ᠤᠢᠢᠷ᠎ᠠ ᠳᠤ᠂ ᠤᠯᠤᠰ ᠤᠨ ᠬᠦᠳᠡᠭᠡ ᠠᠵᠤ ᠠᠬᠤᠢ ᠶᠢᠨ ᠶᠠᠮᠤᠨ ᠠᠴᠠ ᠲᠦᠡᠭᠯᠢᠶᠤᠤ ᠬᠤᠲᠠ ᠶᠢ | 2014 ᠤᠨ ᠤ ᠪᠦᠬᠦ ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠲᠤᠮᠤ ᠬᠤᠲᠠ ᠪᠠᠷ ᠨᠡᠷᠡᠶᠢᠳᠪᠡ᠃ | 2012 ᠤᠨ ᠠᠴᠠ ᠡᠬᠢᠯᠡᠵᠦ ᠬᠦᠳᠡᠭᠡ ᠠᠵᠤ ᠠᠬᠤᠢ ᠶᠢᠨ ᠶᠠᠮᠤᠨ ᠠᠴᠠ ᠠᠮᠤ ᠪᠤᠳᠠᠭᠠᠨ ᠤ | ᠦᠢᠯᠡᠳᠪᠦᠷᠢᠯᠡᠯ ᠤᠨ ᠲᠤᠮᠤ ᠬᠤᠲᠠ ᠶᠢ ᠬᠦᠬᠢᠬᠦᠯᠦᠨ ᠱᠠᠩᠨᠠᠭᠰᠠᠨ ᠠᠴᠠ ᠨᠠᠰᠢ᠂ ᠲᠦᠡᠭᠯᠢᠶᠤᠤ ᠬᠤᠲᠠ ᠨᠢᠬᠡᠨᠲᠡ | ᠭᠤᠷᠪᠠᠨ ᠵᠢᠯ ᠳᠠᠷᠠᠭᠠᠯᠠᠨ ᠪᠦᠬᠦ ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠲᠤᠮᠤ ᠬᠤᠲᠠ ᠪᠠᠷ | ᠦᠨᠡᠯᠡᠭᠳᠡᠵᠦ ᠪᠤᠢ᠃ ᠡᠬᠦᠨ ᠤ ᠬᠠᠮᠲᠤ᠂ ᠬᠤᠷᠴᠢᠨ ᠲᠤᠭᠤᠷᠢᠭ᠂ ᠬᠤᠷᠴᠢᠨ ᠵᠡᠬᠦᠨ ᠭᠠᠷᠤᠨ ᠳᠤᠮᠳᠠᠳᠤ | ᠬᠤᠰᠢᠭᠤ ᠶᠢ 2014 ᠤᠨ ᠤ ᠪᠦᠬᠦ ᠤᠯᠤᠰ ᠤᠨ ᠠᠮᠤ ᠪᠤᠳᠠᠭᠠᠨ ᠤ ᠲᠤᠮᠤ ᠰᠢᠶᠠᠨ ᠢᠶᠠᠷ ᠨᠡᠷᠡᠶᠢᠳᠴᠦ᠂ | ᠲᠦᠡᠭᠯᠢᠶᠤᠤ ᠬᠤᠲᠠ ᠶᠢᠨ ᠲᠠᠷᠢᠶᠠᠯᠠᠩ ᠤᠨ ᠮᠡᠷᠭᠡᠵᠢᠯ ᠲᠡᠯᠭᠡᠷᠡᠬᠦᠯᠬᠦ ᠦᠷᠲᠡᠭᠡ ᠶᠢᠨ ᠯᠢ ᠶᠢᠨ ᠴᠢᠨ ᠨᠦᠬᠦᠷ 2014 | ᠤᠨ ᠤ ᠪᠦᠬᠦ ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠳᠤᠪᠤᠶᠢᠮ᠎ᠠ ᠬᠤᠪᠢ ᠨᠡᠮᠡᠷᠢ ᠦᠵᠡᠬᠦᠯᠦᠭᠰᠡᠨ | ᠲᠠᠷᠢᠶᠠᠯᠠᠩ ᠤᠨ ᠮᠡᠷᠭᠡᠵᠢᠯᠲᠡᠨ ᠢᠶᠠᠷ ᠦᠨᠡᠯᠡᠭᠳᠡᠵᠦ᠂ ᠵᠠᠷᠤᠳ ᠬᠤᠰᠢᠭᠤᠨ ᠤ ᠦᠨᠡᠬᠡᠴᠢ ᠮᠠᠯᠵᠢᠯ ᠤᠨ ᠲᠠᠯᠠᠪᠠᠢ ᠶᠢᠨ | ᠲᠠᠪᠤᠳᠤᠭᠠᠷ ᠬᠤᠪᠢᠶᠠᠷᠢ ᠲᠠᠯᠠᠪᠠᠢ ᠶᠢᠨ ᠵᠢᠶᠠ ᠪᠤᠤ ᠵᠦ ᠪᠤᠯᠤᠨ ᠺᠠᠶᠢᠯᠤ ᠰᠢᠶᠠᠨ ᠤ ᠰᠢᠶᠤᠤ ᠵᠢᠶᠧ ᠵᠢᠢ ᠪᠠᠯᠭᠠᠰᠤ ᠶᠢᠨ | ᠹᠥ᠋ ᠢᠤᠢ ᠼᠦᠨ ᠲᠤᠰᠬᠤᠨ ᠤ ᠸᠠᠩ ᠮᠢᠨ 2014 ᠤᠨ ᠤ ᠪᠦᠬᠦ ᠤᠯᠤᠰ ᠤᠨ ᠠᠮᠤ ᠪᠤᠳᠠᠭᠠᠨ ᠤ ᠲᠤᠮᠤ | ᠡᠷᠦᠬᠡ ᠪᠠᠷ ᠦᠨᠡᠯᠡᠭᠳᠡᠵᠡᠢ᠃ | 2014 ᠤᠨ ᠳᠤ ᠲᠦᠡᠭᠯᠢᠶᠤᠤ ᠬᠤᠲᠠ ᠶᠢᠨ ᠠᠮᠤ ᠪᠤᠳᠠᠭᠠᠨ ᠤ ᠶᠡᠷᠦᠩᠭᠡᠢ ᠬᠤᠷᠢᠶᠠᠯᠲᠠ 132. | 61 ᠳ᠋ᠦᠡᠭᠰᠢᠭᠤᠷ ᠵᠢᠩ ᠳᠤ ᠬᠦᠷᠴᠦ᠂ ᠠᠷᠪᠠᠨ ᠨᠢᠬᠡᠨ ᠵᠢᠯ ᠳᠠᠷᠠᠭᠠᠯᠠᠨ ᠠᠮᠤ ᠪᠤᠳᠠᠭ᠎ᠠ ᠶᠢᠨ ᠬᠤᠷᠢᠶᠠᠯᠲᠠ | ᠨᠡᠮᠡᠭᠳᠡᠬᠦ ᠶᠢ ᠪᠡᠶᠡᠯᠡᠬᠦᠯᠵᠡᠢ᠃ |