᠨ ᠬᠡᠷᠡᠮ ᠤᠨ ᠠᠯᠲᠡᠨ ᠭᠤᠷᠪᠠᠯᠵᠢᠨ | ᠬᠠᠮᠳᠤᠷᠠᠯᠴᠠᠭᠠᠨ ᠤ ᠤᠷᠥᠨ ᠨᠢ ᠪᠡᠬᠡᠵᠢᠩ᠂ ᠲᠢᠶᠠᠨᠵᠢᠨ᠂ ᠾᠧᠪᠸᠢ ᠶᠢᠨ ᠨᠢᠭᠡ ᠴᠤᠭᠴᠠᠵᠢᠯᠲᠠ ᠶᠢᠨ | ᠬᠦᠭᠵᠢᠯᠲᠡ ᠶᠢᠨ ᠤᠷᠥᠨ ᠬᠢᠭᠡᠳ ᠬᠦᠬᠡᠬᠤᠲᠡ᠂ ᠪᠤᠭᠤᠲᠤ᠂ ᠤᠷᠳᠤᠰ ᠬᠠᠮᠳᠤᠷᠠᠯᠴᠠᠭᠠᠨ ᠤ ᠤᠷᠥᠨ ᠤ | ᠦᠷᠬᠦᠯᠵᠢᠯᠡᠯ ᠪᠠ ᠭᠦᠨᠵᠡᠭᠡᠶᠢᠷᠡᠯ ᠮᠦᠨ᠃ ᠤᠯᠠᠭᠠᠨᠴᠠᠪ ᠬᠤᠲᠠ ᠨᠢ ᠡᠨᠡᠬᠦ ᠠᠵᠢᠯ ᠢ ᠤᠨᠴᠠᠭᠠᠢᠢᠯᠡᠨ ᠴᠢᠬᠤᠯᠠᠴᠢᠯᠡᠨ | ᠠᠤᠨᠬᠤᠵᠤ ᠶᠠᠭ ᠢᠳᠡ ᠬᠦᠭ ᠲᠠᠢ ᠶᠠᠪᠤᠭᠳᠠᠭᠤᠯᠵᠤ ᠪᠠᠶᠢᠨ᠎ᠠ᠃ |