ᠰᠤᠷᠪᠤᠯᠵᠢᠯᠠᠭᠴᠢ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠤᠢᠢᠯᠠᠭᠠᠭᠰᠠᠨ ᠢᠶᠠᠷ᠂ ᠪᠠᠶᠠᠨᠨᠠᠭᠤᠷ | ᠬᠤᠲᠠ ᠶᠢᠨ 9 ᠤᠯᠤᠰ ᠤᠨ ᠦᠮᠴᠢᠯᠡᠯ ᠤᠨ ᠠᠮᠤ ᠪᠤᠳᠠᠭᠠᠨ ᠤ ᠠᠵᠤ ᠠᠬᠤᠢᠢᠯᠠᠯ ᠤᠢᠢᠷ᠎ᠠ ᠶᠢᠨ ᠡᠳᠦᠷ ᠠᠴᠠ | ᠡᠬᠢᠯᠡᠨ ᠤᠯᠤᠰ ᠤᠨ ᠲᠦᠷ ᠴᠠᠭ ᠤᠨ ᠨᠦᠭᠡᠴᠡᠯᠡᠬᠦ ᠡᠷᠳᠡᠨᠢ ᠰᠢᠰᠢ ᠶᠢ ᠬᠤᠳᠠᠯᠳᠤᠨ ᠠᠪᠴᠤ᠂ ᠰᠢᠯᠭᠠᠨ | ᠪᠠᠶᠢᠴᠠᠭᠠᠬᠤ ᠪᠠᠷᠢᠮᠵᠢᠶ᠎ᠠ ᠶᠢ ᠴᠢᠩᠭ᠎ᠠ ᠲᠤᠭᠲᠠᠭᠠᠨ᠂ ᠬᠤᠳᠠᠯᠳᠤᠨ ᠠᠪᠴᠤ ᠨᠦᠭᠡᠴᠡᠯᠡᠬᠦ ᠠᠵᠢᠯ ᠨᠢ ᠡᠮᠬᠢ | ᠲᠢᠭᠯᠢᠮ ᠲᠠᠢ ᠶᠠᠪᠤᠭᠳᠠᠵᠤ ᠪᠠᠶᠢᠨ᠎ᠠ᠃ | ᠡᠳᠡᠭᠡᠷ ᠠᠵᠤ ᠠᠬᠤᠢᠢᠯᠠᠯ ᠤᠳ ᠡᠷᠳᠡᠨᠢ ᠰᠢᠰᠢ ᠬᠤᠳᠠᠯᠳᠤᠨ ᠠᠪᠴᠤ ᠨᠦᠭᠡᠴᠡᠯᠡᠬᠦ ᠬᠤᠭᠤᠴᠠᠭᠠᠨ ᠳᠤ | ᠂ ᠬᠤᠲᠠ ᠶᠢᠨ ᠠᠮᠤ ᠪᠤᠳᠠᠭᠠᠨ ᠤ ᠲᠤᠪᠴᠢᠶ᠎ᠠ ᠠᠴᠠ ᠠᠮᠤ ᠪᠤᠳᠠᠭ᠎ᠠ ᠬᠤᠳᠠᠯᠳᠤᠨ ᠠᠪᠴᠤ ᠨᠦᠭᠡᠴᠡᠯᠡᠬᠦ ᠲᠤᠰᠬᠠᠢ | ᠪᠠᠶᠢᠴᠠᠭᠠᠬᠤ ᠲᠤᠭᠤᠢᠢᠯᠠᠩ ᠪᠠᠶᠢᠭᠤᠯᠵᠤ᠂ ᠡᠳᠡᠭᠡᠷ ᠠᠵᠤ ᠠᠬᠤᠢᠢᠯᠠᠯ ᠤᠳ ᠤᠨ ᠤᠯᠤᠰ ᠤᠨ ᠲᠦᠷ ᠴᠠᠭ ᠤᠨ | ᠨᠦᠭᠡᠴᠡᠯᠡᠬᠦ ᠡᠷᠳᠡᠨᠢ ᠰᠢᠰᠢ ᠶᠢ ᠬᠤᠳᠠᠯᠳᠤᠨ ᠠᠪᠬᠤ ᠴᠢᠨᠠᠷ ᠤᠨ ᠪᠠᠷᠢᠮᠵᠢᠶ᠎ᠠ᠂ ᠲᠠᠷᠢᠶᠠᠴᠢᠳ ᠢ ᠮᠡᠬᠡᠯᠡᠵᠦ ᠬᠠᠭᠤᠷᠴᠤ | ᠪᠠᠶᠢᠬᠤ ᠡᠰᠡᠭᠦ᠂ ᠡᠪᠦᠯ ᠤᠨ ᠤᠯᠠᠷᠢᠯ ᠤᠨ ᠠᠶᠤᠯᠬᠦᠢ ᠦᠢᠯᠡᠳᠪᠦᠷᠢᠯᠡᠯ᠂ ᠠᠮᠤᠷ ᠲᠦᠪᠰᠢᠨ ᠢᠶᠠᠷ ᠠᠮᠤ ᠪᠤᠳᠠᠭ᠎ᠠ | ᠬᠠᠳᠠᠭᠠᠯᠠᠬᠤ ᠬᠠᠷᠢᠭᠤᠴᠠᠯᠭ᠎ᠠ ᠵᠡᠷᠭᠡ ᠲᠠᠯ᠎ᠠ ᠪᠠᠷ ᠨᠠᠷᠢᠨ ᠬᠢᠨᠠᠮᠠᠭᠠᠢ ᠪᠠᠶᠢᠴᠠᠭᠠᠵᠦ ᠪᠤᠢ᠃ |